ᠣᠶᠢᠷ᠎ᠠ ᠳᠤ᠂ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ︽ᠪᠥᠬᠦ ᠣᠷᠣᠨ ᠤ ᠭᠤᠷᠪᠠᠳᠤᠭᠠᠷ ᠤᠳᠠᠭᠠᠨ ᠤ | ᠬᠥᠷᠥᠰᠥ ᠰᠢᠷᠣᠢ ᠶᠢᠨ ᠨᠡᠶᠢᠳᠡᠮ ᠪᠠᠶᠢᠴᠠᠭᠠᠯᠲᠠ ᠶᠢ ᠥᠷᠨᠢᠭᠦᠯᠬᠦ ᠲᠤᠬᠠᠢ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ | ᠣᠷᠳᠣᠨ ᠤ ᠮᠡᠳᠡᠭᠳᠡᠯ︾ ︵ᠳᠣᠷᠣᠭᠰᠢ ︽ᠮᠡᠳᠡᠭᠳᠡᠯ︾ ᠭᠡᠵᠦ ᠲᠣᠪᠴᠢᠯᠠᠨ᠎ᠠ︶ ᠢ ᠳᠠᠷᠤᠮᠠᠯᠯᠠᠨ ᠲᠠᠷᠬᠠᠭᠠᠪᠠ᠂ ᠨᠡᠶᠢᠭᠡᠮ ᠨᠡᠶᠢᠲᠡ ᠶᠢᠨ ︽ᠮᠡᠳᠡᠭᠳᠡᠯ︾ ᠤᠨ ᠬᠠᠮᠢᠶ᠎ᠠ | ᠪᠦᠬᠦᠢ ᠠᠭᠤᠯᠭ᠎ᠠ ᠶᠢ ᠥᠷᠭᠡᠨ ᠢᠶᠠᠷ ᠣᠶᠢᠯᠠᠭᠠᠬᠤ ᠪᠠ ᠵᠥᠪ ᠣᠶᠢᠯᠠᠭᠠᠬᠤ ᠳᠤ ᠲᠥᠬᠦᠮ ᠦᠵᠡᠭᠦᠯᠬᠦ ᠶᠢᠨ ᠲᠤᠰᠠᠳᠠ᠂ ᠡᠳᠦᠭᠡ ᠳᠣᠣᠷᠠᠬᠢ ᠮᠡᠲᠦ ᠲᠠᠶᠢᠯᠤᠮᠵᠢ ᠬᠢᠪᠡ | ᠃ | ᠨᠢᠭᠡ᠂ ︽ᠮᠡᠳᠡᠭᠳᠡᠯ︾ ᠢ ᠳᠠᠷᠤᠮᠠᠯᠯᠠᠨ ᠲᠠᠷᠬᠠᠭᠠᠭᠰᠠᠨ ᠭᠤᠣᠯ ᠠᠬᠤᠢ ᠪᠠᠶᠢᠳᠠᠯ | ︵ᠨᠢᠭᠡ︶ ᠪᠥᠬᠦ ᠣᠷᠣᠨ ᠤ ᠭᠤᠷᠪᠠᠳᠤᠭᠠᠷ ᠤᠳᠠᠭᠠᠨ ᠤ ᠬᠥᠷᠥᠰᠥ ᠰᠢᠷᠣᠢ ᠶᠢᠨ ᠨᠡᠶᠢᠳᠡᠮ ᠪᠠᠶᠢᠴᠠᠭᠠᠯᠲᠠ ᠶᠢᠨ ᠠᠵᠢᠯ ᠢ ᠥᠷᠨᠢᠭᠦᠯᠬᠦ ᠠᠴᠢ ᠬᠤᠯᠪᠣᠭᠳᠠᠯ | ᠬᠥᠷᠥᠰᠥ ᠰᠢᠷᠣᠢ ᠶᠢᠨ ᠨᠡᠶᠢᠳᠡᠮ ᠪᠠᠶᠢᠴᠠᠭᠠᠯᠲᠠ ᠪᠣᠯ ᠬᠥᠷᠥᠰᠥ ᠰᠢᠷᠣᠢ ᠶᠢᠨ ᠲᠥᠷᠥᠯ ᠬᠡᠯᠪᠡᠷᠢ ᠵᠢᠴᠢ ᠲᠠᠷᠬᠠᠯᠲᠠ ᠶᠢᠨ ᠵᠢᠮ᠎ᠡ ᠶᠣᠰᠣ ᠶᠢ ᠪᠠᠶᠢᠴᠠᠭᠠᠨ ᠲᠣᠳᠣᠯᠠᠬᠤ᠂ | ᠬᠥᠷᠥᠰᠥ ᠰᠢᠷᠣᠢ ᠶᠢᠨ ᠡᠬᠢ ᠪᠠᠶᠠᠯᠢᠭ ᠤᠨ ᠲᠤᠭ᠎ᠠ ᠬᠡᠮᠵᠢᠶ᠎ᠡ ᠪᠠ ᠶᠠᠰᠤ ᠴᠢᠨᠠᠷ ᠵᠡᠷᠭᠡ ᠶᠢ ᠪᠠᠶᠢᠴᠠᠭᠠᠨ ᠲᠣᠳᠣᠯᠠᠬᠤ ᠴᠢᠬᠤᠯᠠ ᠠᠷᠭ᠎ᠠ ᠪᠠᠷᠢᠯ ᠪᠣᠯᠣᠨ᠎ᠠ᠂ ᠨᠡᠶᠢᠳᠡᠮ | ᠪᠠᠶᠢᠴᠠᠭᠠᠯᠲᠠ ᠶᠢᠨ ᠦᠷ᠎ᠡ ᠳ᠋ᠦᠩ ᠨᠢ ᠬᠥᠷᠥᠰᠥ ᠰᠢᠷᠣᠢ ᠶᠢ ᠰᠢᠨᠵᠢᠯᠡᠬᠦ ᠤᠬᠠᠭᠠᠨᠴᠢ ᠪᠠᠷ ᠲᠥᠷᠥᠯ ᠬᠤᠪᠢᠶᠠᠬᠤ᠂ ᠲᠥᠯᠥᠪᠵᠢᠭᠦᠯᠦᠨ ᠠᠰᠢᠭᠯᠠᠬᠤ᠂ | ᠬᠥᠷᠥᠰᠥᠵᠢᠭᠦᠯᠦᠨ ᠰᠢᠮᠡᠯᠢᠭᠵᠢᠭᠦᠯᠬᠦ᠂ ᠬᠠᠮᠠᠭᠠᠯᠠᠨ ᠬᠠᠮᠢᠶᠠᠷᠬᠤ ᠵᠡᠷᠭᠡ ᠳᠤ ᠰᠢᠨᠵᠢᠯᠡᠬᠦ ᠤᠬᠠᠭᠠᠨᠴᠢ ᠲᠤᠯᠭᠠᠭᠤᠷᠢᠯᠠᠯ ᠬᠠᠩᠭᠠᠵᠤ ᠪᠣᠯᠬᠤ ᠪᠥᠭᠡᠳ ᠪᠠᠰᠠ ᠠᠵᠤ | ᠠᠬᠤᠢ ᠨᠡᠶᠢᠭᠡᠮ ᠤᠨ ᠠᠮᠢ ᠠᠬᠤᠢ ᠶᠢᠨ ᠪᠦᠲᠦᠭᠡᠨ ᠪᠠᠶᠢᠭᠤᠯᠤᠯᠲᠠ ᠶᠢᠨ ᠴᠢᠬᠤᠯᠠ ᠶᠡᠭᠡ ᠲᠥᠷᠥ ᠶᠢᠨ ᠪᠣᠳᠣᠯᠭ᠎ᠠ ᠶᠢ ᠲᠣᠭᠲᠠᠭᠠᠬᠤ ᠳᠤ ᠰᠢᠢᠳᠪᠦᠷᠢᠲᠦ | ᠪᠣᠳᠣᠯᠭ᠎ᠠ ᠶᠢᠨ ᠦᠨᠳᠦᠰᠦᠯᠡᠯ ᠬᠠᠩᠭᠠᠵᠤ ᠪᠣᠯᠣᠨ᠎ᠠ᠃ | ᠬᠤᠶᠠᠳᠤᠭᠠᠷ ᠤᠳᠠᠭᠠᠨ ᠤ ᠬᠥᠷᠥᠰᠥ ᠰᠢᠷᠣᠢ ᠶᠢᠨ ᠨᠡᠶᠢᠳᠡᠮ ᠪᠠᠶᠢᠴᠠᠭᠠᠯᠲᠠ ︵ᠳᠣᠷᠣᠭᠰᠢ ︽ᠬᠥᠷᠥᠰᠥ ᠰᠢᠷᠣᠢ ᠶᠢᠨ ᠬᠤᠶᠠᠳᠤᠭᠠᠷ ᠨᠡᠶᠢᠳᠡᠮ ᠪᠠᠶᠢᠴᠠᠭᠠᠯᠲᠠ︾ | ᠭᠡᠵᠦ ᠲᠣᠪᠴᠢᠯᠠᠨ᠎ᠠ︶ ᠨᠢ ᠣᠳᠣ ᠠᠴᠠ ᠨᠢᠭᠡᠨᠲᠡ 40 ᠵᠢᠯ ᠤᠨ ᠡᠮᠦᠨ᠎ᠡ ᠶᠠᠪᠤᠭᠳᠠᠵᠤ᠂ ᠬᠠᠮᠢᠶ᠎ᠠ ᠪᠦᠬᠦᠢ ᠲᠤᠭ᠎ᠠ ᠪᠠᠷᠢᠮᠲᠠ ᠨᠢ ᠣᠳᠣᠬᠠᠨ ᠤ ᠲᠠᠷᠢᠶᠠᠯᠠᠩ ᠳᠤ | ᠬᠡᠷᠡᠭᠯᠡᠬᠦ ᠭᠠᠵᠠᠷ ᠤᠨ ᠬᠥᠷᠥᠰᠥ ᠰᠢᠮ᠎ᠡ ᠶᠢᠨ ᠪᠣᠳᠠᠲᠤ ᠪᠠᠶᠢᠳᠠᠯ ᠢ ᠪᠦᠬᠦ ᠲᠠᠯ᠎ᠠ ᠢᠯᠡᠷᠡᠭᠦᠯᠵᠦ ᠴᠢᠳᠠᠬᠤ ᠦᠭᠡᠢ ᠪᠠᠶᠢᠬᠤ ᠲᠤᠯᠠ ᠭᠤᠷᠪᠠᠳᠤᠭᠠᠷ ᠤᠳᠠᠭᠠᠨ ᠤ | ᠬᠦᠷᠦᠰᠦ ᠰᠢᠷᠣᠢ ᠶᠢᠨ ᠪᠠᠶᠢᠴᠠᠭᠠᠯᠲᠠ ᠶᠢᠨ ᠠᠵᠢᠯ ᠢ ᠥᠷᠨᠢᠭᠦᠯᠵᠦ᠂ ᠲᠠᠷᠢᠶᠠᠨ ᠭᠠᠵᠠᠷ ᠲᠤ ︽ᠪᠥᠬᠦ ᠲᠠᠯ᠎ᠠ ᠶᠢᠨ ᠪᠠᠶᠢᠴᠠᠭᠠᠯᠲᠠ︾ ᠬᠢᠵᠦ᠂ ᠬᠥᠷᠥᠰᠥ ᠰᠢᠷᠣᠢ ᠶᠢᠨ | ᠰᠢᠮᠡᠯᠢᠭ ᠴᠢᠨᠠᠷ᠂ ᠰᠢᠨᠵᠢ ᠪᠠᠶᠢᠳᠠᠯ ᠪᠠ ᠠᠰᠢᠭᠯᠠᠯᠲᠠ ᠶᠢᠨ ᠪᠠᠶᠢᠳᠠᠯ ᠵᠡᠷᠭᠡ ᠶᠢ ᠦᠨᠡᠨ ᠪᠣᠳᠠᠲᠠᠢ ᠣᠨᠣᠪᠴᠢᠲᠠᠶ ᠡᠵᠡᠮᠰᠢᠵᠦ᠂ ᠬᠥᠷᠥᠰᠥ ᠰᠢᠷᠣᠢ ᠶᠢᠨ ᠡᠬᠢ | ᠪᠠᠶᠠᠯᠢᠭ ᠢ ᠬᠠᠮᠠᠭᠠᠯᠠᠬᠤ ᠪᠠ ᠠᠰᠢᠭᠯᠠᠬᠤ ᠬᠢᠷᠢ ᠲᠦᠪᠰᠢᠨ ᠢ ᠪᠥᠬᠦ ᠲᠠᠯ᠎ᠠ ᠪᠠᠷ ᠳᠡᠭᠡᠭᠰᠢᠯᠡᠭᠦᠯᠵᠦ᠂ ᠠᠮᠤ ᠪᠤᠳᠠᠭᠠᠨ ᠤ ᠠᠮᠤᠷ ᠲᠦᠪᠰᠢᠨ ᠢ ᠪᠠᠲᠤᠯᠠᠬᠤ᠂ ᠬᠥᠳᠡᠭᠡ | ᠲᠣᠰᠬᠤᠨ ᠤ ᠠᠵᠤ ᠦᠢᠯᠡᠰ ᠤᠨ ᠬᠥᠭᠵᠢᠯ ᠪᠠᠳᠠᠷᠠᠯ ᠪᠠ ᠮᠠᠯᠴᠢᠨ ᠲᠠᠷᠢᠶᠠᠴᠢᠨ ᠤ ᠣᠷᠣᠯᠭ᠎ᠠ ᠶᠢ ᠨᠡᠮᠡᠭᠳᠡᠭᠦᠯᠦᠨ ᠪᠠᠶᠠᠵᠢᠬᠤ ᠶᠢ ᠠᠬᠢᠭᠤᠯᠬᠤ ᠳᠤ ᠰᠠᠭᠤᠷᠢ | ᠲᠤᠯᠭᠠᠭᠤᠷᠢᠯᠠᠯ ᠬᠠᠩᠭᠠᠬᠤ ᠴᠢᠬᠤᠯᠠᠲᠠᠢ ᠪᠠᠶᠢᠨ᠎ᠠ᠃ | ︵ᠬᠤᠶᠠᠷ︶ ︽ᠮᠡᠳᠡᠭᠳᠡᠯ︾ ᠢ ᠳᠠᠷᠤᠮᠠᠯᠯᠠᠨ ᠲᠠᠷᠬᠠᠭᠠᠭᠰᠠᠨ ᠦᠨᠳᠦᠰᠦᠯᠡᠯ | ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ︽ᠭᠤᠷᠪᠠᠳᠤᠭᠠᠷ ᠤᠳᠠᠭᠠᠨ ᠤ ᠬᠥᠷᠥᠰᠥ ᠰᠢᠷᠣᠢ ᠶᠢᠨ ᠨᠡᠶᠢᠳᠡᠮ ᠪᠠᠶᠢᠴᠠᠭᠠᠯᠲᠠ ᠶᠢᠨ | ᠠᠵᠢᠯ ᠢ ᠥᠷᠨᠢᠭᠦᠯᠬᠦ ᠲᠤᠬᠠᠢ ᠮᠡᠳᠡᠭᠳᠡᠯ︾ ᠢ ᠳᠠᠷᠤᠮᠠᠯᠯᠠᠨ ᠲᠠᠷᠬᠠᠭᠠᠬᠤ ᠳᠤ ᠪᠠᠨ ︽ᠭᠤᠷᠪᠠᠳᠤᠭᠠᠷ ᠤᠳᠠᠭᠠᠨ ᠤ ᠬᠥᠷᠥᠰᠥ ᠰᠢᠷᠣᠢ ᠶᠢᠨ ᠨᠡᠶᠢᠳᠡᠮ ᠪᠠᠶᠢᠴᠠᠭᠠᠯᠲᠠ ᠶᠢ | ᠥᠷᠨᠢᠭᠦᠯᠬᠦ ᠲᠤᠬᠠᠢ ᠲᠥᠷᠥ ᠶᠢᠨ ᠶᠠᠪᠤᠳᠠᠯ ᠤᠨ ᠬᠤᠷᠢᠶ᠎ᠠ ᠶᠢᠨ ᠮᠡᠳᠡᠭᠳᠡᠯ︾ ︵ᠲᠥᠷᠥ ᠲᠠᠷᠬᠠᠭᠠᠭᠰᠠᠨ ︹2022︺ 4 ᠳ᠋ᠦ᠋ᠭᠡᠷ ᠲᠣᠭᠠᠲᠤ︶ ᠪᠣᠯᠣᠨ ︽ | ᠭᠤᠷᠪᠠᠳᠤᠭᠠᠷ ᠤᠳᠠᠭᠠᠨ ᠤ ᠪᠥᠬᠦ ᠤᠯᠤᠰ ᠤᠨ ᠬᠥᠷᠥᠰᠥ ᠰᠢᠷᠣᠢ ᠶᠢᠨ ᠨᠡᠶᠢᠳᠡᠮ ᠪᠠᠶᠢᠴᠠᠭᠠᠯᠲᠠ ᠶᠢᠨ ᠠᠵᠢᠯ ᠤᠨ ᠲᠥᠰᠥᠯ︾ ᠤᠨ ᠬᠠᠮᠢᠶ᠎ᠠ ᠪᠦᠬᠦᠢ | ᠪᠠᠶᠢᠷᠢᠯᠠᠭᠤᠯᠤᠯᠲᠠ ᠪᠠ ᠱᠠᠭᠠᠷᠳᠠᠯᠭ᠎ᠠ ᠶᠢ ᠦᠨᠳᠦᠰᠦᠯᠡᠪᠡ᠃ | ᠬᠤᠶᠠᠷ᠂ ︽ᠮᠡᠳᠡᠭᠳᠡᠯ︾ ᠤᠨ ᠭᠤᠣᠯ ᠠᠭᠤᠯᠭ᠎ᠠ | ︵ᠨᠢᠭᠡ︶ ᠨᠡᠶᠢᠳᠡᠮ ᠪᠠᠶᠢᠴᠠᠭᠠᠬᠤ ᠵᠦᠢᠯ | ᠭᠤᠷᠪᠠᠳᠤᠭᠠᠷ ᠤᠳᠠᠭᠠᠨ ᠤ ᠬᠥᠷᠥᠰᠥ ᠰᠢᠷᠣᠢ ᠶᠢᠨ ᠨᠡᠶᠢᠳᠡᠮ ᠪᠠᠶᠢᠴᠠᠭᠠᠯᠲᠠ ᠳᠤ ᠭᠤᠣᠯᠳᠠᠭᠤ ᠪᠥᠬᠦ ᠣᠷᠣᠨ ᠤ ᠲᠠᠷᠢᠶᠠᠨ ᠭᠠᠵᠠᠷ᠂ ᠴᠡᠴᠡᠷᠯᠢᠭᠲᠦ ᠭᠠᠵᠠᠷ᠂ | ᠣᠶᠢᠲᠤ ᠭᠠᠵᠠᠷ᠂ ᠡᠪᠡᠰᠦᠲᠦ ᠭᠠᠵᠠᠷ ᠵᠡᠷᠭᠡ ᠲᠠᠷᠢᠶᠠᠯᠠᠩ ᠳᠤ ᠬᠡᠷᠡᠭᠯᠡᠬᠦ ᠭᠠᠵᠠᠷ ᠪᠣᠯᠣᠨ ᠬᠡᠰᠡᠭ ᠠᠰᠢᠭᠯᠠᠭᠠᠳᠤᠢ ᠭᠠᠵᠠᠷ ᠤᠨ ᠬᠥᠷᠥᠰᠥ ᠰᠢᠷᠣᠢ ᠪᠣᠯᠣᠨ᠎ᠠ᠃ | ᠡᠭᠦᠨ ᠳᠤ ᠣᠶᠢᠲᠤ ᠭᠠᠵᠠᠷ᠂ ᠡᠪᠡᠰᠦᠲᠦ ᠭᠠᠵᠠᠷ ᠲᠤ ᠢᠳᠡᠭᠡᠨ ᠤ ᠦᠢᠯᠡᠳᠪᠦᠷᠢᠯᠡᠯ ᠲᠠᠢ ᠬᠤᠯᠪᠣᠭᠳᠠᠬᠤ ᠭᠠᠵᠠᠷ ᠰᠢᠷᠣᠢ ᠶᠢ ᠭᠤᠣᠯᠳᠠᠯᠭ᠎ᠠ ᠲᠠᠢ ᠪᠠᠶᠢᠴᠠᠭᠠᠵᠤ᠂ | ᠠᠰᠢᠭᠯᠠᠭᠠᠳᠤᠢ ᠭᠠᠵᠠᠷ ᠲᠤ ᠬᠠᠭᠠᠯᠠᠪᠤᠷᠢᠯᠠᠨ ᠲᠠᠷᠢᠶᠠᠯᠠᠵᠤ ᠪᠣᠯᠬᠤ ᠡᠬᠢ ᠪᠠᠶᠠᠯᠢᠭ ᠲᠠᠢ ᠬᠤᠯᠪᠣᠭᠳᠠᠬᠤ ᠭᠠᠵᠠᠷ ᠰᠢᠷᠣᠢ ᠶᠢ ᠭᠤᠣᠯᠳᠠᠯᠭ᠎ᠠ ᠲᠠᠢ ᠪᠠᠶᠢᠴᠠᠭᠠᠨ᠎ᠠ᠂ | ᠵᠢᠱᠢᠶᠡᠯᠡᠪᠡᠯ ᠬᠤᠵᠢᠷᠯᠢᠭ ᠭᠠᠵᠠᠷ ᠵᠡᠷᠭᠡ᠃ | ︵ᠬᠤᠶᠠᠷ︶ ᠨᠡᠶᠢᠳᠡᠮ ᠪᠠᠶᠢᠴᠠᠭᠠᠯᠲᠠ ᠶᠢᠨ ᠬᠠᠷᠠᠯᠲᠠ | 2025 ᠣᠨ ᠪᠣᠯᠬᠤ ᠳᠤ ᠪᠥᠬᠦ ᠣᠷᠣᠨ ᠤ ᠲᠠᠷᠢᠶᠠᠨ ᠭᠠᠵᠠᠷ᠂ ᠴᠡᠴᠡᠷᠯᠢᠭᠲᠦ ᠭᠠᠵᠠᠷ᠂ ᠣᠶᠢᠲᠤ ᠭᠠᠵᠠᠷ᠂ ᠡᠪᠡᠰᠦᠲᠦ ᠭᠠᠵᠠᠷ ᠪᠠ ᠬᠡᠰᠡᠭ ᠠᠰᠢᠭᠯᠠᠭᠠᠳᠤᠢ | ᠭᠠᠵᠠᠷ ᠵᠡᠷᠭᠡ ᠬᠥᠷᠥᠰᠥ ᠰᠢᠷᠣᠢ ᠳᠤ ︽ᠪᠥᠬᠦ ᠲᠠᠯ᠎ᠠ ᠶᠢᠨ ᠪᠠᠶᠢᠴᠠᠭᠠᠯᠲᠠ︾ ᠬᠢᠬᠦ ᠶᠢ ᠪᠡᠶᠡᠯᠡᠭᠦᠯᠵᠦ᠂ ᠬᠥᠷᠥᠰᠥ ᠰᠢᠷᠣᠢ ᠶᠢᠨ ᠰᠢᠮᠡᠯᠢᠭ ᠴᠢᠨᠠᠷ ᠤᠨ ᠪᠠᠶᠢᠳᠠᠯ ᠢ | ᠲᠣᠳᠣᠷᠬᠠᠢ ᠣᠶᠢᠯᠠᠭᠠᠨ᠂ ᠲᠠᠷᠢᠶᠠᠨ ᠭᠠᠵᠠᠷ ᠤᠨ ᠤᠯᠠᠭᠠᠨ ᠱᠤᠭᠤᠮ ᠢ ᠰᠠᠬᠢᠬᠤ᠂ ᠠᠮᠢ ᠠᠬᠤᠢ ᠶᠢᠨ ᠣᠷᠴᠢᠨ ᠲᠣᠭᠤᠷᠢᠨ ᠢ ᠬᠠᠮᠠᠭᠠᠯᠠᠬᠤ᠂ ᠲᠠᠷᠢᠶᠠᠯᠠᠩ ᠤᠨ | ᠦᠢᠯᠡᠳᠪᠦᠷᠢᠯᠡᠯ ᠤᠨ ᠪᠠᠶᠢᠷᠢᠰᠢᠭᠤᠯᠤᠯᠲᠠ ᠶᠢ ᠰᠢᠯᠢᠳᠡᠭᠵᠢᠭᠦᠯᠬᠦ᠂ ᠲᠠᠷᠢᠶᠠᠯᠠᠩ ᠤᠨ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠬᠤ ᠳᠤ ᠪᠠᠲᠤ ᠪᠠᠬᠢ ᠰᠠᠭᠤᠷᠢ | ᠲᠠᠯᠪᠢᠵᠤ ᠥᠭᠭᠦᠨ᠎ᠡ᠃ | ︵ᠭᠤᠷᠪᠠ︶ ᠨᠡᠶᠢᠳᠡᠮ ᠪᠠᠶᠢᠴᠠᠭᠠᠯᠲᠠ ᠶᠢᠨ ᠠᠭᠤᠯᠭ᠎ᠠ | ᠨᠡᠶᠢᠳᠡᠮ ᠪᠠᠶᠢᠴᠠᠭᠠᠯᠲᠠ ᠶᠢᠨ ᠠᠭᠤᠯᠭ᠎ᠠ ᠳᠤ ᠳᠥᠷᠪᠡᠨ ᠲᠠᠯ᠎ᠠ ᠪᠠᠭᠲᠠᠨ᠎ᠠ᠄ ᠨᠢᠭᠡ ᠳᠤ᠂ ᠬᠥᠷᠥᠰᠥ ᠰᠢᠷᠣᠢ ᠶᠢᠨ ᠰᠢᠨᠵᠢ ᠪᠠᠶᠢᠳᠠᠯ ᠤᠨ ᠨᠡᠶᠢᠳᠡᠮ ᠪᠠᠶᠢᠴᠠᠭᠠᠯᠲᠠ | ᠂ ᠡᠭᠦᠨ ᠳᠤ ᠬᠡᠭᠡᠷ᠎ᠡ ᠶᠢᠨ ᠬᠥᠷᠥᠰᠥ ᠰᠢᠷᠣᠢ ᠶᠢᠨ ᠥᠩᠭᠡᠨ ᠳᠠᠪᠬᠤᠷᠭ᠎ᠠ ᠶᠢᠨ ᠥᠯᠢᠭᠡᠷ ᠡᠳ᠋ ᠴᠤᠭᠯᠠᠭᠤᠯᠬᠤ ᠪᠠ ᠬᠥᠷᠥᠰᠥ ᠰᠢᠷᠣᠢ ᠶᠢᠨ ᠹᠢᠽᠢᠺ ᠬᠢᠮᠢ ᠶᠢᠨ ᠰᠢᠨᠵᠢ | ᠪᠠᠶᠢᠳᠠᠯ᠂ ᠠᠮᠢᠳᠤ ᠪᠣᠳᠠᠰ ᠤᠨ ᠰᠢᠨᠵᠢ ᠪᠠᠶᠢᠳᠠᠯ ᠤᠨ ᠭᠦᠢᠴᠡᠳᠬᠡᠯ ᠲᠤᠭ᠎ᠠ ᠶᠢ ᠵᠠᠳᠠᠯᠵᠤ ᠰᠢᠨᠵᠢᠯᠡᠨ ᠰᠢᠯᠭᠠᠬᠤ ᠵᠡᠷᠭᠡ ᠪᠠᠭᠲᠠᠨ᠎ᠠ︔ ᠬᠤᠶᠠᠷ ᠲᠤ᠂ ᠬᠥᠷᠥᠰᠥ | ᠰᠢᠷᠣᠢ ᠶᠢᠨ ᠲᠥᠷᠥᠯ ᠵᠦᠢᠯ ᠤᠨ ᠨᠡᠶᠢᠳᠡᠮ ᠪᠠᠶᠢᠴᠠᠭᠠᠯᠲᠠ᠂ ᠡᠭᠦᠨ ᠳᠤ ᠭᠤᠣᠯ ᠪᠣᠯᠬᠤ ᠬᠥᠷᠥᠰᠥ ᠰᠢᠷᠣᠢ ᠶᠢᠨ ᠲᠥᠷᠥᠯ ᠵᠦᠢᠯ ᠤᠨ ᠣᠭᠲᠣᠯᠣᠭᠠᠰᠤ ᠶᠢ | ᠠᠭᠤᠳᠠᠯᠤᠨ ᠠᠵᠢᠭᠯᠠᠬᠤ᠂ ᠥᠯᠢᠭᠡᠷ ᠠᠪᠴᠤ ᠰᠢᠨᠵᠢᠯᠡᠨ ᠰᠢᠯᠭᠠᠬᠤ ᠵᠡᠷᠭᠡ ᠶᠢ ᠪᠠᠭᠲᠠᠭᠠᠵᠤ᠂ ᠬᠥᠷᠥᠰᠥ ᠰᠢᠷᠣᠢ ᠶᠢᠨ ᠲᠥᠷᠥᠯ ᠵᠦᠢᠯ ᠢ ᠨᠥᠬᠦᠪᠦᠷᠢᠯᠡᠨ | ᠪᠦᠷᠢᠨᠰᠢᠭᠦᠯᠦᠨ᠎ᠡ︔ ᠭᠤᠷᠪᠠ ᠳᠤ᠂ ᠬᠥᠷᠥᠰᠥ ᠰᠢᠷᠣᠢ ᠶᠢᠨ ᠣᠷᠴᠢᠨ ᠲᠣᠭᠤᠷᠢᠨ ᠤ ᠨᠥᠬᠦᠴᠡᠯ ᠤᠨ ᠨᠡᠶᠢᠳᠡᠮ ᠪᠠᠶᠢᠴᠠᠭᠠᠯᠲᠠ᠂ ᠡᠭᠦᠨ ᠳᠤ ᠭᠠᠵᠠᠷ ᠤᠨ ᠪᠠᠶᠢᠴᠠ | ᠭᠠᠵᠠᠷ ᠤᠨ ᠭᠠᠳᠠᠷᠭᠤ᠂ ᠤᠷᠭᠤᠮᠠᠯ ᠤᠨ ᠬᠤᠴᠢᠯᠭ᠎ᠠ ᠶᠢᠨ ᠲᠥᠷᠥᠯ ᠬᠡᠯᠪᠡᠷᠢ᠂ ᠠᠭᠤᠷ ᠠᠮᠢᠰᠬᠤᠯ᠂ ᠤᠰᠤᠨ ᠤ ᠭᠠᠵᠠᠷ ᠰᠢᠨᠵᠢᠯᠡᠭᠡ ᠵᠡᠷᠭᠡ ᠪᠠᠭᠲᠠᠨ᠎ᠠ︔ | ᠳᠥᠷᠪᠡ ᠳᠤ᠂ ᠬᠥᠷᠥᠰᠥ ᠰᠢᠷᠣᠢ ᠶᠢᠨ ᠠᠰᠢᠭᠯᠠᠯᠲᠠ ᠶᠢᠨ ᠪᠠᠶᠢᠳᠠᠯ ᠢ ᠨᠡᠶᠢᠳᠡᠮ ᠪᠠᠶᠢᠴᠠᠭᠠᠨ᠎ᠠ᠂ ᠡᠭᠦᠨ ᠳᠤ ᠰᠠᠭᠤᠷᠢ ᠪᠡᠯᠡᠳᠬᠡᠮᠵᠢ ᠶᠢᠨ ᠨᠥᠬᠦᠴᠡᠯ᠂ ᠲᠠᠷᠢᠮᠠᠯ ᠤᠨ | ᠳᠦᠷᠢᠮ᠂ ᠲᠠᠷᠢᠶᠠᠯᠠᠩ ᠤᠨ ᠦᠢᠯᠡᠳᠪᠦᠷᠢᠯᠡᠯ ᠤᠨ ᠬᠢᠷᠢ ᠲᠦᠪᠰᠢᠨ ᠵᠡᠷᠭᠡ ᠶᠢ ᠪᠠᠭᠲᠠᠭᠠᠨ᠎ᠠ᠃ | ︵ᠳᠥᠷᠪᠡ︶ ᠨᠡᠶᠢᠳᠡᠮ ᠪᠠᠶᠢᠴᠠᠭᠠᠬᠤ ᠠᠷᠭ᠎ᠠ ᠮᠠᠶ᠋ᠢᠭ | ᠤᠯᠤᠰ ᠤᠨ ᠨᠢᠭᠡᠳᠦᠯᠲᠡᠢ ᠠᠵᠢᠯ ᠤᠨ ᠲᠠᠪᠴᠠᠩ᠂ ᠨᠢᠭᠡᠳᠦᠯᠲᠡᠢ ᠮᠡᠷᠭᠡᠵᠢᠯ ᠤᠨ ᠳᠦᠷᠢᠮ᠂ ᠨᠢᠭᠡᠳᠦᠯᠲᠡᠢ ᠠᠵᠢᠯ ᠤᠨ ᠰᠠᠭᠤᠷᠢ ᠵᠢᠷᠤᠭ᠂ ᠨᠢᠭᠡᠳᠦᠯᠲᠡᠢ | ᠦᠯᠢᠭᠡᠷ ᠶᠠᠩᠵᠤ ᠶᠢᠨ ᠴᠡᠭ ᠪᠠᠶᠢᠷᠢᠯᠠᠭᠤᠯᠬᠤ᠂ ᠨᠢᠭᠡᠳᠦᠯᠲᠡᠢ ᠰᠢᠯᠢᠨ ᠰᠣᠩᠭᠤᠵᠤ ᠪᠠᠶᠢᠴᠠᠭᠠᠨ ᠬᠡᠮᠵᠢᠬᠦ ᠪᠠᠶᠢᠭᠤᠯᠤᠮᠵᠢ᠂ ᠨᠢᠭᠡᠳᠦᠯᠲᠡᠢ ᠰᠢᠮᠡᠯᠢᠭ ᠴᠢᠨᠠᠷ ᠢ ᠡᠵᠡᠮᠳᠡᠬᠦ | ᠲᠣᠭᠲᠠᠯᠴᠠᠭᠠᠨ ᠤ ᠰᠠᠭᠤᠷᠢᠨ ᠳᠡᠭᠡᠷ᠎ᠡ᠂ ᠬᠤᠰᠢᠭᠤ ᠰᠢᠶᠠᠨ ᠢᠶᠠᠷ ᠨᠢᠭᠡᠴᠢ ᠪᠣᠯᠭᠠᠨ ᠬᠡᠭᠡᠷ᠎ᠡ ᠶᠢᠨ ᠠᠵᠢᠯ ᠲᠥᠷᠥᠯ ᠤᠨ ᠪᠠᠶᠢᠴᠠᠭᠠᠯᠲᠠ ᠶᠢᠨ ᠦᠯᠢᠭᠡᠷ ᠠᠪᠬᠤ ᠪᠠ | ᠳᠣᠲᠣᠭᠠᠳᠤ ᠠᠵᠢᠯ ᠲᠥᠷᠥᠯ ᠤᠨ ᠰᠢᠯᠭᠠᠨ ᠪᠠᠶᠢᠴᠠᠭᠠᠵᠤ ᠰᠢᠨᠵᠢᠯᠡᠨ ᠰᠢᠯᠭᠠᠬᠤ ᠢ ᠬᠠᠷᠢᠯᠴᠠᠨ ᠤᠶᠠᠯᠳᠤᠭᠤᠯᠬᠤ ᠠᠷᠭ᠎ᠠ ᠮᠠᠶ᠋ᠢᠭ ᠢ ᠠᠪᠴᠤ ᠨᠡᠶᠢᠳᠡᠮ ᠪᠠᠶᠢᠴᠠᠭᠠᠯᠲᠠ | ᠬᠢᠨ᠎ᠡ᠃ | ︵ᠲᠠᠪᠤ︶ ᠨᠡᠶᠢᠳᠡᠮ ᠪᠠᠶᠢᠴᠠᠭᠠᠯᠲᠠ ᠶᠢᠨ ᠠᠬᠢᠴᠠ ᠶᠢᠨ ᠲᠣᠬᠢᠷᠠᠭᠤᠯᠤᠯᠲᠠ | 2022 ᠣᠨ ᠳᠤ ᠭᠤᠷᠪᠠᠳᠤᠭᠠᠷ ᠤᠳᠠᠭᠠᠨ ᠤ ᠬᠥᠷᠥᠰᠥ ᠰᠢᠷᠣᠢ ᠶᠢᠨ ᠪᠠᠶᠢᠴᠠᠭᠠᠯᠲᠠ ᠶᠢᠨ ᠠᠵᠢᠯ ᠢ ᠡᠬᠢᠯᠡᠭᠦᠯᠵᠦ᠂ ᠨᠡᠶᠢᠳᠡᠮ ᠪᠠᠶᠢᠴᠠᠭᠠᠯᠲᠠ ᠶᠢᠨ | ᠲᠤᠷᠰᠢᠯᠲᠠ ᠬᠢᠨ᠎ᠡ︔ 2023 — 2024 ᠣᠨ ᠳᠤ ᠨᠡᠶᠢᠳᠡᠮ ᠪᠠᠶᠢᠴᠠᠭᠠᠯᠲᠠ ᠶᠢ ᠪᠦᠬᠦ ᠲᠠᠯ᠎ᠠ ᠪᠠᠷ ᠡᠬᠢᠯᠡᠭᠦᠯᠦᠨ᠎ᠡ︔ 2025 ᠣᠨ ᠳᠤ ᠦᠷ᠎ᠡ ᠪᠦᠲᠦᠭᠡᠯ ᠢ | ᠬᠤᠷᠢᠶᠠᠩᠭᠤᠶᠢᠯᠠᠵᠤ᠂ ᠰᠢᠯᠭᠠᠨ ᠬᠤᠷᠢᠶᠠᠵᠤ᠂ ᠳ᠋ᠦᠩᠨᠡᠨ᠎ᠡ᠃ | 2022 ᠣᠨ ᠳᠤ᠂ ᠪᠥᠬᠦ ᠣᠷᠣᠨ ᠤ ᠬᠥᠷᠥᠰᠥ ᠰᠢᠷᠣᠢ ᠶᠢᠨ ᠨᠡᠶᠢᠳᠡᠮ ᠪᠠᠶᠢᠴᠠᠭᠠᠯᠲᠠ ᠶᠢᠨ ᠬᠡᠷᠡᠭᠵᠢᠭᠦᠯᠬᠦ ᠲᠥᠰᠥᠯ᠂ ᠣᠨ ᠤ ᠲᠤᠷᠰᠢᠯᠲᠠ ᠶᠢᠨ ᠲᠥᠰᠥᠯ | ᠪᠠ ᠬᠤᠵᠢᠷᠯᠢᠭ ᠭᠠᠵᠠᠷ ᠤᠨ ᠨᠡᠶᠢᠳᠡᠮ ᠪᠠᠶᠢᠴᠠᠭᠠᠯᠲᠠ ᠶᠢᠨ ᠲᠥᠰᠥᠯ ᠢ ᠲᠣᠭᠲᠠᠭᠠᠨ᠎ᠠ︔ ᠲᠠᠪᠤᠨ ᠲᠤᠷᠰᠢᠯᠲᠠ ᠶᠢᠨ ᠬᠤᠰᠢᠭᠤ ᠰᠢᠶᠠᠨ ᠢ ᠵᠣᠬᠢᠶᠠᠨ ᠪᠠᠶᠢᠭᠤᠯᠤᠨ | ᠨᠡᠶᠢᠳᠡᠮ ᠪᠠᠶᠢᠴᠠᠭᠠᠯᠲᠠ ᠶᠢᠨ ᠲᠤᠷᠰᠢᠯᠲᠠ ᠬᠢᠨ᠎ᠡ︔ ᠪᠥᠬᠦ ᠣᠷᠣᠨ ᠤ ᠬᠤᠵᠢᠷᠯᠢᠭ ᠭᠠᠵᠠᠷ ᠤᠨ ᠨᠡᠶᠢᠳᠡᠮ ᠪᠠᠶᠢᠴᠠᠭᠠᠯᠲᠠ ᠶᠢ ᠡᠬᠢᠯᠡᠭᠦᠯᠬᠦ ᠶᠢᠨ ᠬᠠᠮᠲᠤ | ᠪᠡᠶᠡᠯᠡᠭᠦᠯᠦᠨ᠎ᠡ᠃ | 2023 — 2024 ᠣᠨ ᠳᠤ᠂ ᠨᠡᠶᠢᠳᠡᠮ ᠪᠠᠶᠢᠴᠠᠭᠠᠯᠲᠠ ᠶᠢᠨ ᠠᠵᠢᠯ ᠢ ᠪᠥᠬᠦ ᠲᠠᠯ᠎ᠠ ᠪᠠᠷ ᠥᠷᠨᠢᠭᠦᠯᠵᠦ᠂ ᠣᠯᠠᠨ ᠲᠠᠰ ᠳᠠᠪᠬᠤᠷᠭ᠎ᠠ ᠶᠢᠨ ᠮᠡᠷᠭᠡᠵᠢᠯ ᠤᠨ | ᠳᠠᠳᠤᠯᠭ᠎ᠠ ᠪᠣᠯᠪᠠᠰᠤᠷᠠᠯ ᠤᠨ ᠵᠢᠯᠣᠭᠤᠳᠤᠯᠭ᠎ᠠ ᠶᠢ ᠵᠣᠬᠢᠶᠠᠨ ᠪᠠᠶᠢᠭᠤᠯᠤᠨ ᠥᠷᠨᠢᠭᠦᠯᠵᠦ᠂ ᠬᠡᠭᠡᠷ᠎ᠡ ᠶᠢᠨ ᠠᠵᠢᠯ ᠲᠥᠷᠥᠯ ᠤᠨ ᠪᠠᠶᠢᠴᠠᠭᠠᠯᠲᠠ ᠶᠢᠨ ᠥᠯᠢᠭᠡᠷ ᠠᠪᠬᠤ | ᠪᠠ ᠳᠣᠲᠣᠭᠠᠳᠤ ᠠᠵᠢᠯ ᠲᠥᠷᠥᠯ ᠤᠨ ᠰᠢᠯᠭᠠᠨ ᠪᠠᠶᠢᠴᠠᠭᠠᠵᠤ ᠰᠢᠨᠵᠢᠯᠡᠨ ᠰᠢᠯᠭᠠᠬᠤ ᠶᠢ ᠪᠡᠶᠡᠯᠡᠭᠦᠯᠵᠦ᠂ ᠬᠥᠷᠥᠰᠥ ᠰᠢᠷᠣᠢ ᠶᠢᠨ ᠨᠡᠶᠢᠳᠡᠮ ᠪᠠᠶᠢᠴᠠᠭᠠᠯᠲᠠ ᠶᠢᠨ | ᠳ᠋ᠠᠶᠢᠲ᠋ᠠ ᠬᠥᠮᠥᠷᠭᠡ ᠬᠢᠭᠡᠳ ᠥᠯᠢᠭᠡᠷ ᠡᠳ᠋ ᠤᠨ ᠬᠥᠮᠥᠷᠭᠡ ᠶᠢᠨ ᠪᠦᠲᠦᠭᠡᠨ ᠪᠠᠶᠢᠭᠤᠯᠤᠯᠲᠠ ᠶᠢ ᠥᠷᠨᠢᠭᠦᠯᠦᠨ᠂ ᠱᠠᠲᠤ ᠦᠶᠡᠴᠢ ᠴᠢᠨᠠᠷᠲᠠᠢ ᠦᠷ᠎ᠡ ᠪᠦᠲᠦᠭᠡᠯ ᠢ ᠪᠣᠶ | ᠪᠣᠯᠭᠠᠨ᠎ᠠ᠃ ᠬᠡᠭᠡᠷ᠎ᠡ ᠶᠢᠨ ᠠᠵᠢᠯ ᠲᠥᠷᠥᠯ ᠤᠨ ᠪᠠᠶᠢᠴᠠᠭᠠᠯᠲᠠ ᠶᠢᠨ ᠥᠯᠢᠭᠡᠷ ᠠᠪᠬᠤ᠂ ᠳᠣᠲᠣᠭᠠᠳᠤ ᠠᠵᠢᠯ ᠲᠥᠷᠥᠯ ᠤᠨ ᠰᠢᠯᠭᠠᠯᠲᠠ ᠶᠢᠨ ᠰᠢᠨᠵᠢᠯᠡᠨ ᠰᠢᠯᠭᠠᠬᠤ | ᠴᠠᠭ ᠢ 2024 ᠣᠨ ᠤ 11 ᠰᠠᠷ᠎ᠠ ᠶᠢᠨ ᠰᠡᠭᠦᠯᠴᠢ ᠪᠣᠯᠲᠠᠯ᠎ᠠ ᠶᠠᠪᠤᠭᠳᠠᠭᠤᠯᠤᠨ᠎ᠠ᠃ | 2025 ᠣᠨ ᠤ ᠳᠡᠭᠡᠷ᠎ᠡ ᠬᠠᠭᠠᠰ ᠵᠢᠯ ᠳᠤ᠂ ᠨᠡᠶᠢᠳᠡᠮ ᠪᠠᠶᠢᠴᠠᠭᠠᠯᠲᠠ ᠶᠢᠨ ᠦᠷ᠎ᠡ ᠪᠦᠲᠦᠭᠡᠯ ᠢ ᠡᠮᠬᠢᠯᠡᠬᠦ᠂ ᠲᠤᠭ᠎ᠠ ᠪᠠᠷᠢᠮᠲᠠ ᠶᠢ ᠬᠢᠨᠠᠨ ᠬᠠᠷᠭᠤᠭᠤᠯᠬᠤ᠂ | ᠰᠢᠩᠭᠡᠭᠡᠨ ᠣᠷᠣᠭᠤᠯᠬᠤ ᠵᠡᠷᠭᠡ ᠠᠵᠢᠯ ᠢ ᠪᠡᠶᠡᠯᠡᠭᠦᠯᠵᠦ᠂ ᠭᠤᠷᠪᠠᠳᠤᠭᠠᠷ ᠤᠳᠠᠭᠠᠨ ᠤ ᠪᠥᠬᠦ ᠣᠷᠣᠨ ᠤ ᠬᠥᠷᠥᠰᠥ ᠰᠢᠷᠣᠢ ᠶᠢᠨ ᠨᠡᠶᠢᠳᠡᠮ ᠪᠠᠶᠢᠴᠠᠭᠠᠯᠲᠠ ᠶᠢᠨ | ᠦᠨᠳᠦᠰᠦᠨ ᠲᠤᠭ᠎ᠠ ᠪᠠᠷᠢᠮᠲᠠ ᠶᠢ ᠬᠤᠷᠢᠶᠠᠩᠭᠤᠶᠢᠯᠠᠨ ᠪᠦᠷᠢᠯᠳᠦᠭᠦᠯᠦᠨ᠎ᠡ︔ ᠳᠣᠣᠷ᠎ᠠ ᠬᠠᠭᠠᠰ ᠵᠢᠯ ᠳᠤ᠂ ᠨᠡᠶᠢᠳᠡᠮ ᠪᠠᠶᠢᠴᠠᠭᠠᠯᠲᠠ ᠶᠢᠨ ᠦᠷ᠎ᠡ ᠪᠦᠲᠦᠭᠡᠯ ᠢ | ᠰᠢᠯᠭᠠᠨ ᠠᠪᠬᠤ᠂ ᠬᠤᠷᠢᠶᠠᠩᠭᠤᠶᠢᠯᠠᠨ ᠲᠤᠰᠢᠶᠠᠬᠤ ᠪᠠ ᠳ᠋ᠦᠩᠨᠡᠬᠦ ᠶᠢ ᠪᠡᠶᠡᠯᠡᠭᠦᠯᠵᠦ᠂ ᠬᠥᠷᠥᠰᠥ ᠰᠢᠷᠣᠢ ᠶᠢᠨ ᠨᠡᠶᠢᠳᠡᠮ ᠪᠠᠶᠢᠴᠠᠭᠠᠯᠲᠠ ᠶᠢᠨ ᠲᠤᠭ᠎ᠠ ᠪᠠᠷᠢᠮᠲᠠ ᠶᠢᠨ | ᠬᠥᠮᠥᠷᠭᠡ ᠪᠠ ᠥᠯᠢᠭᠡᠷ ᠡᠳ᠋ ᠤᠨ ᠬᠥᠮᠥᠷᠭᠡ ᠶᠢ ᠪᠠᠶᠢᠭᠤᠯᠵᠤ᠂ ᠪᠥᠬᠦ ᠣᠷᠣᠨ ᠤ ᠲᠠᠷᠢᠶᠠᠨ ᠭᠠᠵᠠᠷ ᠤᠨ ᠰᠢᠮᠡᠯᠢᠭ ᠴᠢᠨᠠᠷ ᠤᠨ ᠮᠡᠳᠡᠭᠦᠯᠦᠯᠲᠡ ᠪᠠ ᠪᠥᠬᠦ ᠣᠷᠣᠨ ᠤ | ᠬᠥᠷᠥᠰᠥ ᠰᠢᠷᠣᠢ ᠶᠢᠨ ᠠᠰᠢᠭᠯᠠᠯᠲᠠ ᠶᠢᠨ ᠵᠣᠬᠢᠴᠠᠬᠤ ᠴᠢᠨᠠᠷ ᠤᠨ ᠦᠨᠡᠯᠡᠯᠲᠡ ᠶᠢᠨ ᠮᠡᠳᠡᠭᠦᠯᠦᠯᠲᠡ ᠶᠢ ᠪᠣᠶ ᠪᠣᠯᠭᠠᠨ᠎ᠠ᠃ | ︵ᠵᠢᠷᠭᠤᠭ᠎ᠠ︶ ᠨᠡᠶᠢᠳᠡᠮ ᠪᠠᠶᠢᠴᠠᠭᠠᠯᠲᠠ ᠶᠢᠨ ᠦᠷ᠎ᠡ ᠪᠦᠲᠦᠭᠡᠯ | ᠬᠥᠷᠥᠰᠥ ᠰᠢᠷᠣᠢ ᠶᠢᠨ ᠨᠡᠶᠢᠳᠡᠮ ᠪᠠᠶᠢᠴᠠᠭᠠᠯᠲᠠ ᠶᠢᠨ ᠳ᠋ᠠᠶᠢᠲ᠋ᠠ ᠬᠥᠮᠥᠷᠭᠡ ᠬᠢᠭᠡᠳ ᠥᠯᠢᠭᠡᠷ ᠡᠳ᠋ ᠤᠨ ᠬᠥᠮᠥᠷᠭᠡ ᠶᠢ ᠪᠠᠶᠢᠭᠤᠯᠵᠤ᠂ ᠪᠥᠬᠦ ᠣᠷᠣᠨ ᠤ | ᠲᠠᠷᠢᠶᠠᠨ ᠭᠠᠵᠠᠷ ᠤᠨ ᠰᠢᠮᠡᠯᠢᠭ ᠴᠢᠨᠠᠷ ᠤᠨ ᠮᠡᠳᠡᠭᠦᠯᠦᠯᠲᠡ ᠪᠠ ᠪᠥᠬᠦ ᠣᠷᠣᠨ ᠤ ᠬᠥᠷᠥᠰᠥ ᠰᠢᠷᠣᠢ ᠶᠢᠨ ᠠᠰᠢᠭᠯᠠᠯᠲᠠ ᠶᠢᠨ ᠵᠣᠬᠢᠴᠠᠬᠤ ᠴᠢᠨᠠᠷ ᠤᠨ ᠦᠨᠡᠯᠡᠯᠲᠡ ᠶᠢᠨ | ᠮᠡᠳᠡᠭᠦᠯᠦᠯᠲᠡ ᠶᠢ ᠪᠣᠶ ᠪᠣᠯᠭᠠᠨ᠎ᠠ᠃ | ︵ᠲᠤᠯᠤᠭ᠎ᠠ︶ ᠪᠠᠲᠤᠯᠠᠭ᠎ᠠ ᠶᠢᠨ ᠠᠷᠭ᠎ᠠ ᠬᠡᠮᠵᠢᠶ᠎ᠡ | ᠨᠢᠭᠡ ᠳᠤ᠂ ᠵᠣᠬᠢᠶᠠᠨ ᠪᠠᠶᠢᠭᠤᠯᠤᠯᠲᠠ ᠶᠢᠨ ᠪᠠᠲᠤᠯᠠᠭ᠎ᠠ᠃ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠪᠣᠯ ᠪᠥᠬᠦ ᠣᠷᠣᠨ ᠤ | ᠬᠥᠷᠥᠰᠥ ᠰᠢᠷᠣᠢ ᠶᠢᠨ ᠨᠡᠶᠢᠳᠡᠮ ᠪᠠᠶᠢᠴᠠᠭᠠᠯᠲᠠ ᠶᠢᠨ ᠠᠵᠢᠯ ᠤᠨ ᠬᠠᠷᠢᠭᠤᠴᠠᠯᠭ᠎ᠠ ᠶᠢᠨ ᠭᠤᠣᠯ ᠴᠣᠭᠴᠠ ᠪᠣᠯᠣᠨ᠎ᠠ᠂ ᠥᠪᠡᠷᠲᠡᠭᠡᠨ ᠵᠠᠰᠠᠬᠤ ᠣᠷᠣᠨ ᠤ ᠠᠷᠠᠳ ᠤᠨ | ᠵᠠᠰᠠᠭ ᠤᠨ ᠣᠷᠳᠣᠨ ᠤ ᠭᠤᠷᠪᠠᠳᠤᠭᠠᠷ ᠤᠳᠠᠭᠠᠨ ᠤ ᠬᠥᠷᠥᠰᠥ ᠰᠢᠷᠣᠢ ᠶᠢᠨ ᠨᠡᠶᠢᠳᠡᠮ ᠪᠠᠶᠢᠴᠠᠭᠠᠯᠲᠠ ᠶᠢᠨ ᠤᠳᠤᠷᠢᠳᠬᠤ ᠳᠤᠭᠤᠶᠢᠯᠠᠩ ᠢ ᠵᠣᠬᠢᠶᠠᠨ ᠪᠠᠶᠢᠭᠤᠯᠤᠨ᠎ᠠ᠃ | ᠤᠳᠤᠷᠢᠳᠬᠤ ᠳᠤᠭᠤᠶᠢᠯᠠᠩ ᠤᠨ ᠪᠦᠷᠢᠯᠳᠦᠭᠦᠨ ᠨᠢᠭᠡᠴᠢ ᠨᠦᠭᠦᠳ ᠲᠣᠰ ᠲᠣᠰ ᠤᠨ ᠡᠭᠦᠷᠭᠡ ᠲᠤᠰᠢᠶᠠᠯ ᠢᠶᠠᠨ ᠭᠦᠢᠴᠡᠳᠬᠡᠨ᠂ ᠲᠣᠰ ᠲᠣᠰ ᠤᠨ | ᠬᠠᠷᠢᠭᠤᠴᠠᠯᠭ᠎ᠠ ᠪᠠᠨ ᠭᠦᠢᠴᠡᠳᠬᠡᠵᠦ᠂ ᠬᠦᠴᠦ ᠪᠠᠨ ᠬᠠᠮᠲᠤᠳᠬᠠᠨ ᠬᠠᠮᠵᠢᠯᠴᠠᠵᠤ᠂ ᠨᠢᠭᠲᠠᠷᠠᠨ ᠬᠠᠮᠵᠢᠯᠴᠠᠨ᠂ ᠮᠡᠷᠭᠡᠵᠢᠯ ᠤᠨ ᠵᠢᠯᠣᠭᠤᠳᠤᠯᠭ᠎ᠠ᠂ ᠮᠡᠳᠡᠭᠡ ᠵᠠᠩᠭᠢ ᠶᠢ | ᠬᠠᠮᠲᠤ ᠳᠤ ᠪᠠᠨ ᠭᠥᠷᠳᠡᠬᠦ᠂ ᠶᠠᠰᠤ ᠴᠢᠨᠠᠷ ᠢ ᠡᠵᠡᠮᠳᠡᠬᠦ᠂ ᠵᠠᠷᠤᠳᠠᠯ ᠡᠳ᠋ ᠪᠠᠷᠠᠭ᠎ᠠ ᠶᠢ ᠪᠠᠲᠤᠯᠠᠬᠤ ᠵᠡᠷᠭᠡ ᠠᠵᠢᠯ ᠢ ᠴᠢᠩᠭᠠᠳᠬᠠᠬᠤ ᠬᠡᠷᠡᠭᠲᠡᠢ᠃ ᠠᠶᠢᠮᠠᠭ ᠬᠤᠳᠠ᠂ | ᠬᠤᠰᠢᠭᠤ ᠰᠢᠶᠠᠨ ᠤ ᠡᠯ᠎ᠡ ᠱᠠᠲᠤᠨ ᠤ ᠠᠷᠠᠳ ᠤᠨ ᠵᠠᠰᠠᠭ ᠤᠨ ᠣᠷᠳᠣᠨ ᠪᠣᠯ ᠲᠤᠬᠠᠢ ᠶᠢᠨ ᠭᠠᠵᠠᠷ ᠤᠨ ᠬᠥᠷᠥᠰᠥ ᠰᠢᠷᠣᠢ ᠶᠢ ᠨᠡᠶᠢᠳᠡᠮ ᠪᠠᠶᠢᠴᠠᠭᠠᠬᠤ ᠠᠵᠢᠯ ᠤᠨ | ᠬᠠᠷᠢᠭᠤᠴᠠᠯᠭ᠎ᠠ ᠶᠢᠨ ᠭᠤᠣᠯ ᠴᠣᠭᠴᠠ ᠪᠣᠯᠬᠤ ᠲᠤᠯᠠ᠂ ᠬᠠᠷᠢᠴᠠᠩᠭᠤᠢ ᠪᠦᠬᠦᠢ ᠨᠡᠶᠢᠳᠡᠮ ᠪᠠᠶᠢᠴᠠᠭᠠᠯᠲᠠ ᠶᠢᠨ ᠤᠳᠤᠷᠢᠳᠬᠤ ᠳᠤᠭᠤᠶᠢᠯᠠᠩ ᠬᠢᠭᠡᠳ ᠠᠯᠪᠠᠨ ᠭᠡᠷ ᠢ | ᠵᠣᠬᠢᠶᠠᠨ ᠪᠠᠶᠢᠭᠤᠯᠵᠤ ᠰᠢᠰᠲ᠋ᠧᠮ ᠲᠠᠢ ᠪᠠᠷ ᠲᠥᠯᠥᠪᠯᠡᠵᠦ᠂ ᠨᠢᠭᠡᠳᠦᠯᠲᠡᠢ ᠲᠥᠯᠥᠪᠯᠡᠨ ᠠᠬᠢᠭᠤᠯᠬᠤ ᠬᠡᠷᠡᠭᠲᠡᠢ᠃ | ᠬᠤᠶᠠᠷ ᠲᠤ᠂ ᠮᠡᠷᠭᠡᠵᠢᠯ ᠤᠨ ᠪᠠᠲᠤᠯᠠᠭ᠎ᠠ᠃ ᠨᠡᠶᠢᠳᠡᠮ ᠪᠠᠶᠢᠴᠠᠭᠠᠯᠲᠠ ᠶᠢᠨ ᠮᠡᠷᠭᠡᠵᠢᠯ ᠤᠨ ᠳᠤᠭᠤᠶᠢᠯᠠᠩ ᠪᠣᠯᠣᠨ ᠲᠤᠰᠬᠠᠢ ᠮᠡᠷᠭᠡᠵᠢᠯᠲᠡᠨ ᠤ ᠯᠠᠪᠯᠠᠯᠭ᠎ᠠ ᠥᠭᠬᠦ | ᠳᠤᠭᠤᠶᠢᠯᠠᠩ ᠢ ᠵᠣᠬᠢᠶᠠᠨ ᠪᠠᠶᠢᠭᠤᠯᠤᠨ᠎ᠠ᠃ ᠨᠡᠶᠢᠳᠡᠮ ᠪᠠᠶᠢᠴᠠᠭᠠᠯᠲᠠ ᠶᠢᠨ ᠮᠡᠷᠭᠡᠵᠢᠯ ᠤᠨ ᠳᠤᠭᠤᠶᠢᠯᠠᠩ ᠨᠢ ᠥᠪᠡᠷᠲᠡᠭᠡᠨ ᠵᠠᠰᠠᠭ ᠣᠷᠣᠨ ᠤ ᠲᠠᠷᠢᠶᠠᠯᠠᠩ ᠮᠠᠯ ᠠᠵᠤ | ᠠᠬᠤᠢ ᠶᠢᠨ ᠲᠢᠩᠬᠢᠮ᠂ ᠪᠠᠶᠢᠭᠠᠯᠢ ᠶᠢᠨ ᠡᠬᠢ ᠪᠠᠶᠠᠯᠢᠭ ᠤᠨ ᠲᠢᠩᠬᠢᠮ᠂ ᠤᠰᠤᠨ ᠠᠰᠢᠭᠯᠠᠯᠲᠠ ᠶᠢᠨ ᠲᠢᠩᠬᠢᠮ᠂ ᠤᠢ ᠰᠢᠭᠤᠢ ᠨᠤᠲᠤᠭ ᠪᠡᠯᠴᠢᠭᠡᠷ ᠤᠨ ᠲᠣᠪᠴᠢᠶ᠎ᠠ᠂ | ᠲᠠᠷᠢᠶᠠᠯᠠᠩ ᠤᠨ ᠶᠡᠭᠡ ᠰᠤᠷᠭᠠᠭᠤᠯᠢ᠂ ᠲᠠᠷᠢᠶᠠᠯᠠᠩ ᠮᠠᠯ ᠠᠵᠤ ᠠᠬᠤᠢ ᠶᠢᠨ ᠰᠢᠨᠵᠢᠯᠡᠬᠦ ᠤᠬᠠᠭᠠᠨ ᠤ ᠬᠦᠷᠢᠶᠡᠯᠡᠩ ᠵᠡᠷᠭᠡ ᠨᠢᠭᠡᠴᠢ ᠶᠢᠨ ᠬᠠᠮᠢᠶ᠎ᠠ ᠪᠦᠬᠦᠢ | ᠮᠡᠷᠭᠡᠵᠢᠯ ᠤᠨ ᠠᠵᠢᠯᠲᠠᠨ ᠢᠶᠠᠷ ᠪᠦᠷᠢᠯᠳᠦᠵᠦ᠂ ᠪᠦᠬᠦ ᠣᠷᠣᠨ ᠤ ᠬᠥᠷᠥᠰᠥ ᠰᠢᠷᠣᠢ ᠶᠢᠨ ᠨᠡᠶᠢᠳᠡᠮ ᠪᠠᠶᠢᠴᠠᠭᠠᠯᠲᠠ ᠶᠢᠨ ᠪᠣᠳᠠᠲᠠᠢ ᠬᠡᠷᠡᠭᠵᠢᠭᠦᠯᠬᠦ ᠠᠵᠢᠯ ᠢ | ᠬᠠᠷᠢᠭᠤᠴᠠᠨ᠎ᠠ︔ ᠲᠤᠰᠬᠠᠢ ᠮᠡᠷᠭᠡᠵᠢᠯᠲᠡᠨ ᠤ ᠠᠰᠠᠭᠤᠨ ᠯᠠᠪᠯᠠᠬᠤ ᠳᠤᠭᠤᠶᠢᠯᠠᠩ ᠨᠢ ᠡᠯᠪᠡᠭ ᠪᠠᠶᠠᠯᠢᠭ ᠦᠢᠯᠡᠳᠦᠯᠭᠡ ᠶᠢᠨ ᠲᠤᠷᠰᠢᠯᠭ᠎ᠠ ᠪᠠ ᠬᠠᠮᠢᠶ᠎ᠠ ᠪᠦᠬᠦᠢ ᠲᠤᠰᠬᠠᠢ | ᠮᠡᠷᠭᠡᠵᠢᠯ ᠤᠨ ᠮᠡᠳᠡᠯᠭᠡ ᠲᠠᠢ ᠲᠤᠰᠬᠠᠢ ᠮᠡᠷᠭᠡᠵᠢᠯᠲᠡᠨ ᠢᠶᠠᠷ ᠪᠦᠷᠢᠯᠳᠦᠵᠦ᠂ ᠬᠠᠮᠢᠶ᠎ᠠ ᠪᠦᠬᠦᠢ ᠲᠥᠰᠥᠯ ᠢ ᠬᠢᠨᠠᠨ ᠪᠠᠶᠢᠴᠠᠭᠠᠬᠤ᠂ ᠠᠵᠢᠯ ᠤᠨ ᠳᠤᠮᠳᠠᠬᠢ ᠬᠦᠴᠢᠷ | ᠠᠰᠠᠭᠤᠳᠠᠯ ᠢ ᠰᠢᠢᠳᠪᠦᠷᠢᠯᠡᠬᠦ᠂ ᠮᠡᠷᠭᠡᠵᠢᠯ ᠤᠨ ᠪᠣᠯᠪᠠᠰᠤᠷᠠᠯ ᠬᠢᠬᠦ᠂ ᠲᠤᠬᠠᠢ ᠶᠢᠨ ᠭᠠᠵᠠᠷ ᠲᠤ ᠨᠢ ᠵᠢᠯᠤᠭᠤᠳᠬᠤ ᠵᠡᠷᠭᠡ ᠶᠢ ᠬᠠᠷᠢᠭᠤᠴᠠᠨ᠎ᠠ᠃ | ᠭᠤᠷᠪᠠ ᠳᠤ᠂ ᠵᠠᠷᠤᠳᠠᠯ ᠤᠨ ᠪᠠᠲᠤᠯᠠᠭ᠎ᠠ᠃ ᠲᠣᠰ ᠤᠳᠠᠭᠠᠨ ᠤ ᠬᠥᠷᠥᠰᠥ ᠰᠢᠷᠣᠢ ᠶᠢᠨ ᠨᠡᠶᠢᠳᠡᠮ ᠪᠠᠶᠢᠴᠠᠭᠠᠯᠲᠠ ᠶᠢᠨ ᠵᠠᠷᠤᠳᠠᠯ ᠢ ᠲᠥᠪ ᠤᠨ ᠡᠳ᠋ ᠤᠨ ᠵᠠᠰᠠᠭ | ᠪᠣᠯᠣᠨ ᠣᠷᠣᠨ ᠨᠤᠲᠤᠭ ᠤᠨ ᠡᠳ᠋ ᠤᠨ ᠵᠠᠰᠠᠭ ᠡᠭᠦᠷᠭᠡᠯᠡᠬᠦ ᠠᠵᠢᠯ ᠤᠨ ᠡᠭᠦᠷᠭᠡ ᠪᠠᠷ ᠢᠶᠠᠨ ᠬᠤᠪᠢᠶᠠᠨ ᠡᠭᠦᠷᠭᠡᠯᠡᠨ᠎ᠡ᠃ ᠣᠷᠣᠨ ᠨᠤᠲᠤᠭ ᠤᠨ ᠡᠳ᠋ ᠤᠨ ᠵᠠᠰᠠᠭ ᠨᠢ | ᠲᠣᠰ ᠣᠷᠣᠨ ᠪᠦᠰᠡ ᠶᠢᠨ ᠢᠶᠠᠨ ᠬᠡᠭᠡᠷ᠎ᠡ ᠶᠢᠨ ᠠᠵᠢᠯ ᠲᠥᠷᠥᠯ ᠤᠨ ᠪᠠᠶᠢᠴᠠᠭᠠᠯᠲᠠ ᠶᠢᠨ ᠥᠯᠢᠭᠡᠷ ᠠᠪᠬᠤ᠂ ᠳᠣᠲᠣᠭᠠᠳᠤ ᠠᠵᠢᠯ ᠲᠥᠷᠥᠯ ᠤᠨ ᠰᠢᠯᠭᠠᠨ | ᠪᠠᠶᠢᠴᠠᠭᠠᠵᠤ ᠰᠢᠨᠵᠢᠯᠡᠨ ᠰᠢᠯᠭᠠᠬᠤ᠂ ᠮᠡᠷᠭᠡᠵᠢᠯ ᠤᠨ ᠪᠣᠯᠪᠠᠰᠤᠷᠠᠯ᠂ ᠲᠤᠰᠬᠠᠢ ᠮᠡᠷᠭᠡᠵᠢᠯᠲᠡᠨ ᠤ ᠵᠢᠯᠣᠭᠤᠳᠤᠯᠭ᠎ᠠ ᠦᠢᠯᠡᠴᠢᠯᠡᠭᠡ᠂ ᠲᠤᠭ᠎ᠠ ᠪᠠᠷᠢᠮᠲᠠ ᠶᠢᠨ ᠵᠠᠳᠠᠯᠤᠯᠲᠠ | ᠂ ᠦᠷ᠎ᠡ ᠪᠦᠲᠦᠭᠡᠯ ᠤᠨ ᠬᠤᠷᠢᠶᠠᠩᠭᠤᠶᠢᠯᠠᠯ ᠪᠠ ᠳ᠋ᠠᠶᠢᠲ᠋ᠠ ᠶᠢᠨ ᠬᠥᠮᠥᠷᠭᠡ ᠪᠠ ᠥᠯᠢᠭᠡᠷ ᠡᠳ᠋ ᠤᠨ ᠬᠥᠮᠥᠷᠭᠡ ᠶᠢᠨ ᠪᠠᠶᠢᠭᠤᠯᠤᠯᠲᠠ ᠵᠡᠷᠭᠡ ᠶᠢ ᠬᠠᠷᠢᠭᠤᠴᠠᠨ᠎ᠠ᠃ | ᠣᠷᠣᠨ ᠨᠤᠲᠤᠭ ᠤᠨ ᠡᠯ᠎ᠡ ᠱᠠᠲᠤᠨ ᠤ ᠠᠷᠠᠳ ᠤᠨ ᠵᠠᠰᠠᠭ ᠤᠨ ᠣᠷᠳᠣᠨ ᠨᠤᠭᠤᠳ ᠵᠠᠷᠤᠳᠠᠯ ᠢ ᠵᠣᠬᠢᠬᠤ ᠣᠨ ᠤ ᠲᠥᠰᠥᠪ ᠲᠤ ᠣᠷᠣᠭᠤᠯᠤᠨ ᠪᠠᠲᠤᠯᠠᠬᠤ ᠬᠡᠷᠡᠭᠲᠡᠢ | ᠃ | ᠳᠥᠷᠪᠡ ᠳᠤ᠂ ᠤᠬᠠᠭᠤᠯᠭ᠎ᠠ ᠶᠢᠨ ᠪᠠᠲᠤᠯᠠᠭ᠎ᠠ᠃ ᠰᠣᠨᠢᠨ ᠰᠡᠳᠬᠦᠯ᠂ ᠷᠠᠳᠢᠣ᠋ ᠨᠡᠪᠲᠡᠷᠡᠭᠦᠯᠭᠡ᠂ ᠲᠧᠯᠸᠢᠰ᠂ ᠢᠨᠲ᠋ᠧᠷ ᠰᠦᠯᠵᠢᠶ᠎ᠡ ᠵᠡᠷᠭᠡ ᠵᠠᠭᠤᠴᠢᠯᠠᠭᠤᠷ ᠢ | ᠰᠠᠶᠢᠲᠤᠷ ᠬᠡᠷᠡᠭᠯᠡᠨ᠂ ᠬᠥᠷᠥᠰᠥ ᠰᠢᠷᠣᠢ ᠶᠢᠨ ᠨᠡᠶᠢᠳᠡᠮ ᠪᠠᠶᠢᠴᠠᠭᠠᠯᠲᠠ ᠶᠢᠨ ᠴᠢᠬᠤᠯᠠ ᠠᠴᠢ ᠬᠤᠯᠪᠣᠭᠳᠠᠯ ᠪᠣᠯᠣᠨ ᠱᠠᠭᠠᠷᠳᠠᠯᠭ᠎ᠠ ᠶᠢ ᠥᠷᠭᠡᠨ ᠢᠶᠠᠷ ᠤᠬᠠᠭᠤᠯᠵᠤ᠂ | ᠶᠠᠷᠢᠶ᠎ᠠ ᠬᠡᠯᠡᠯᠴᠡᠭᠡᠨ ᠤ ᠪᠠᠶᠢᠳᠠᠯ ᠢ ᠬᠥᠲᠥᠯᠥᠨ ᠵᠢᠯᠤᠭᠤᠳᠬᠤ ᠶᠢ ᠬᠢᠨᠠᠮᠠᠭᠠᠢ ᠰᠠᠶᠢᠲᠤᠷ ᠬᠢᠵᠦ᠂ ᠨᠡᠶᠢᠳᠡᠮ ᠪᠠᠶᠢᠴᠠᠭᠠᠯᠲᠠ ᠶᠢᠨ ᠠᠵᠢᠯ ᠤᠨ ᠤᠷᠤᠭᠰᠢᠲᠠᠢ | ᠶᠠᠪᠤᠭᠳᠠᠬᠤ ᠳᠤ ᠰᠠᠶᠢᠨ ᠰᠠᠶᠢᠬᠠᠨ ᠨᠡᠶᠢᠭᠡᠮ ᠤᠨ ᠣᠷᠴᠢᠨ ᠠᠬᠤᠢ ᠶᠢ ᠪᠤᠢ ᠪᠣᠯᠭᠠᠵᠤ ᠥᠭᠭᠦᠨ᠎ᠡ᠃ | |