ᠡᠮᠦᠨᠡᠳᠦ ᠬᠤᠰᠢᠭᠤᠨ ᠤ ᠮᠠᠯᠴᠢᠳ ᠢᠮᠠᠭ᠎ᠠ ᠪᠠᠨ ᠰᠠᠮᠨᠠᠵᠤ ᠡᠬᠢᠯᠠᠪᠠ
ᠨᠡᠶᠢᠲᠡᠯᠡᠭᠰᠡᠨ ᠴᠠᠭ᠄
2022/4/26
    ᠤᠷᠢᠬᠠᠨ ᠬᠠᠪᠤᠷ ᠰᠠᠭᠠᠳᠠᠵᠤ ᠲᠡᠭᠷᠢ ᠠᠭᠠᠷ ᠡᠳᠦᠷ ᠠᠴᠠ ᠡᠳᠦᠷ ᠲᠤᠯᠠᠭᠠᠷᠠᠵᠤ ᠡᠬᠢᠯᠡᠭᠰᠡᠨ ᠢᠶᠠᠷ ᠣᠷᠠᠳ ᠤᠨ ᠡᠮᠦᠨᠡᠳᠦ ᠬᠤᠰᠢᠭᠤᠨ ᠤ ᠮᠠᠯᠴᠢᠳ ᠢᠮᠠᠭ᠎ᠠ  ᠪᠠᠨ ᠰᠠᠮᠨᠠᠵᠤ ᠡᠬᠢᠯᠠᠪᠠ᠃    ᠰᠤᠷᠪᠤᠯᠵᠢᠯᠠᠭᠴᠢ ᠶᠢ ᠣᠷᠠᠳ ᠤᠨ ᠡᠮᠦᠨᠡᠳᠦ ᠬᠤᠰᠢᠭᠤᠨ ᠤ ᠡᠷᠳᠡᠨᠢᠪᠤᠯᠠᠭ ᠰᠤᠮᠤᠨ ᠤ ᠪᠠᠶ᠋ᠬᠠᠦᠨᠳᠦ᠋ᠷ ᠭᠠᠴᠠᠭᠠᠨ ᠤ ᠮᠠᠯᠴᠢᠨ ᠠᠷᠠᠳ ᠤᠨ ᠭᠡᠷ ᠲᠤ ᠬᠦᠷᠬᠦ  ᠳᠤ ᠲᠡᠳᠡᠨ ᠤ  ᠨᠢᠬᠡ ᠬᠡᠷ ᠤᠨ ᠬᠢᠨ ᠰᠠᠷᠠᠪᠴᠢᠨ ᠳᠤ ᠪᠠᠨ ᠢᠮᠠᠭ᠎ᠠ ᠪᠠᠨ ᠰᠠᠮᠨᠠᠨ ᠶᠠᠭᠠᠷᠠᠯᠳᠤᠵᠤ ᠪᠠᠶᠢᠪᠠ᠃ ᠮᠡᠴᠢᠳ ᠤᠨ ᠬᠢᠨ ᠪᠤᠯ ᠬᠡᠳᠦᠨ ᠦᠶ᠎ᠡ ᠪᠠᠷ ᠮᠠᠯ ᠮᠠᠯᠵᠢᠭᠰᠠᠨ ᠬᠠᠰᠢᠷ ᠮᠠᠯᠴᠢᠨ ᠪᠠᠶᠢᠵᠤ᠂ ᠢᠮᠠᠭ᠎ᠠ ᠲᠠᠵᠢᠬᠡᠬᠦ ᠪᠠᠷ ᠭᠤᠤᠯᠯᠠᠳᠠᠭ᠃ ᠲᠡᠳᠡ ᠲᠤᠰᠬᠠᠶᠢᠯᠠᠨ ᠨᠤᠤᠯᠤᠤᠷ ᠤᠨ ᠴᠠᠭᠠᠨ ᠢᠮᠠᠭ᠎ᠠ ᠲᠠᠵᠢᠬᠡᠵᠦ ᠠᠷᠠᠴᠢᠯᠠᠨ᠂ ᠤᠳᠤᠬᠠᠨ ᠳᠤ ᠮᠠᠯ  ᠤᠨ ᠲᠤᠭ᠎ᠠ ᠨᠢ 500 ᠬᠦᠷᠴᠦ ᠮᠠᠯ ᠤᠨ ᠢᠶᠠᠨ ᠲᠠᠷᠭᠤ ᠬᠦᠴᠦ ᠶᠢ ᠪᠠᠳᠤᠯᠠᠬᠤ ᠪᠠᠷ ᠡᠪᠡᠰᠦ ᠪᠤᠷᠳᠤᠭ᠎ᠠ᠂ ᠰᠢᠮᠡᠳᠦ ᠲᠡᠵᠢᠬᠡᠯ ᠪᠤᠷᠳᠤᠭ᠎ᠠ ᠵᠡᠷᠭᠡ ᠶᠢ ᠬᠦᠢᠴᠡᠳ ᠪᠡᠯᠡᠳᠬᠡᠨ ᠬᠠᠩᠭᠠᠭᠰᠠᠨ ᠢᠶᠠᠷ ᠢᠮᠠᠭ᠎ᠠ ᠨᠤᠭᠤᠳ ᠨᠢ ᠡᠷᠳᠡ ᠬᠦᠬᠡᠷᠴᠦ ᠵᠢᠯ ᠪᠤᠯᠭᠠᠨ ᠤ ᠲᠦᠷᠪᠡᠨ ᠰᠠᠷ᠎ᠠ ᠶᠢᠨ ᠡᠬᠢᠨ ᠢᠶᠠᠷ ᠰᠠᠮᠨᠠᠵᠤ ᠡᠬᠢᠯᠡᠨ ᠲᠠᠪᠤᠨ ᠰᠠᠷ᠎ᠠ ᠶᠢᠨ ᠲᠤᠮᠳᠠᠴᠢ ᠪᠠᠷ ᠪᠠᠷᠠᠭᠠᠳᠠᠭ  ᠪᠠᠶᠢᠨ᠎ᠠ᠃
ᠢᠷᠡᠯᠲᠡ᠄ ᠤᠷᠠᠳ ᠤᠨ ᠡᠮᠦᠨᠡᠲᠦ ᠬᠤᠰᠢᠭᠤᠨ ᠤ ᠵᠠᠰᠠᠭ ᠤᠨ ᠣᠷᠳᠤᠨ ᠤ ᠮᠣᠩᠭᠤᠯ ᠰᠦᠯᠵᠢᠶ᠎ᠡ