ᠮᠢᠩᠭᠠᠨ ᠪᠠᠯᠭᠠᠰᠣ ᠮᠣᠳᠣ ᠲᠠᠷᠢᠵᠣ  ᠣᠷᠴᠢᠨ ᠠᠬᠤᠢ ᠢᠶᠠᠨ ᠰᠠᠶᠢᠵᠢᠷᠠᠭᠤᠯᠵᠣ ᠪᠠᠶᠢᠨ᠎ᠠ
ᠨᠡᠶᠢᠲᠡᠯᠡᠭᠰᠡᠨ ᠴᠠᠭ᠄
2022/4/13
    ᠤᠷᠢᠬᠠᠨ ᠬᠠᠪᠤᠷ ᠤᠨ 4 ᠰᠠᠷ᠎ᠠ  ᠳᠤ᠂  ᠣᠷᠠᠳ ᠤᠨ ᠡᠮᠦᠨᠡᠲᠤ ᠬᠤᠰᠢᠭᠤᠨ ᠤ ᠮᠢᠩᠭᠠᠨ ᠪᠠᠯᠭᠠᠰᠣ ᠶᠢᠨ ᠬᠢᠨ ᠮᠣᠳᠣ ᠳᠠᠷᠢᠬᠤ ᠲᠣᠬᠢᠷᠠᠮᠵᠢᠲᠠᠢ ᠴᠠᠭ ᠢ ᠠᠰᠢᠭᠯᠠᠨ᠂ ᠪᠥᠬᠦ ᠪᠠᠯᠭᠠᠰᠤᠨ ᠤ 30 ᠭᠠᠷᠤᠶ ᠺᠠᠳ᠋ᠷ ᠢ ᠵᠣᠬᠢᠶᠠᠨ ᠪᠠᠶᠢᠭᠤᠯᠵᠤ ᠳᠣᠯᠣᠨᠣ ᠶᠢᠨ ᠬᠦᠷᠢᠶᠡᠯᠡᠩ ᠳᠤ ᠬᠠᠪᠤᠷ ᠤᠨ ᠤᠯᠠᠷᠢᠯ ᠤᠨ ᠠᠯᠪᠠᠨ ᠵᠢᠷᠤᠮ ᠤᠨ ᠮᠣᠳᠣ ᠳᠠᠷᠢᠬᠤ ᠠᠵᠢᠯᠯᠠᠭ᠎ᠠ ᠥᠷᠨᠢᠭᠦᠯᠵᠦ᠂ ᠪᠣᠳᠠᠲᠤ ᠠᠵᠢᠯᠯᠠᠭ᠎ᠠ ᠪᠠᠷ ᠢᠶᠠᠨ ᠪᠣᠬᠢᠷᠲᠤᠯ ᠥᠬᠡᠶ ᠬᠥᠭᠵᠢᠯᠲᠡ ᠶᠢᠨ ᠣᠶᠢᠯᠠᠭᠠᠭᠳᠠᠬᠤᠨ ᠢ ᠦᠢᠯᠡᠳᠦᠯᠭᠡᠵᠢᠭᠦᠯᠦᠨ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠳᠤ ᠬᠦᠴᠦᠨ ᠨᠡᠮᠡᠷᠢᠯᠡᠪᠡ᠃    ᠳᠣᠯᠣᠨᠣ ᠶᠢᠨ ᠬᠦᠷᠢᠶᠡᠯᠡᠩ ᠤᠨ ᠮᠣᠳᠣ ᠲᠠᠷᠢᠵᠤ ᠣᠶᠢᠵᠢᠭᠤᠯᠬᠤ ᠴᠡᠭ ᠲᠤ᠂ ᠺᠠᠳ᠋ᠷᠴᠤᠳ ᠣᠷᠭᠢᠯᠤᠮ᠎ᠠ ᠬᠠᠯᠠᠭᠤᠨ ᠰᠡᠳᠬᠢᠯᠭᠡ ᠪᠠᠷ ᠲᠠᠪᠤᠨ ᠬᠥᠮᠦᠨ ᠨᠢᠭᠡ ᠳᠤᠭᠤᠶᠢᠯᠠᠩ ᠪᠣᠯᠵᠣ᠂ ᠵᠠᠷᠢᠮ ᠨᠢ ᠴᠢᠬᠢ ᠮᠣᠳᠣ ᠰᠠᠭᠤᠯᠭᠠᠨ᠂ ᠵᠠᠷᠢᠮ ᠨᠢ ᠰᠢᠷᠣᠢ ᠨᠡᠮᠡᠵᠦ᠂ ᠭᠤᠭᠴᠤᠭ᠎ᠠ ᠪᠦᠷᠢ ᠶᠢ ᠡᠮᠬᠢ ᠵᠢᠷᠤᠮ ᠲᠠᠢ ᠵᠣᠯᠭᠠᠭᠤᠯᠵᠤ᠂ ᠤᠤᠯ ᠤᠨ ᠠᠲᠠᠷᠰᠢᠭᠰᠠᠨ ᠨᠤᠲᠤᠭ ᠳᠡᠪᠢᠰᠬᠡᠷ ᠳᠡᠭᠡᠷ᠎ᠡ ︽ᠰᠢᠨ᠎ᠡ ᠬᠤᠪᠴᠠᠰᠤ︾ ᠰᠣᠯᠢᠵᠤ᠂ ᠦᠵᠡᠰᠬᠦᠯᠡᠩᠲᠦ ᠰᠠᠶᠢᠬᠠᠨ ᠦᠵᠡᠮᠵᠢ ᠶᠢᠨ ᠣᠷᠣᠨ ᠢ ᠪᠣᠯᠭᠠᠪᠠ᠃ ᠡᠨᠡ ᠵᠢᠯ ᠮᠢᠩᠭᠠᠨ ᠪᠠᠯᠭᠠᠰᠤ   ᠳᠣᠯᠣᠨᠣ ᠶᠢᠨ ᠬᠦᠷᠢᠶᠡᠯᠡᠩ ᠢ ᠠᠯᠪᠠᠨ ᠵᠢᠷᠤᠮ ᠤᠨ ᠮᠣᠳᠣ ᠳᠠᠷᠢᠬᠤ ᠭᠤᠤᠯ ᠲᠠᠯᠠᠪᠤᠷ ᠢᠶᠠᠨ ᠪᠣᠯᠭᠠᠵᠤ᠂ ᠰᠢᠨ᠎ᠡ ᠪᠠᠷ ᠳᠠᠷᠢᠬᠤ ᠪᠠ ᠨᠥᠬᠦᠵᠦ ᠳᠠᠷᠢᠬᠤ ᠶᠢ ᠵᠡᠷᠭᠡ ᠪᠠᠷ ᠠᠳᠬᠤᠵᠣ᠂ ᠪᠥᠲᠥᠭᠡᠨ ᠪᠠᠶᠢᠭᠤᠯᠬᠤ ᠪᠠ ᠬᠠᠮᠢᠶᠠᠷᠴᠤ ᠬᠠᠮᠠᠭᠠᠯᠠᠬᠤ ᠶᠢ ᠵᠡᠷᠭᠡ ᠪᠠᠷ  ᠴᠢᠬᠤᠴᠢᠯᠠᠨ᠂ ᠪᠥᠬᠦ ᠪᠠᠯᠭᠠᠰᠤ ᠪᠠᠷ ᠢᠶᠠᠨ ᠳᠠᠶᠢᠴᠢᠯᠠᠵᠤ᠂ ᠪᠥᠬᠦ ᠠᠷᠠᠳ ᠢᠶᠠᠷ ᠢᠶᠠᠨ ᠬᠥᠳᠡᠯᠦᠯᠴᠡᠨ᠂ ᠪᠥᠬᠦ ᠨᠡᠶᠢᠭᠡᠮ ᠢᠶᠠᠷ ᠢᠶᠠᠨ ᠣᠷᠣᠯᠴᠠᠵᠤ᠂ ︽ᠭᠤᠤᠯᠳᠠᠯᠭ᠎ᠠ ᠲᠠᠢ ᠪᠠᠶᠢᠷᠢᠰᠢᠭᠤᠯᠵᠤ᠂ ᠪᠥᠬᠦ ᠲᠠᠯ᠎ᠠ ᠪᠠᠷ ᠳᠡᠭᠡᠭᠰᠢᠯᠡᠭᠦᠯᠬᠦ︾ ᠠᠵᠢᠯ ᠤᠨ ᠰᠡᠳᠬᠢᠴᠡ ᠶᠣᠰᠣᠭᠠᠷ 8800 ᠭᠠᠷᠤᠶ ᠳᠣᠯᠣᠨᠣ ᠶᠢᠨ ᠮᠣᠳᠣ ᠳᠠᠷᠢᠪᠠ᠃    ᠲᠠᠷᠠᠭᠠᠴᠢ ᠶᠢᠨ ᠠᠯᠬᠤᠮ ᠳᠤ᠂ ᠮᠢᠩᠭᠠᠨ ᠪᠠᠯᠭᠠᠰᠤ ᠪᠣᠬᠢᠷᠲᠤᠯ ᠥᠬᠡᠶ ᠬᠥᠭᠵᠢᠯᠲᠡ ᠶᠢᠨ ᠣᠶᠢᠯᠠᠭᠠᠭᠳᠠᠬᠤᠨ ᠢ ᠦᠷᠭᠦᠯᠵᠢᠯᠡᠨ ᠪᠠᠷᠢᠮᠲᠠᠯᠠᠵᠤ᠂ ᠥᠷᠭᠡᠨ ᠣᠯᠠᠨ ᠨᠠᠮ ᠤᠨ ᠭᠡᠰᠢᠭᠦᠨ ᠣᠯᠠᠨ ᠲᠦᠮᠡᠨ ᠤ ︽ᠨᠣᠭᠤᠭᠠᠷᠠᠭᠤᠯᠤᠯᠲᠠ ᠶᠢ ᠳᠠᠷᠢᠬᠤ᠂ ᠨᠣᠭᠤᠭᠠᠷᠠᠭᠤᠯᠤᠯᠲᠠ ᠶᠢ ᠬᠠᠶᠢᠷᠠᠯᠠᠬᠤ᠂ ᠨᠣᠭᠤᠭᠠᠷᠠᠭᠤᠯᠤᠯᠲᠠ ᠶᠢ ᠬᠠᠮᠠᠭᠠᠯᠠᠬᠤ︾ ᠠᠮᠢ ᠠᠬᠤᠶ ᠶᠢᠨ ᠪᠣᠯᠪᠠᠰᠤᠨ ᠤ ᠤᠬᠠᠮᠰᠠᠷ ᠢ ᠴᠢᠩᠭᠠᠳᠬᠠᠵᠤ᠂ ᠪᠣᠬᠢᠷᠲᠤᠯ ᠥᠬᠡᠶ ᠦᠷᠭᠦᠯᠵᠢᠯᠡᠬᠦᠶᠢᠴᠡ ᠬᠥᠭᠵᠢᠯᠲᠡ ᠶᠢᠨ ᠠᠮᠢ ᠠᠬᠤᠶ ᠶᠢᠨ ᠰᠠᠭᠤᠷᠢ ᠶᠢ ᠲᠠᠰᠤᠷᠠᠯᠲᠠ ᠥᠬᠡᠶ ᠪᠠᠬᠢᠵᠢᠭᠦᠯᠵᠦ᠂ ᠠᠮᠢ ᠠᠬᠤᠶ ᠶᠢᠨ ᠠᠰᠢᠭ ᠲᠤᠰᠠ ᠶᠢ  ᠪᠠᠳᠠᠷᠠᠭᠤᠯᠣᠨ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠳᠤ ᠬᠦᠴᠦᠨ ᠨᠡᠮᠡᠷᠢᠯᠡᠵᠦ᠂ ᠠᠵᠤ ᠠᠬᠤᠶ ᠨᠡᠶᠢᠭᠡᠮ ᠤᠨ ᠬᠥᠭᠵᠢᠯᠲᠡ ᠶᠢᠨ ︽ᠠᠮᠢ ᠠᠬᠤᠶ ᠶᠢᠨ ᠪᠠᠩᠬᠢ︾ ᠶᠢ  ᠪᠠᠬᠢᠵᠢᠭᠦᠯᠬᠦ ᠪᠠᠷ ᠪᠣᠢ᠃
ᠢᠷᠡᠯᠲᠡ᠄ ᠤᠷᠠᠳ ᠤᠨ ᠡᠮᠦᠨᠡᠲᠦ ᠬᠤᠰᠢᠭᠤᠨ ᠤ ᠵᠠᠰᠠᠭ ᠤᠨ ᠣᠷᠳᠤᠨ ᠤ ᠮᠣᠩᠭᠤᠯ ᠰᠦᠯᠵᠢᠶ᠎ᠡ