ᠡᠷᠳᠡᠨᠢᠪᠤᠯᠠᠭ ᠰᠤᠮᠤ ᠭᠠᠴᠠᠭ᠎ᠠ ᠲᠣᠰᠬᠤᠨ ᠳᠤ ᠭᠦᠨᠵᠡᠭᠡᠶᠢᠷᠡᠨ ᠮᠡᠬᠡᠯᠡᠯ ᠢ ᠡᠰᠡᠷᠭᠦᠴᠡᠬᠦ ᠤᠬᠠᠭᠤᠯᠭ᠎ᠠ ᠶᠢᠨ ᠠᠵᠢᠯᠯᠠᠭ᠎ᠠ ᠥᠷᠨᠢᠭᠦᠯᠪᠡ
ᠨᠡᠶᠢᠲᠡᠯᠡᠭᠰᠡᠨ ᠴᠠᠭ᠄
2022/4/26
    ᠡᠷᠳᠡᠨᠢᠪᠤᠯᠠᠭ ᠰᠣᠮᠣ ᠬᠠᠷᠢᠶ᠎ᠠ ᠣᠷᠣᠨ ᠤ ᠮᠠᠯᠴᠢᠨ ᠲᠠᠷᠢᠶᠠᠴᠢᠨ ᠤ ᠴᠠᠬᠢᠯᠭᠠᠨ ᠬᠤᠯᠪᠣᠭ᠎ᠠ ᠰᠦᠯᠵᠢᠶᠡᠨ ᠤ ᠮᠡᠬᠡᠯᠡᠯ ᠢ ᠰᠡᠷᠭᠡᠶᠢᠯᠡᠬᠦ ᠠᠮᠤᠷ ᠲᠦᠪᠰᠢᠨ ᠤ ᠤᠬᠠᠮᠰᠠᠷ ᠢ ᠳᠡᠭᠡᠭᠰᠢᠯᠡᠭᠦᠯᠵᠦ᠂ ᠮᠠᠯᠴᠢᠨ ᠲᠠᠷᠢᠶᠠᠴᠢᠨ ᠤ ᠮᠡᠬᠡᠯᠡᠯ ᠢ ᠤᠬᠠᠮᠰᠠᠷ ᠠᠴᠠ ᠪᠠᠨ ᠡᠰᠡᠷᠭᠦᠴᠡᠬᠦ ᠴᠢᠳᠠᠪᠤᠷᠢ ᠶᠢ ᠴᠢᠨᠠᠭᠰᠢᠳᠠ ᠴᠢᠩᠭᠠᠳᠬᠠᠨ᠂ ᠲᠡᠳᠡᠭᠡᠷ ᠤᠨ ᠡᠳ᠋ ᠬᠥᠷᠥᠩᠭᠡ ᠶᠢᠨ ᠠᠮᠤᠷ ᠲᠦᠪᠰᠢᠨ ᠢ ᠦᠨᠡᠨ ᠬᠦ ᠬᠠᠮᠠᠭᠠᠯᠠᠬᠤ ᠶᠢᠨ ᠲᠥᠯᠥᠭᠡ᠂ 4 ᠰᠠᠷ᠎ᠠ ᠶᠢᠨ 25 ᠤ ᠡᠳᠦᠷ ᠡᠷᠳᠡᠨᠢᠪᠤᠯᠠᠭ ᠰᠤᠮᠤ ᠶᠢᠨ ᠺᠠᠳ᠋ᠷ ᠠᠵᠢᠯᠲᠠᠳ ᠬᠠᠷᠢᠶ᠎ᠠ ᠣᠷᠣᠨ ᠤ ᠲᠣᠮᠢᠯᠠᠭᠰᠠᠨ ᠰᠠᠯᠪᠤᠷᠢ ᠶᠢᠨ ᠠᠷᠠᠳ ᠤᠨ ᠴᠠᠭᠳᠠᠭ᠎ᠠ ᠲᠠᠢ ᠭᠠᠴᠠᠭ᠎ᠠ ᠲᠣᠰᠬᠤᠨ ᠳᠤ ᠭᠦᠨᠵᠡᠭᠡᠶᠢᠷᠡᠨ ᠮᠡᠬᠡᠯᠡᠯ ᠢ ᠡᠰᠡᠷᠭᠦᠴᠡᠬᠦ ᠤᠬᠠᠭᠤᠯᠭ᠎ᠠ ᠶᠢᠨ ᠠᠵᠢᠯᠯᠠᠭ᠎ᠠ ᠥᠷᠨᠢᠭᠦᠯᠪᠡ᠃    ᠤᠬᠠᠭᠤᠯᠤᠨ ᠲᠠᠶᠢᠯᠪᠤᠷᠢᠯᠠᠬᠤ ᠬᠤᠷᠠᠯ ᠳᠤ᠂ ᠲᠣᠮᠢᠯᠠᠭᠰᠠᠨ ᠰᠠᠯᠪᠤᠷᠢ ᠶᠢᠨ ᠠᠷᠠᠳ ᠤᠨ ᠴᠠᠭᠳᠠᠭ᠎ᠠ ᠲᠤᠬᠠᠶ ᠶᠢᠨ ᠲᠠᠯᠠᠪᠠᠶ ᠳᠤ ᠪᠠᠶᠢᠭ᠎ᠠ ᠮᠠᠯᠴᠢᠨ ᠲᠠᠷᠢᠶᠠᠴᠢᠳ ᠲᠤ ᠮᠡᠬᠡᠯᠡᠯ ᠢ ᠡᠰᠡᠷᠭᠦᠴᠡᠬᠦ ᠪᠠ ᠮᠡᠬᠡᠯᠡᠯ ᠢ ᠰᠡᠷᠭᠡᠶᠢᠯᠡᠬᠦ ᠮᠡᠳᠡᠯᠭᠡ ᠵᠢᠴᠢ ᠮᠡᠬᠡᠯᠡᠯ ᠤᠨ ᠲᠥᠷᠥᠯ ᠵᠦᠢᠯ ᠢ ᠲᠠᠶᠢᠯᠪᠤᠷᠢᠯᠠᠵᠤ᠂ ᠵᠠᠷᠢᠮ ᠦᠨᠡᠨ ᠪᠣᠳᠠᠲᠠᠶ ᠡᠭᠦᠰᠦᠭᠰᠡᠨ ᠬᠡᠷᠡᠭ ᠤᠨ ᠵᠢᠱᠢᠶ᠎ᠡ ᠪᠠᠷ ᠳᠠᠮᠵᠢᠭᠤᠯᠤᠨ᠂ ᠶᠠᠯᠠᠲᠤ ᠡᠲᠡᠭᠡᠳ ᠲᠤ ᠦᠷᠭᠦᠯᠵᠢ ᠲᠣᠬᠢᠶᠠᠯᠳᠤᠳᠠᠭ ᠮᠡᠬᠡᠯᠡᠯ ᠤᠨ ᠠᠷᠭ᠎ᠠ ᠬᠡᠯᠪᠡᠷᠢ ᠶᠢ ᠮᠡᠳᠡᠭᠦᠯᠬᠦ ᠶᠢᠨ ᠬᠠᠮᠲᠣ ᠤᠯᠤᠰ ᠤᠨ ᠮᠡᠬᠡᠯᠡᠯ ᠤᠨ APP ᠶᠢ ᠬᠦᠮᠦᠨ ᠪᠦᠷᠢ ᠳᠤ ᠪᠠᠭᠤᠯᠭᠠᠨ ᠣᠭᠰᠠᠷᠠᠵᠤ ᠦᠭᠭᠦᠨ ᠬᠡᠷᠡᠭᠯᠡᠬᠦ ᠠᠷᠭ᠎ᠠ ᠶᠢ ᠵᠢᠭᠠᠵᠤ ᠦᠭᠴᠠᠢ᠃ ᠬᠤᠷᠠᠯ ᠤᠨ ᠳᠠᠷᠠᠭ᠎ᠠ᠂ ᠲᠣᠮᠢᠯᠠᠭᠰᠠᠨ ᠰᠠᠯᠪᠤᠷᠢ ᠶᠢᠨ ᠠᠷᠠᠳ ᠤᠨ ᠴᠠᠭᠳᠠᠭ᠎ᠠ ᠮᠠᠯᠴᠢᠨ ᠲᠠᠷᠢᠶᠠᠴᠢᠳ ᠲᠤ ᠮᠡᠬᠡᠯᠡᠯ ᠢ ᠰᠡᠷᠭᠡᠶᠢᠯᠡᠬᠦ ᠤᠬᠠᠭᠤᠯᠭ᠎ᠠ ᠶᠢᠨ ᠭᠠᠷ ᠳᠡᠪᠲᠡᠷ ᠲᠠᠷᠬᠠᠭᠠᠭᠰᠠᠨ ᠪᠥᠭᠡᠳ ᠮᠠᠯᠴᠢᠨ ᠲᠠᠷᠢᠶᠠᠴᠢᠳ ᠤᠨ ᠡᠳᠦᠷ ᠲᠤᠲᠤᠮ ᠤᠨ ᠠᠮᠢᠳᠤᠷᠠᠯ ᠲᠠᠢ ᠨᠢᠭᠲᠠ ᠬᠤᠯᠪᠣᠭ᠎ᠠ ᠲᠠᠢ ᠠᠮᠤᠷ ᠲᠦᠪᠰᠢᠨ ᠤ ᠰᠡᠷᠭᠡᠶᠢᠯᠡᠯᠲᠡ ᠶᠢᠨ ᠮᠡᠳᠡᠯᠭᠡ ᠶᠢ ᠤᠬᠠᠭᠤᠯᠪᠠ᠃    ᠲᠣᠰ ᠤᠳᠠᠭᠠᠨ ᠤ ᠤᠬᠠᠭᠤᠯᠤᠨ ᠲᠠᠶᠢᠯᠪᠤᠷᠢᠯᠠᠬᠤ ᠠᠵᠢᠯᠯᠠᠭ᠎ᠠ ᠪᠠᠷ ᠳᠡᠮᠵᠢᠨ᠂ ᠡᠷᠳᠡᠨᠢᠪᠤᠯᠠᠭ ᠰᠣᠮᠣᠨ ᠤ ᠮᠠᠯᠴᠢᠨ ᠲᠠᠷᠢᠶᠠᠴᠢᠳ ᠤᠨ ᠴᠠᠬᠢᠯᠭᠠᠨ ᠬᠤᠯᠪᠣᠭ᠎ᠠ ᠰᠦᠯᠵᠢᠶᠡᠨ ᠤ ᠮᠡᠬᠡᠯᠡᠯ ᠢ ᠡᠰᠡᠷᠭᠦᠴᠡᠬᠦ ᠴᠢᠳᠠᠪᠤᠷᠢ ᠶᠢ ᠦᠨᠡᠨ ᠬᠦ ᠳᠡᠭᠡᠭᠰᠢᠯᠡᠭᠦᠯᠵᠦ᠂ ᠮᠠᠯᠴᠢᠨ ᠲᠦᠮᠡᠨ ᠤ ᠠᠮᠤᠷ ᠲᠦᠪᠰᠢᠨ ᠤ ᠤᠬᠠᠮᠰᠠᠷ ᠢ ᠴᠢᠩᠭᠠᠷᠠᠭᠤᠯᠵᠤ᠂ ᠪᠥᠬᠦ ᠠᠷᠠᠳ ᠤᠨ ᠮᠡᠬᠡᠯᠡᠯ ᠢ ᠡᠰᠡᠷᠭᠦᠴᠡᠬᠦ ︽ᠰᠡᠷᠭᠡᠶᠢᠯᠡᠯᠲᠡ ᠶᠢᠨ ᠬᠡᠷᠡᠮ︾ ᠢ ᠤᠯᠠᠮ ᠨᠢᠭᠡ ᠠᠯᠬᠤᠮ ᠪᠠᠲᠤ  ᠴᠣᠭᠴᠠᠯᠠᠭᠰᠠᠨ ᠠᠴᠠ ᠮᠠᠯᠴᠢᠨ ᠲᠠᠷᠢᠶᠠᠴᠢᠳ ᠤᠨ ᠰᠠᠶᠢᠰᠢᠶᠠᠯ ᠢ ᠬᠦᠷᠲᠡᠪᠡ᠃
ᠢᠷᠡᠯᠲᠡ᠄ ᠤᠷᠠᠳ ᠤᠨ ᠡᠮᠦᠨᠡᠲᠦ ᠬᠤᠰᠢᠭᠤᠨ ᠤ ᠵᠠᠰᠠᠭ ᠤᠨ ᠣᠷᠳᠤᠨ ᠤ ᠮᠣᠩᠭᠤᠯ ᠰᠦᠯᠵᠢᠶ᠎ᠡ