ᠶᠡᠭᠡ ᠰᠢᠬᠡᠳᠡᠢ ᠪᠠᠯᠭᠠᠰᠤ ᠶᠢᠨ ᠰᠠᠬᠢᠯᠭ᠎ᠠ ᠪᠠᠳᠤ ᠪᠠᠶᠢᠴᠠᠭᠠᠬᠤ ᠬᠢᠨᠡᠨ ᠪᠠᠶᠢᠴᠠᠭᠠᠬᠤ ᠠᠯᠪᠠᠨ ᠬᠡᠷ ᠪᠤᠯᠤᠨ ᠤᠯᠤᠰ ᠲᠦᠷᠦ ᠬᠠᠤᠯᠢ ᠴᠠᠭᠠᠵᠠ ᠶᠢᠨ ᠵᠦᠪᠯᠡᠯ ᠬᠠᠮᠳᠤᠷᠠᠨ ᠰᠢᠨ᠎ᠡ ᠲᠢᠳᠢᠮᠯᠢᠭ ᠠᠭᠤᠰᠬᠢᠨ ᠦᠷᠪᠢᠰᠦᠯ ᠤᠨ ᠬᠢᠵᠢᠭ ᠤᠨ ᠪᠠᠶᠢᠳᠠᠯ ᠢ ᠰᠡᠷᠬᠡᠶᠢᠯᠡᠨ ᠡᠵᠡᠮᠳᠡᠬᠦ ᠵᠢᠴᠢ ᠬᠠᠪᠤᠷ ᠤᠨ ᠤᠯᠠᠷᠢᠯ ᠤᠨ ᠠᠮᠢᠳᠠᠨ ᠤ ᠬᠢᠵᠢᠭ ᠢ ᠰᠡᠷᠬᠡᠶᠢᠯᠡᠬᠦ ᠠᠵᠢᠯ ᠢ ᠱᠠᠯᠠᠪᠳᠠᠭᠤᠯᠤᠨ ᠪᠠᠶᠢᠴᠠᠭᠠᠪᠠ
ᠨᠡᠶᠢᠲᠡᠯᠡᠭᠰᠡᠨ ᠴᠠᠭ᠄
2022/4/20
     ᠬᠠᠪᠤᠷ ᠤᠨ ᠤᠯᠠᠷᠢᠯ ᠪᠤᠯ  ᠠᠮᠢᠳᠠᠨ ᠤ ᠬᠢᠵᠢᠭ ᠤᠯᠠᠨ ᠡᠭᠦᠰᠬᠦ ᠤᠯᠠᠷᠢᠯ ᠮᠦᠨ᠂ ᠪᠠᠰᠠ ᠴᠤ ᠭᠠᠳᠠᠨ᠎ᠠ ᠠᠴᠠ ᠢᠷᠡᠵᠦ ᠠᠵᠢᠯ ᠬᠦᠳᠡᠯᠮᠦᠷᠢ ᠬᠢᠵᠦ ᠪᠠᠶᠢᠭ᠎ᠠ ᠬᠦᠮᠦᠰ ᠤᠨ ᠲᠠᠬᠢᠨ ᠠᠵᠢᠯᠯᠠᠬᠤ ᠤᠷᠬᠢᠯ ᠤᠨ ᠬᠤᠭᠤᠴᠠᠭ᠎ᠠ ᠮᠦᠨ᠂ ᠬᠦᠨᠳᠦ ᠶᠡᠭᠡ ᠬᠢᠵᠢᠭ ᠤᠨ ᠪᠠᠶᠢᠳᠠᠯ ᠡᠬᠦᠰᠬᠦ ᠶᠢ ᠪᠦᠳᠦᠮᠵᠢᠳᠡᠢ ᠰᠡᠷᠬᠡᠶᠢᠯᠡᠨ ᠬᠢᠵᠠᠭᠠᠷᠯᠠᠵᠤ᠂ ᠬᠢᠵᠢᠭ ᠤᠨ ᠪᠠᠶᠢᠳᠠᠯ ᠢ ᠰᠡᠷᠬᠡᠶᠢᠯᠡᠨ ᠡᠵᠡᠮᠳᠡᠬᠦ  ᠠᠵᠢᠯ ᠢ ᠤᠯᠠᠮ ᠨᠢᠬᠡ ᠠᠯᠬᠤᠮ ᠴᠢᠩᠭᠠᠳᠬᠠᠬᠤ ᠶᠢᠨ ᠲᠦᠯᠦᠬᠡ᠂  ᠶᠡᠭᠡ ᠰᠢᠬᠡᠳᠡᠢ ᠪᠠᠯᠭᠠᠰᠤ ᠶᠢᠨ ᠰᠠᠬᠢᠯᠭ᠎ᠠ ᠪᠠᠳᠤ ᠪᠠᠶᠢᠴᠠᠭᠠᠬᠤ ᠬᠢᠨᠡᠨ ᠪᠠᠶᠢᠴᠠᠭᠠᠬᠤ ᠠᠯᠪᠠᠨ ᠬᠡᠷ᠂ ᠤᠯᠤᠰ ᠲᠦᠷᠦ ᠬᠠᠤᠯᠢ ᠴᠠᠭᠠᠵᠠ ᠶᠢᠨ ᠵᠦᠪᠯᠡᠯ ᠬᠠᠮᠳᠤᠷᠠᠨ ᠰᠢᠮᠳᠠᠭᠤᠯᠤᠨ ᠪᠠᠶᠢᠴᠠᠭᠠᠬᠤ ᠲᠤᠭᠤᠶᠢᠯᠠᠩ ᠪᠠᠶᠢᠭᠤᠯᠵᠤ᠂ ᠲᠤᠰᠬᠤᠨ ᠤ ᠶᠠᠪᠤᠳᠠᠯ ᠳᠤ ᠬᠢᠨᠠᠯᠳᠠ ᠲᠠᠯᠪᠢᠭᠴᠢ ᠶᠢᠨ ᠦᠢᠯᠡᠳᠦᠯ ᠢ ᠬᠦᠢᠴᠡᠳ ᠪᠠᠳᠠᠷᠠᠭᠤᠯᠵᠤ᠂ ᠪᠦᠬᠦ ᠪᠠᠯᠭᠠᠰᠤᠨ ᠤ ᠠᠷᠪᠠᠨ ᠵᠠᠰᠰᠠᠭ ᠵᠠᠬᠢᠷᠭᠠᠨ  ᠤ ᠲᠤᠰᠬᠤᠨ ᠳᠤ ᠬᠦᠷᠴᠦ᠂ ᠬᠠᠪᠤᠷ ᠤᠨ ᠤᠯᠠᠷᠢᠯ ᠤᠨ ᠠᠮᠢᠳᠠᠨ ᠤ ᠬᠢᠵᠢᠭ ᠢ ᠰᠡᠷᠬᠡᠶᠢᠯᠡᠬᠦ ᠵᠢᠴᠢ ᠰᠢᠨ᠎ᠡ ᠲᠢᠳᠢᠮᠯᠢᠭ ᠠᠭᠤᠰᠬᠢᠨ ᠦᠷᠪᠢᠰᠦᠯ ᠤᠨ ᠬᠢᠵᠢᠭ ᠤᠨ ᠪᠠᠶᠢᠳᠠᠯ ᠢ ᠰᠡᠷᠬᠡᠶᠢᠯᠡᠨ ᠡᠵᠡᠮᠳᠡᠬᠦ ᠠᠵᠢᠯ ᠢ ᠰᠢᠮᠳᠠᠭᠤᠯᠤᠨ ᠪᠠᠶᠢᠴᠠᠭᠠᠪᠠ᠃    ᠰᠢᠮᠳᠠᠭᠤᠯᠤᠨ ᠪᠠᠶᠢᠴᠠᠭᠠᠬᠤ ᠲᠤᠭᠤᠶᠢᠯᠠᠩ ᠪᠠᠰᠠ ᠬᠠᠪᠤᠷ ᠤᠨ ᠤᠯᠠᠷᠢᠯ ᠤᠨ ᠠᠮᠢᠳᠠᠨ ᠤ ᠬᠢᠵᠢᠭ ᠢ ᠰᠡᠷᠬᠡᠶᠢᠯᠡᠬᠦ ᠠᠵᠢᠯ ᠢ ᠪᠠᠶᠢᠴᠠᠭᠠᠵᠤ᠂ ᠠᠮᠢᠳᠠᠨ ᠤ ᠬᠢᠵᠢᠭ  ᠢ ᠰᠡᠷᠬᠡᠶᠢᠯᠡᠭᠴᠢ ᠶᠢᠨ ᠬᠠᠷᠢᠭᠤ ᠮᠡᠳᠡᠬᠦᠯᠦᠯᠳᠡ ᠶᠢ ᠰᠤᠨᠤᠰᠴᠤ᠂ ᠠᠮᠢᠳᠠᠨ ᠤ ᠸᠠᠺᠼᠢᠨ ᠤ ᠬᠠᠮᠢᠶᠠᠷᠤᠯᠳᠠ ᠶᠢᠨ ᠪᠠᠶᠢᠳᠠᠯ ᠵᠢᠴᠢ ᠬᠠᠪᠤᠷ ᠤᠨ ᠬᠢᠵᠢᠭ ᠢ ᠰᠡᠷᠬᠡᠶᠢᠯᠡᠬᠦ ᠠᠵᠢᠯ ᠤᠨ ᠲᠤᠬᠢᠷᠠᠭᠤᠯᠤᠯᠳᠠ ᠶᠢ ᠨᠠᠷᠢᠨ  ᠤᠶᠢᠯᠠᠭᠠᠭᠰᠠᠨ ᠪᠦᠬᠡᠳ ᠠᠮᠢᠳᠠᠨ ᠤ ᠬᠢᠵᠢᠭ ᠢ ᠰᠡᠷᠬᠡᠶᠢᠯᠡᠬᠦ ᠠᠵᠢᠯ ᠢ ᠲᠤᠬᠠᠢ ᠶᠢᠨ ᠲᠠᠯᠠᠪᠠᠢ ᠳᠤ ᠵᠢᠯᠤᠭᠤᠳᠤᠨ᠂ ᠠᠵᠢᠯ ᠤᠨ ᠠᠬᠤᠢ ᠪᠠᠶᠢᠳᠠᠯ ᠳᠤ ᠵᠢᠯᠤᠭᠤᠳᠤᠯᠭ᠎ᠠ ᠬᠢᠵᠦ᠂ ᠡᠬᠡᠯᠢᠯᠡᠭᠡ ᠶᠢᠨ ᠪᠦᠷᠭᠦᠯᠳᠠ ᠶᠢ ᠴᠢᠨᠠᠷ ᠪᠠ ᠲᠤᠭ᠎ᠠ ᠬᠡᠮᠵᠢᠶ᠎ᠡ ᠪᠠᠷ ᠨᠠᠶᠢᠳᠠᠪᠤᠷᠢᠵᠢᠭᠤᠯᠬᠤ ᠪᠠᠷ ᠪᠠᠷᠠᠬᠤ ᠦᠬᠡᠢ ᠪᠠᠰᠠ ᠡᠮᠴᠢᠯᠡᠬᠡᠨ ᠤ ᠬᠠᠶᠠᠭᠳᠠᠮᠠᠯ ᠪᠤᠳᠠᠰ ᠢ ᠰᠠᠶᠢᠳᠤᠷ ᠰᠡᠢᠳᠪᠦᠷᠢᠯᠡᠵᠦ᠂ ᠤᠷᠴᠢᠨ ᠲᠤᠭᠤᠷᠢᠨ ᠢ ᠪᠤᠬᠢᠷᠳᠠᠭᠤᠯᠬᠤ ᠠᠴᠠ ᠵᠠᠶᠢᠯᠠᠰᠬᠢᠬᠦ ᠬᠡᠷᠡᠭᠳᠡᠢ ᠬᠡᠵᠦ ᠴᠢᠬᠤᠯᠠᠴᠢᠯᠠᠪᠠ᠃     ᠵᠠᠯᠭᠠᠭᠠᠳ ᠪᠦᠬᠦ ᠪᠠᠯᠭᠠᠰᠤᠨ ᠢᠶᠠᠷ ᠰᠢᠨ᠎ᠡ ᠲᠢᠳᠢᠮᠯᠢᠭ ᠠᠭᠤᠰᠬᠢᠨ ᠦᠷᠪᠢᠰᠦᠯ ᠤᠨ ᠬᠢᠵᠢᠭ ᠤᠨ ᠪᠠᠶᠢᠳᠠᠯ ᠢ ᠰᠡᠷᠬᠡᠶᠢᠯᠡᠨ ᠡᠵᠡᠮᠳᠡᠬᠦ ᠵᠢᠴᠢ ᠬᠠᠪᠤᠷ ᠤᠨ ᠤᠯᠠᠷᠢᠯ ᠤᠨ ᠠᠮᠢᠳᠠᠨ ᠤ ᠬᠢᠵᠢᠭ ᠢ ᠰᠡᠷᠬᠡᠶᠢᠯᠡᠬᠦ ᠠᠵᠢᠯ ᠢ ᠦᠷᠬᠦᠯᠵᠢᠯᠡᠨ ᠦᠨᠳᠦᠷ ᠪᠦᠳᠦᠮᠵᠢᠳᠡᠢ ᠠᠬᠢᠭᠤᠯᠵᠤ᠂ ᠤᠷᠤᠨ ᠪᠦᠰᠡ ᠶᠢᠨ ᠴᠢᠨᠠᠷᠳᠠᠢ ᠬᠦᠨᠳᠦ ᠶᠡᠭᠡ  ᠬᠢᠵᠢᠭ ᠤᠨ ᠪᠠᠶᠢᠳᠠᠯ ᠡᠭᠦᠰᠬᠦ ᠦᠬᠡᠢ ᠪᠠᠶᠢᠬᠤ ᠶᠢ ᠪᠠᠳᠤᠯᠠᠵᠤ᠂ ᠪᠦᠬᠦ ᠪᠠᠯᠭᠠᠰᠣᠨ ᠤ ᠠᠷᠠᠳ ᠲᠦᠮᠡᠨ ᠤ ᠠᠮᠢ ᠨᠠᠰᠤ ᠡᠳ᠋ ᠬᠦᠷᠦᠩᠭᠡ ᠶᠢᠨ ᠠᠮᠤᠷ ᠲᠦᠪᠰᠢᠨ ᠢ ᠪᠠᠳᠤᠯᠠᠵᠤ᠂ ᠪᠦᠬᠦ ᠪᠠᠯᠭᠠᠰᠣᠨ ᠤ  ᠦᠢᠯᠡᠳᠪᠦᠷᠢᠯᠡᠯ ᠤᠨ ᠠᠵᠢᠯᠯᠠᠭ᠎ᠠ ᠶᠢᠨ ᠦᠷᠬᠦᠯᠵᠢᠯᠡᠨ ᠡᠷᠡᠭᠦᠯ ᠢᠶᠠᠷ ᠬᠦᠭᠵᠢᠬᠦ ᠶᠢ ᠪᠠᠳᠤᠯᠠᠨ᠎ᠠ᠃
ᠢᠷᠡᠯᠲᠡ᠄ ᠤᠷᠠᠳ ᠤᠨ ᠡᠮᠦᠨᠡᠲᠦ ᠬᠤᠰᠢᠭᠤᠨ ᠤ ᠵᠠᠰᠠᠭ ᠤᠨ ᠣᠷᠳᠤᠨ ᠤ ᠮᠣᠩᠭᠤᠯ ᠰᠦᠯᠵᠢᠶ᠎ᠡ