ᠤᠶᠢᠷ᠎ᠠ ᠶᠢᠨ ᠡᠳᠦᠷ᠂ ᠰᠢᠶᠡᠨ ᠹᠧᠩ ᠪᠠᠯᠭᠠᠰᠤᠨ ᠤ ᠰᠢᠶᠡᠨ ᠹᠧᠩ ᠲᠤᠰᠬᠤᠨ ᠤ ᠹᠦ᠋ ᠵᠢᠶᠠ ᠭᠧ ᠳ᠋ᠠᠨ ᠲᠤᠭᠤᠶᠢᠯᠠᠩ ᠤᠨ ᠶᠤᠤ ᠲᠠᠢ ᠹᠧᠩ ᠲᠠᠷᠢᠶᠠᠯᠠᠩ ᠤᠢ | ᠰᠢᠭᠤᠢ ᠮᠠᠯ ᠠᠵᠤ ᠠᠬᠤᠢ ᠰᠢᠨᠵᠢᠯᠡᠭᠡ ᠮᠡᠷᠭᠡᠵᠢᠯ ᠤᠨ ᠬᠦᠭᠵᠢᠬᠦᠯᠦᠯᠳᠡ ᠶᠢᠨ ᠬᠢᠵᠠᠭᠠᠷᠳᠤ ᠺᠣᠮᠫᠠᠨᠢ ᠶᠢᠨ ᠬᠦᠷᠢᠶᠡᠯᠡᠩ ᠤᠨ ᠬᠦᠯᠡᠮᠵᠢ ᠳᠤ ᠴᠢᠬᠢ ᠰᠠᠭᠤᠯᠭᠠᠬᠤ | ᠮᠠᠰᠢᠨ ᠨᠠᠭᠠᠰᠢ ᠴᠠᠭᠠᠰᠢ ᠰᠦᠯᠵᠢᠯᠳᠦᠵᠦ᠂ ᠲᠠᠷᠢᠶᠠᠴᠢᠳ ᠤᠨ ᠨᠢᠭᠳᠠ ᠬᠠᠮᠵᠢᠯᠴᠠᠭ᠎ᠠ ᠲᠤᠤᠷ᠎ᠠ ᠠᠮᠳᠠᠳᠤ ᠬᠡᠮᠬᠡ ᠶᠢ ᠮᠦᠷ ᠮᠦᠷ ᠢᠶᠠᠷ ᠲᠠᠷᠢᠵᠤ ᠪᠠᠶᠢᠪᠠ᠃ | ᠴᠢᠬᠢ ᠶᠢ ᠮᠠᠰᠢᠨᠴᠢᠯᠠᠭᠰᠠᠨ ᠰᠢᠯᠵᠢᠬᠦᠯᠦᠨ ᠵᠠᠶᠢᠯᠠᠬᠤ ᠮᠡᠷᠬᠡᠵᠢᠯ ᠪᠤᠯ ᠰᠢᠶᠠᠨ ᠹᠧᠩ ᠪᠠᠯᠭᠠᠰᠤᠨ ᠤ ᠡᠨᠡ ᠵᠢᠯ ᠤᠨ ᠬᠡᠮᠬᠡ ᠲᠠᠷᠢᠬᠤ ᠬᠤᠭᠤᠴᠠᠭᠠᠨ ᠳᠤ | ᠤᠷᠤᠭᠤᠯᠤᠭᠰᠠᠨ ᠨᠢᠬᠡ ᠵᠦᠢᠯ ᠤᠨ ᠲᠠᠷᠢᠬᠤ ᠮᠡᠷᠬᠡᠵᠢᠯ ᠪᠤᠯᠤᠨ᠎ᠠ᠃ ᠡᠨᠡ ᠨᠢ ᠤᠯᠠᠮᠵᠢᠯᠠᠯᠳᠤ ᠭᠠᠷ ᠲᠠᠷᠢᠯᠭ᠎ᠠ ᠶᠢᠨ ᠪᠠᠭᠠᠵᠢ ᠪᠠᠷᠢᠵᠤ ᠲᠠᠷᠢᠬᠤ ᠠᠷᠭ᠎ᠠ ᠲᠠᠢ | ᠬᠠᠷᠢᠴᠠᠭᠤᠯᠪᠠᠯ ᠦᠪᠡᠰᠦᠬᠡᠨ ᠵᠠᠶᠢᠯᠠᠬᠤ ᠬᠡᠯᠪᠡᠷᠢ ᠶᠢᠨ ᠴᠢᠬᠢ ᠰᠠᠭᠤᠯᠭᠠᠬᠤ ᠮᠠᠰᠢᠨ ᠢᠶᠠᠷ ᠰᠠᠭᠤᠷᠢᠰᠢᠭᠤᠯᠬᠤ ᠨᠢ ᠲᠠᠷᠢᠶᠠᠯᠠᠩ ᠤᠨ ᠮᠠᠰᠢᠨ ᠪᠠ ᠲᠠᠷᠢᠶᠠᠯᠠᠩ ᠤᠨ | ᠮᠡᠷᠭᠡᠵᠢᠯ ᠤᠨ ᠬᠦᠨᠵᠡᠬᠡᠢ ᠠᠭᠤᠰᠤᠯᠴᠠᠯ ᠢ ᠪᠡᠶᠡᠯᠡᠬᠦᠯᠦᠭᠰᠡᠨ ᠪᠠᠶᠢᠨ᠎ᠠ᠃ | ᠲᠤᠰ ᠬᠤᠶᠠᠷ ᠵᠢᠯ ᠳᠤ ᠰᠢᠶᠡᠨ ᠹᠧᠩ ᠪᠠᠯᠭᠠᠰᠤ ᠨᠢ ᠠᠵᠤ ᠠᠬᠤᠶᠢᠯᠠᠯ ᠪᠤᠯᠤᠨ ᠦᠪᠡᠷᠳᠡᠬᠡᠨ ᠵᠠᠰᠠᠬᠤ ᠤᠷᠤᠨ ᠤ ᠲᠠᠷᠢᠶᠠᠯᠠᠩ ᠤᠨ ᠰᠢᠨᠵᠢᠯᠡᠬᠦ ᠤᠬᠠᠭᠠᠨ | ᠮᠡᠷᠬᠡᠵᠢᠯ ᠤᠨ ᠬᠠᠪᠰᠤᠷᠤᠯᠴᠠᠭ᠎ᠠ ᠪᠠᠷ ᠦᠢᠯᠡᠳᠪᠦᠷᠢᠯᠡᠯ ᠤᠨ ᠡᠵᠡᠩᠨᠡᠯᠳᠡ ᠶᠢᠨ ᠵᠠᠭᠪᠤᠷ ᠢ ᠬᠠᠮᠳᠤᠪᠠᠷ ᠪᠠᠶᠢᠭᠤᠯᠵᠤ᠂ ᠤᠷᠤᠨ ᠨᠤᠳᠤᠭ ᠲᠤ ᠲᠤᠬᠢᠷᠠᠭᠰᠠᠨ ᠲᠦᠷᠦᠯ ᠢ | ᠲᠠᠳᠠᠨ ᠤᠷᠤᠭᠤᠯᠵᠤ᠂ ᠠᠮᠳᠠᠳᠤ ᠬᠡᠮᠬᠡ ᠶᠢᠨ ᠴᠢᠨᠠᠷ ᠢ ᠲᠠᠰᠤᠷᠠᠯᠳᠠ ᠦᠬᠡᠢ ᠲᠡᠭᠡᠭᠰᠢᠯᠡᠬᠦᠯᠪᠡ᠃ ᠤᠳᠤᠬᠠᠨ ᠳᠤ ᠪᠦᠬᠦ ᠪᠠᠯᠭᠠᠰᠤᠨ ᠤ ᠠᠮᠳᠠᠳᠤ ᠬᠡᠮᠬᠡ ᠶᠢᠨ | ᠲᠠᠷᠢᠮᠠᠯ ᠤᠨ ᠲᠠᠯᠠᠪᠠᠢ ᠨᠢ ᠠᠩᠬ᠎ᠠ ᠡᠬᠢᠯᠡᠬᠦ ᠳᠤ 100 ᠭᠠᠷᠤᠢ ᠮᠤ᠋ ᠪᠠᠶᠢᠭᠰᠠᠨ ᠠᠴᠠ ᠤᠳᠤ ᠪᠤᠯᠬᠤ ᠳᠤ 31000 ᠮᠤ᠋ ᠪᠤᠯᠤᠨ ᠨᠡᠮᠡᠭᠳᠡᠵᠦ᠂ ᠡᠬᠦᠨ ᠳᠤ | ᠲᠦᠬᠦᠬᠡᠷᠦᠮᠵᠢᠳᠦ ᠬᠦᠯᠡᠮᠵᠢ ᠨᠢ 2900 ᠮᠤ᠋ ᠪᠠᠶᠢᠪᠠ᠃ |