ᠤᠶᠢᠷ᠎ᠠ ᠶᠢᠨ ᠡᠳᠦᠷ᠂ ᠰᠢᠷ᠎ᠠ ᠪᠤᠷᠴᠠᠭ ᠡᠷᠳᠡᠨᠢ ᠰᠢᠰᠢ ᠶᠢ ᠪᠦᠰᠡᠯᠢᠭ ᠬᠡᠯᠪᠡᠷᠢ ᠪᠠᠷ ᠲᠠᠪᠬᠤᠷᠯᠠᠨ ᠲᠠᠷᠢᠬᠤ ᠲᠤᠬᠠᠢ ᠶᠢᠨ ᠲᠠᠯᠠᠪᠠᠢ ᠶᠢᠨ ᠬᠤᠷᠠᠯ ᠢ | ᠪᠠᠶᠠᠨᠬᠤᠸᠠ ᠪᠠᠯᠭᠠᠰᠤᠨ ᠤ ᠴᠠᠭᠠᠨᠬᠠᠳᠠ ᠭᠠᠴᠠᠭ᠎ᠠ ᠳᠤ ᠬᠤᠷᠠᠯᠳᠤᠭᠤᠯᠪᠠ᠃ ᠲᠤᠰ ᠤᠳᠠᠭᠠᠨ ᠤ ᠲᠡᠯᠬᠡᠷᠡᠬᠦᠯᠦᠯᠳᠡ ᠳᠤ ᠭᠤᠤᠯᠳᠠᠭᠤ ︿︿4+4﹀﹀ ᠤᠨ | ᠲᠠᠷᠢᠮᠠᠯ ᠤᠨ ᠵᠠᠭᠪᠤᠷ ᠪᠠᠶᠢᠵᠤ᠂ ᠲᠠᠷᠤᠢ ᠲᠦᠷᠪᠡᠨ ᠮᠦᠷ ᠡᠷᠳᠡᠨᠢ ᠰᠢᠰᠢ᠂ 4 ᠮᠦᠷ ᠰᠢᠷ᠎ᠠ ᠪᠤᠷᠴᠠᠭ ᠢ ᠲᠡᠯᠬᠡᠷᠡᠬᠦᠯᠪᠡ᠃ ᠡᠶᠢᠮᠦᠷᠬᠦ ᠬᠡᠯᠪᠡᠷᠢ ᠶᠢᠨ ᠲᠠᠷᠢᠮᠠᠯ ᠤᠨ | ᠵᠠᠭᠪᠤᠷ ᠨᠢ ᠡᠷᠳᠡᠨᠢ ᠰᠢᠰᠢ ᠰᠢᠷ᠎ᠠ ᠪᠤᠷᠴᠠᠭ ᠤᠨ ᠤᠷᠭᠤᠯᠳᠠ ᠶᠢᠨ ᠲᠠᠳᠬᠠᠯ ᠢ ᠬᠦᠢᠴᠡᠳ ᠤᠶᠠᠯᠳᠤᠭᠤᠯᠵᠤ᠂ ᠬᠢᠵᠠᠭᠠᠷ ᠲᠠᠢ ᠭᠠᠵᠠᠷ ᠤᠷᠤᠨ ᠤ ᠲᠠᠷᠢᠮᠠᠯ ᠤᠨ | ᠦᠨ᠎ᠡ ᠦᠷᠳᠡᠭ ᠢ ᠨᠠᠩ ᠶᠡᠭᠡ ᠪᠠᠳᠠᠷᠠᠭᠤᠯᠬᠤ ᠪᠤᠯᠤᠨ᠎ᠠ᠃ ᠰᠢᠷ᠎ᠠ ᠪᠤᠷᠴᠠᠭ ᠨᠢ ᠪᠠᠰᠠ ᠲᠤᠰ ᠪᠡᠶ᠎ᠡ ᠶᠢᠨ ᠦᠨᠳᠦᠰᠦ ᠶᠢᠨ ᠰᠢᠰᠲ᠋ᠧᠮ ᠤᠨ ᠠᠼᠤᠲ | ᠲᠤᠭᠳᠠᠪᠤᠷᠢᠵᠢᠭᠤᠯᠬᠤ ᠦᠢᠯᠡᠳᠦᠯ ᠢᠶᠠᠷ ᠲᠠᠮᠵᠢᠨ ᠡᠷᠳᠡᠨᠢ ᠰᠢᠰᠢ ᠳᠤ ᠨᠡᠩ ᠤᠯᠠᠨ ᠪᠤᠷᠳᠤᠭᠤᠷ ᠤᠨ ᠰᠢᠮ᠎ᠡ ᠲᠡᠵᠢᠬᠡᠯ ᠬᠠᠩᠭᠠᠵᠤ᠂ ᠰᠢᠷ᠎ᠠ ᠪᠤᠷᠴᠠᠭ ᠠᠯᠠᠭᠯᠠᠨ | ᠲᠠᠷᠢᠬᠤ ᠵᠠᠬ᠎ᠠ ᠶᠢᠨ ᠦᠢᠯᠡᠳᠦᠯ ᠲᠤᠤᠷ᠎ᠠ ᠨᠡᠩ ᠦᠨᠳᠦᠷ ᠤᠨᠠᠯᠳᠠ ᠤᠯᠳᠠᠭ᠃ | ᠲᠤᠰ ᠤᠳᠠᠭᠠᠨ ᠤ ᠲᠡᠯᠬᠡᠷᠡᠭᠦᠯᠬᠦ ᠠᠵᠢᠯᠯᠠᠭ᠎ᠠ ᠶᠢ ᠬᠤᠰᠢᠭᠤᠨ ᠤ ᠲᠠᠷᠢᠶᠠᠯᠠᠩ ᠮᠠᠯ ᠠᠵᠤ ᠠᠬᠤᠢ ᠪᠠ ᠰᠢᠨᠵᠢᠯᠡᠬᠦ ᠤᠬᠠᠭᠠᠨ ᠮᠡᠷᠬᠡᠵᠢᠯ ᠤᠨ ᠲᠤᠪᠴᠢᠶ᠎ᠠ᠂ | ᠪᠠᠶᠠᠨᠬᠤᠸᠠ ᠪᠠᠯᠭᠠᠰᠣᠨ ᠤ ᠵᠠᠰᠠᠭ ᠤᠨ ᠤᠷᠳᠤᠨ ᠠᠴᠠ ᠭᠤᠤᠯᠯᠠᠨ ᠡᠷᠬᠢᠯᠡᠵᠦ᠂ ᠦᠪᠦᠷ ᠮᠤᠩᠭᠤᠯ ᠤᠨ ᠮᠧᠩ ᠲᠧ ᠯᠢ ᠡᠯ ᠲᠠᠷᠢᠶᠠᠯᠠᠩ ᠤᠨ ᠬᠦᠭᠵᠢᠬᠦᠯᠦᠯᠳᠡ | ᠶᠢᠨ ᠬᠢᠵᠠᠭᠠᠷᠳᠤ ᠺᠤᠮᠫᠠᠨᠢ ᠶᠢᠨ ᠬᠠᠷᠢᠭᠤᠴᠠᠯᠭᠠᠳᠠᠨ ᠢ ᠤᠷᠢᠨ ᠲᠤᠬᠠᠢ ᠶᠢᠨ ᠲᠠᠯᠠᠪᠤᠷ ᠲᠤ ᠮᠡᠷᠭᠡᠵᠢᠯ ᠤᠨ ᠵᠢᠯᠤᠭᠤᠳᠤᠯᠭ᠎ᠠ ᠬᠢᠯᠬᠡᠵᠦ᠂ ᠲᠠᠷᠢᠶᠠᠴᠢᠳ ᠲᠠᠢ ᠬᠠᠮᠳᠤ | ᠲᠠᠷᠢᠶᠠᠨ ᠭᠠᠵᠠᠷ ᠲᠤ ᠬᠦᠷᠴᠦ ᠦᠷ᠎ᠡ ᠰᠠᠴᠤᠬᠤ ᠮᠠᠰᠢᠨ ᠲᠦᠬᠦᠬᠡᠷᠦᠮᠵᠢ ᠶᠢ ᠲᠤᠬᠢᠷᠠᠭᠤᠯᠤᠨ ᠲᠤᠷᠰᠢᠵᠤ᠂ ᠲᠠᠷᠢᠮᠠᠯ ᠤᠨ ᠮᠡᠳᠡᠯᠬᠡ ᠶᠢ ᠤᠬᠠᠭᠤᠯᠵᠤ᠂ ᠦᠷᠭᠡᠨ | ᠤᠯᠠᠨ ᠲᠠᠷᠢᠶᠠᠴᠢᠨ ᠡᠷᠦᠬᠡ ᠶᠢᠨ ᠰᠡᠵᠢᠭᠯᠡᠯ ᠳᠤ ᠬᠠᠷᠢᠭᠤᠯᠳᠠ ᠦᠭᠪᠡ᠃ |