ᠮᠤᠨᠠ ᠠᠭᠤᠯᠠ ᠪᠠᠯᠭᠠᠰᠤᠨ ᠤ ᠳ᠋ᠦᠩ ᠹᠧᠩ ᠨᠢᠬᠡᠳᠦᠬᠡᠷ ᠨᠡᠶᠢᠬᠡᠮ ᠲᠤᠭᠤᠷᠢᠭ ᠲᠤ ᠨᠠᠮ ᠤᠨ ᠡᠳᠦᠷᠯᠢᠭ ᠤᠨ ᠮᠤᠳᠤ ᠲᠠᠷᠢᠬᠤ ᠠᠵᠢᠯᠯᠠᠭ᠎ᠠ ᠦᠷᠨᠢᠬᠦᠯᠪᠡ
ᠨᠡᠶᠢᠲᠡᠯᠡᠭᠰᠡᠨ ᠴᠠᠭ᠄
2022/4/19
    ᠰᠠᠭᠤᠭᠠᠯᠢ ᠠᠷᠠᠳ ᠤᠨ ᠤᠷᠤᠰᠢᠨ ᠰᠠᠭᠤᠷᠢᠰᠢᠬᠤ ᠤᠷᠴᠢᠨ ᠲᠤᠭᠤᠷᠢᠨ ᠢ ᠭᠤᠶᠤᠵᠢᠭᠤᠯᠵᠤ᠂ ᠰᠠᠭᠤᠭᠠᠯᠢ ᠠᠷᠠᠳ ᠤᠨ ᠤᠷᠴᠢᠨ ᠲᠤᠭᠤᠷᠢᠨ ᠢ ᠬᠠᠮᠠᠭᠠᠯᠠᠬᠤ ᠲᠠᠨᠢᠯᠳᠠ ᠶᠢ ᠲᠡᠭᠡᠭᠰᠢᠯᠡᠬᠦᠯᠬᠦ ᠶᠢᠨ ᠲᠦᠯᠦᠬᠡ᠂ ᠮᠤᠨᠠ ᠠᠭᠤᠯᠠ ᠪᠠᠯᠭᠠᠰᠤᠨ ᠤ ᠳ᠋ᠦᠩ ᠹᠧᠩ ᠨᠢᠬᠡᠳᠦᠬᠡᠷ ᠨᠡᠶᠢᠬᠡᠮ ᠲᠤᠭᠤᠷᠢᠭ ᠤᠨ ᠦᠷᠬᠡᠨ ᠤᠯᠠᠨ ᠨᠠᠮ ᠤᠨ ᠬᠡᠰᠢᠬᠦᠨ ᠺᠠᠳ᠋ᠷ ᠪᠠ ᠰᠠᠶᠢᠨ  ᠲᠤᠷᠠᠳᠠᠨ ᠨᠠᠶᠢᠬᠡᠮ ᠲᠤᠭᠤᠷᠢᠭ ᠢ ᠨᠤᠭᠤᠭᠠᠷᠠᠭᠤᠯᠬᠤ ᠠᠵᠢᠯᠯᠠᠭ᠎ᠠ ᠳᠤ ᠤᠷᠤᠯᠴᠠᠵᠤ᠂ ᠰᠢᠨ᠎ᠡ ᠬᠡᠷ ᠬᠦᠷᠢᠶᠡᠯᠡᠩ ᠢᠶᠠᠨ ᠬᠠᠮᠳᠤᠪᠠᠷ ᠴᠤᠭᠴᠠᠯᠠᠬᠤ ᠤᠬᠢ ᠰᠠᠶᠢᠨ ᠠᠭᠤᠷ ᠠᠮᠢᠰᠬᠤᠯ ᠢ ᠪᠤᠢ ᠪᠤᠯᠭᠠᠪᠠ᠃    ᠤᠶᠢᠷ᠎ᠠ ᠳᠤ᠂ ᠳ᠋ᠦᠩ ᠹᠧᠩ ᠨᠢᠬᠡᠳᠦᠬᠡᠷ ᠨᠡᠶᠢᠬᠡᠮ ᠲᠤᠭᠤᠷᠢᠭ ᠤᠨ ᠨᠠᠮ ᠤᠨ ᠵᠤᠬᠢᠶᠠᠨ ᠪᠠᠶᠢᠭᠤᠯᠤᠯᠳᠠ ᠨᠢ ᠬᠤᠰᠢᠭᠤᠨ ᠤ ᠨᠠᠮ ᠤᠨ ᠬᠤᠷᠢᠶ᠎ᠠ ᠶᠢᠨ ᠵᠤᠬᠢᠶᠠᠨ ᠪᠠᠶᠢᠭᠤᠯᠬᠤ ᠬᠡᠯᠳᠡᠰ᠂ ᠬᠤᠰᠢᠭᠤᠨ ᠤ ᠨᠠᠮ ᠤᠨ ᠬᠤᠷᠢᠶ᠎ᠠ ᠶᠢᠨ ᠨᠠᠮ ᠤᠨ ᠰᠣᠷᠭᠠᠭᠤᠯᠢ᠂ ᠤᠢ ᠰᠢᠭᠤᠢ ᠡᠪᠡᠰᠦ ᠪᠡᠯᠴᠢᠬᠡᠷ ᠤᠨ ᠲᠤᠪᠴᠢᠶ᠎ᠠ᠂ ᠪᠠᠢ ᠤᠦ ᠠᠳᠠᠯ ᠦᠢᠯᠡᠰ ᠤᠨ ᠬᠢᠨ ᠬᠠᠮᠳᠤᠪᠠᠷ ᠹᠦ᠋ ᠳ᠋ᠦ᠋ ᠮᠢᠨ ᠶᠤᠸᠠᠨ᠂ ᠬᠤᠢ ᠶᠢᠦ ᠲᠤᠭᠤᠷᠢᠭ ᠲᠤ ᠬᠦᠷᠴᠦ ︿︿  ᠪᠢ ᠨᠠᠮ ᠤᠨ ᠬᠡᠰᠢᠬᠦᠨ ᠪᠢ ᠤᠷᠢᠳ ᠢᠶᠠᠷ ᠰᠠᠭᠤᠭᠠᠯᠢ ᠲᠤᠭᠤᠷᠢᠭ ᠲᠤ ᠮᠤᠳᠤ ᠵᠠᠶᠢᠯᠠᠵᠤ᠂ ᠨᠠᠮ ᠤᠨ ᠪᠠᠶᠢᠭᠤᠯᠤᠯᠳᠠ ᠶᠢᠨ ᠬᠤᠯᠪᠤᠭ᠎ᠠ ᠪᠠᠶᠢᠭᠤᠯᠤᠨ ᠰᠢᠨ᠎ᠡ ᠤᠷᠤᠨ ᠬᠡᠷ ᠢᠶᠠᠨ ᠴᠤᠭᠴᠠᠯᠠᠬᠤ﹀﹀  ᠭᠤᠤᠯ ᠰᠡᠳᠦᠪᠳᠦ ᠨᠠᠮ  ᠤᠨ ᠡᠳᠦᠷᠯᠢᠭ ᠤᠨ ᠠᠵᠢᠯᠯᠠᠭ᠎ᠠ ᠦᠷᠨᠢᠬᠦᠯᠪᠡ᠃    ᠲᠤᠰ ᠤᠳᠠᠭᠠᠨ ᠤ ᠠᠵᠢᠯᠯᠠᠭ᠎ᠠ ᠨᠢ ᠬᠠᠷᠢᠶᠠᠳᠤ ᠤᠷᠤᠨ ᠤ ᠰᠠᠭᠤᠭᠠᠯᠢ ᠠᠷᠠᠳ ᠤᠨ ᠤᠷᠴᠢᠨ ᠲᠤᠭᠤᠷᠢᠨ ᠢ ᠬᠠᠮᠠᠭᠠᠯᠠᠬᠤ ᠲᠠᠨᠢᠯᠳᠠ ᠶᠢ ᠨᠡᠮᠡᠭᠳᠡᠬᠦᠯᠬᠦ᠂ ᠤᠷᠴᠢᠨ ᠲᠤᠭᠤᠷᠢᠨ  ᠢᠶᠠᠨ ᠬᠠᠶᠢᠷᠠᠯᠠᠬᠤ ᠶᠡᠭᠡ ᠪᠠᠶᠢᠭᠠᠯᠢ ᠪᠠᠨ ᠬᠠᠮᠠᠭᠠᠯᠠᠬᠤ ᠦᠵᠡᠯᠳᠡ ᠶᠢ ᠪᠤᠢ ᠪᠤᠯᠭᠠᠭᠰᠠᠨ ᠮᠦᠷᠳᠡᠬᠡᠨ ᠨᠡᠶᠢᠬᠡᠮ ᠲᠤᠭᠤᠷᠢᠭ ᠤᠨ ᠤᠷᠴᠢᠨ ᠲᠤᠭᠤᠷᠢᠨ ᠢ ᠭᠤᠶᠤᠵᠢᠭᠤᠯᠵᠤ᠂ ᠨᠠᠮ ᠤᠨ ᠬᠡᠰᠢᠬᠦᠳ ᠤᠨ ᠬᠠᠪᠰᠤᠷᠤᠯᠴᠠᠬᠤ ᠦᠵᠡᠯᠳᠡ᠂ ᠬᠠᠷᠢᠭᠤᠴᠠᠯᠭᠠᠳᠤ ᠰᠡᠳᠬᠢᠯᠬᠡ ᠪᠠ ᠦᠢᠯᠡᠴᠢᠯᠡᠬᠡᠨ ᠤ ᠦᠵᠡᠯᠳᠡ ᠶᠢ ᠲᠡᠭᠡᠭᠰᠢᠯᠡᠬᠦᠯᠵᠦ᠂ ᠨᠠᠮ ᠣᠯᠠᠨ ᠲᠦᠮᠡᠨ ᠤ ᠬᠠᠷᠢᠴᠠᠭ᠎ᠠ ᠶᠢ ᠤᠯᠠᠮ ᠨᠢᠭᠳᠠᠷᠠᠭᠤᠯᠤᠭᠰᠠᠨ ᠪᠠᠶᠢᠨ᠎ᠠ᠃
ᠢᠷᠡᠯᠲᠡ᠄ ᠤᠷᠠᠳ ᠤᠨ ᠡᠮᠦᠨᠡᠲᠦ ᠬᠤᠰᠢᠭᠤᠨ ᠤ ᠵᠠᠰᠠᠭ ᠤᠨ ᠣᠷᠳᠤᠨ ᠤ ᠮᠣᠩᠭᠤᠯ ᠰᠦᠯᠵᠢᠶ᠎ᠡ