ᠤᠶᠢᠷ᠎ᠠ ᠶᠢᠨ ᠡᠳᠦᠷ᠂ ᠡᠮᠦᠨᠡᠳᠦ ᠬᠤᠰᠢᠭᠤᠨ ᠤ ᠮᠢᠩᠭᠠᠨ ᠪᠠᠯᠭᠠᠰᠤ ᠨᠢ ᠪᠦᠬᠦ ᠪᠠᠯᠭᠠᠰᠤᠨ ᠤ ᠤᠳᠤᠷᠢᠳᠬᠤ ᠺᠠᠳ᠋ᠷᠴᠤᠳ ᠢ ᠵᠤᠬᠢᠶᠠᠨ ᠪᠠᠶᠢᠭᠤᠯᠵᠤ | ᠲᠤᠯᠤᠭᠤᠨ᠎ᠠ ᠶᠢᠨ ᠮᠤᠳᠤᠨ ᠤ ᠬᠦᠷᠢᠶᠡᠯᠡᠩ ᠳᠤ ᠬᠠᠪᠤᠷ ᠤᠨ ᠤᠯᠠᠷᠢᠯ ᠤᠨ ᠠᠯᠪᠠᠨ ᠵᠢᠷᠤᠮ ᠤᠨ ᠮᠤᠳᠤ ᠲᠠᠷᠢᠬᠤ ᠠᠵᠢᠯᠯᠠᠭ᠎ᠠ ᠶᠠᠪᠤᠭᠳᠠᠭᠤᠯᠵᠤ᠂ ᠪᠤᠳᠠᠳᠤ | ᠠᠵᠢᠯᠯᠠᠭ᠎ᠠ ᠪᠠᠷ ᠢᠶᠠᠨ ᠪᠤᠬᠢᠷᠳᠤᠯ ᠦᠬᠡᠢ ᠪᠠᠷ ᠬᠦᠭᠵᠢᠬᠦᠯᠬᠦ ᠲᠠᠨᠢᠯᠳᠠ ᠶᠢ ᠦᠢᠯᠡᠳᠦᠯᠬᠡᠵᠢᠬᠦᠯᠵᠦ᠂ ᠬᠦᠳᠡᠭᠡ ᠲᠤᠰᠬᠤᠨ ᠢ ᠬᠦᠭᠵᠢᠬᠦᠯᠦᠨ ᠮᠠᠨᠳᠤᠭᠤᠯᠬᠤ ᠳᠤ | ᠬᠦᠴᠦᠨ ᠨᠡᠮᠡᠷᠢᠯᠡᠪᠡ᠃ | ᠮᠢᠩᠭᠠᠨ ᠪᠠᠯᠭᠠᠰᠤᠨ ᠤ ᠲᠤᠯᠤᠭᠤᠨ᠎ᠠ ᠶᠢᠨ ᠬᠦᠷᠢᠶᠡᠯᠡᠩ ᠶᠢᠨ ᠮᠤᠳᠤ ᠲᠠᠷᠢᠬᠤ ᠴᠢᠭ ᠲᠤ ᠮᠤᠳᠤ ᠲᠠᠷᠢᠬᠤ ᠠᠵᠢᠯᠯᠠᠭ᠎ᠠ ᠳᠤ ᠤᠷᠤᠯᠴᠠᠭᠰᠠᠳ ᠲᠠᠪᠤᠨ ᠬᠦᠮᠦᠨ | ᠨᠢᠬᠡ ᠲᠤᠭᠤᠶᠢᠯᠠᠩ ᠪᠤᠯᠵᠤ᠂ ᠵᠠᠷᠢᠮ ᠨᠢ ᠮᠤᠳᠤ ᠶᠢ ᠠᠰᠬᠠᠨ ᠪᠠᠷᠢᠵᠤ᠂ ᠵᠠᠷᠢᠮ ᠨᠢ ᠰᠢᠷᠤᠢ ᠨᠡᠮᠡᠵᠦ᠂ ᠪᠠᠰᠠ ᠵᠠᠷᠢᠮ ᠨᠢ ᠰᠢᠷᠤᠢ ᠶᠢ ᠨᠢ ᠬᠢᠰᠬᠢᠵᠦ᠂ ᠤᠯᠠᠨ ᠢᠶᠠᠷ | ᠢᠶᠠᠨ ᠡᠮᠬᠢ ᠵᠢᠷᠤᠮ ᠲᠠᠢ ᠬᠠᠮᠵᠢᠯᠴᠠᠨ ᠠᠵᠢᠯᠯᠠᠵᠤ᠂ ᠠᠳᠠᠷᠰᠢᠭᠰᠠᠨ ᠬᠦᠷᠦᠰᠦ ᠰᠢᠷᠤᠢ ᠳᠤ ᠦᠪᠴᠢ ᠪᠡᠶ᠎ᠡ ︿︿ᠰᠢᠨ᠎ᠡ ᠬᠤᠪᠴᠠᠰᠤ ᠡᠮᠦᠰᠬᠡᠪᠡ﹀﹀᠃ | ᠡᠨᠡ ᠵᠢᠯ᠂ ᠮᠢᠩᠭᠠᠨ ᠪᠠᠯᠭᠠᠰᠤ ᠨᠢ ᠲᠤᠯᠤᠭᠤᠨ᠎ᠠ ᠶᠢᠨ ᠬᠦᠷᠢᠶᠡᠯᠡᠩ ᠢᠶᠠᠷ ᠠᠯᠪᠠᠨ ᠵᠢᠷᠣᠮ ᠤᠨ ᠮᠤᠳᠤ ᠲᠠᠷᠢᠬᠤ ᠭᠤᠤᠯ ᠪᠠᠶᠢᠯᠳᠤᠭᠠᠨ ᠤ ᠲᠠᠯᠠᠪᠤᠷ ᠪᠤᠯᠭᠠᠵᠤ᠂ | ᠰᠢᠨ᠎ᠡ ᠪᠠᠷ ᠲᠠᠷᠢᠬᠤ ᠪᠠ ᠨᠦᠬᠦᠨ ᠲᠠᠷᠢᠬᠤ ᠶᠢ ᠵᠡᠷᠭᠡᠪᠡᠷ ᠶᠠᠪᠤᠭᠳᠠᠭᠤᠯᠵᠤ᠂ ᠪᠦᠳᠦᠬᠡᠨ ᠪᠠᠶᠢᠭᠤᠯᠬᠤ ᠪᠠ ᠬᠠᠮᠢᠶᠠᠷᠴᠤ ᠬᠠᠮᠠᠭᠠᠯᠠᠬᠤ ᠶᠢ ᠵᠡᠷᠭᠡ ᠳᠤᠨᠢ | ᠴᠢᠬᠤᠯᠠᠴᠢᠯᠠᠬᠤ ᠶᠢ ᠪᠠᠷᠢᠮᠳᠠᠯᠠᠵᠤ᠂ ᠪᠦᠬᠦ ᠪᠠᠯᠭᠠᠰᠤ ᠪᠠᠷ ᠢᠶᠠᠨ ᠬᠦᠳᠡᠯᠦᠯᠴᠡᠨ᠂ ᠪᠦᠬᠦ ᠨᠡᠶᠢᠬᠡᠮ ᠢᠶᠠᠷ ᠢᠶᠠᠨ ᠤᠷᠤᠯᠴᠠᠨ ︿︿ᠭᠤᠤᠯᠳᠠᠯᠠᠭ᠎ᠠ ᠲᠠᠢ ᠪᠠᠶᠢᠷᠢᠰᠢᠭᠤᠯᠵᠤ᠂ | ᠪᠦᠬᠦ ᠲᠠᠯ᠎ᠠ ᠪᠠᠷ ᠲᠡᠭᠡᠭᠰᠢᠯᠡᠬᠦᠯᠬᠦ﹀﹀ ᠠᠵᠢᠯ ᠤᠨ ᠰᠡᠳᠬᠢᠴᠡ ᠶᠤᠰᠤᠭᠠᠷ᠂ 8800 ᠭᠠᠷᠤᠢ ᠰᠠᠭᠤᠷᠢ ᠲᠤᠯᠤᠭᠤᠨ᠎ᠠ ᠶᠢᠨ ᠮᠣᠳᠣ ᠲᠠᠷᠢᠪᠠ᠃ |