ᠰᠠᠬᠢᠯᠭ᠎ᠠ ᠪᠠᠳᠤ ᠪᠠᠶᠢᠴᠠᠭᠠᠬᠤ ᠬᠤᠷᠢᠶ᠎ᠠ ᠬᠢᠨᠡᠨ ᠪᠠᠶᠢᠴᠠᠭᠠᠬᠤ ᠵᠦᠪᠯᠡᠯ ᠨᠢ  ︿︿ᠤᠯᠠᠮᠵᠢᠯᠠᠵᠤ ᠬᠠᠪᠰᠤᠷᠴᠤ ᠲᠠᠭᠠᠭᠤᠯᠬᠤ﹀﹀ ᠠᠵᠢᠯ ᠢ ᠢᠳᠡᠪᠬᠢᠳᠡᠢ ᠦᠷᠨᠢᠬᠦᠯᠵᠦ ᠪᠠᠶᠢᠨ᠎ᠠ
ᠨᠡᠶᠢᠲᠡᠯᠡᠭᠰᠡᠨ ᠴᠠᠭ᠄
2022/4/26
     ᠰᠠᠬᠢᠯᠭ᠎ᠠ ᠪᠠᠳᠤ ᠪᠠᠶᠢᠴᠠᠭᠠᠬᠤ ᠬᠤᠷᠢᠶ᠎ᠠ ᠬᠢᠨᠡᠨ ᠪᠠᠶᠢᠴᠠᠭᠠᠬᠤ ᠵᠦᠪᠯᠡᠯ ᠤᠨ ᠡᠩᠨᠡᠭᠡ ᠲᠠᠰᠤᠷᠠᠯᠳᠠ ᠦᠬᠡᠢ ᠦᠷᠭᠡᠳᠬᠦ ᠶᠢ ᠲᠠᠭᠠᠯᠳᠤᠨ ᠰᠠᠬᠢᠯᠭ᠎ᠠ ᠪᠠᠳᠤ ᠪᠠᠶᠢᠴᠠᠭᠠᠬᠤ ᠬᠤᠷᠢᠶ᠎ᠠ ᠬᠢᠨᠡᠨ ᠪᠠᠶᠢᠴᠠᠭᠠᠬᠤ ᠵᠦᠪᠯᠡᠯ ᠳᠤ ︿︿ᠰᠢᠨ᠎ᠠ ᠰᠤᠷᠭᠤᠭ ᠴᠢᠰᠤ﹀﹀ ᠨᠦᠬᠦᠪᠦᠷᠢᠯᠡᠵᠦ᠂ ᠺᠠᠳ᠋ᠷ ᠤᠨ ᠡᠩᠨᠡᠭᠡᠨ ᠤ ᠠᠮᠢᠵᠢᠷᠠᠯ ᠤᠨ ᠬᠦᠴᠦᠨ ᠢ ᠶᠡᠬᠡᠪᠡᠷ ᠨᠡᠮᠡᠭᠳᠡᠬᠦᠯᠦᠭᠰᠡᠨ ᠪᠠᠶᠢᠨ᠎ᠠ᠂ ᠬᠡᠪᠡᠴᠦ ᠲᠤᠬᠠᠶᠢᠯᠠᠭᠰᠠᠨ ᠠᠵᠢᠯ ᠤᠨ ᠬᠡᠪ ᠴᠢᠨᠠᠷ ᠪᠤᠯᠤᠨ ᠬᠤᠪᠢ ᠬᠦᠮᠦᠨ ᠤ ᠴᠢᠳᠠᠪᠤᠷᠢ ᠶᠢᠨ ᠠᠳᠠᠯᠢ ᠪᠤᠰᠤ ᠪᠠᠶᠢᠳᠠᠯ ᠴᠤ ᠢᠯᠡᠷᠡᠪᠡ᠃      ᠡᠨᠡᠬᠦ ᠪᠠᠶᠢᠳᠠᠯ ᠳᠤ ᠴᠢᠭᠯᠡᠭᠦᠯᠦᠨ ᠰᠠᠬᠢᠯᠭ᠎ᠠ ᠪᠠᠳᠤ ᠪᠠᠶᠢᠴᠠᠭᠠᠬᠤ ᠬᠤᠷᠢᠶ᠎ᠠ ᠬᠢᠨᠡᠨ ᠪᠠᠶᠢᠴᠠᠭᠠᠬᠤ ᠵᠦᠪᠯᠡᠯ ᠨᠢ ︿︿ᠤᠯᠠᠮᠵᠢᠯᠠᠵᠤ ᠬᠠᠪᠰᠤᠷᠴᠤ ᠲᠠᠭᠠᠭᠤᠯᠬᠤ﹀﹀ ᠠᠵᠢᠯ ᠢ ᠢᠳᠡᠪᠬᠢᠳᠡᠢ ᠦᠷᠨᠢᠬᠦᠯᠵᠦ᠂ ᠰᠠᠬᠢᠯᠭ᠎ᠠ ᠪᠠᠳᠤ ᠪᠠᠶᠢᠴᠠᠭᠠᠬᠤ ᠬᠢᠨᠡᠨ ᠪᠠᠶᠢᠴᠠᠭᠠᠬᠤ ᠡᠩᠨᠡᠭᠡ ᠶᠢᠨ ︿︿ᠰᠢᠨ᠎ᠡ ᠬᠦᠳᠡᠯᠬᠡᠬᠦ ᠡᠯᠧᠮᠧᠨ᠋ᠲ﹀﹀ ᠢ ᠲᠠᠰᠤᠷᠠᠯᠳᠠ ᠦᠬᠡᠢ ᠬᠦᠭᠵᠢᠬᠡᠵᠦ᠂ ᠵᠠᠯᠠᠭᠤ ᠺᠠᠳ᠋ᠷ ᠤᠨ ᠦᠰᠦᠨ ᠪᠤᠶᠢᠵᠢᠬᠤ ᠶᠢ ᠠᠬᠢᠭᠤᠯᠤᠭᠰᠠᠨ ᠪᠦᠬᠡᠳ ᠰᠠᠬᠢᠯᠭ᠎ᠠ ᠪᠠᠳᠤ ᠪᠠᠶᠢᠴᠠᠭᠠᠬᠤ ᠡᠩᠨᠡᠭᠡ ᠶᠢᠨ ᠠᠵᠢᠯ ᠢ ᠬᠦᠴᠦᠳᠠᠢ ᠠᠬᠢᠭᠤᠯᠵᠠᠢ᠃ ᠪᠤᠳᠠᠳᠠᠢ ᠪᠠᠷ ᠬᠡᠯᠡᠪᠡᠯ ᠬᠠᠭᠤᠴᠢᠨ ᠺᠠᠳ᠋ᠷ ᠰᠢᠨ᠎ᠡ ᠵᠠᠯᠠᠭᠤ ᠺᠠᠳ᠋ᠷ ᠢ ᠬᠤᠤᠰᠯᠠᠵᠤ ᠬᠠᠪᠰᠤᠷᠤᠨ ᠲᠠᠭᠠᠭᠤᠯᠤᠨ ᠬᠢᠵᠤ᠂ ᠰᠢᠨ᠎ᠡ ᠺᠠᠳ᠋ᠷ ᠨᠢ ᠬᠠᠭᠤᠴᠢᠨ ᠺᠠᠳ᠋ᠷ ᠢ ︿︿ᠪᠠᠭᠰᠢ ᠲᠠᠨᠢᠵᠤ﹀﹀᠂ ᠬᠠᠭᠤᠴᠢᠨ ᠺᠠᠳ᠋ᠷ ᠨᠢ ᠰᠢᠨ᠎ᠡ ᠺᠠᠳ᠋ᠷ ᠢ ︿︿ᠱᠠᠪᠢ ᠲᠠᠭᠠᠭᠤᠯᠵᠤ﹀﹀᠂ ᠺᠠᠳ᠋ᠷ ᠤᠨ ᠲᠤᠰᠢᠶᠠᠯ ᠬᠠᠷᠢᠭᠤᠴᠠᠯᠭ᠎ᠠ ᠪᠠ ᠬᠠᠪᠰᠤᠷᠤᠨ ᠲᠠᠭᠠᠭᠤᠯᠬᠤ ᠡᠳᠡᠬᠡᠳ ᠤᠨ ᠬᠠᠷᠢᠭᠤᠴᠠᠯᠭ᠎ᠠ ᠶᠢ ᠲᠤᠳᠤᠷᠬᠠᠶᠢᠯᠠᠵᠤ᠂ ᠰᠢᠨ᠎ᠡ ᠪᠠᠷ ᠢᠷᠡᠭᠰᠡᠨ ᠺᠠᠳ᠋ᠷ ᠤᠨ ᠤᠯᠤᠰ ᠲᠦᠷᠦ ᠶᠢᠨ ᠬᠠᠷᠢᠭᠤᠴᠠᠯᠭᠠᠳᠤ ᠰᠡᠳᠬᠢᠯᠬᠡ ᠶᠢ ᠴᠢᠩᠭᠠᠳᠬᠠᠵᠤ᠂ ᠤᠯᠤᠰ ᠲᠦᠷᠦ ᠶᠢᠨ ᠵᠤᠭᠰᠤᠴᠠ᠂ ᠠᠵᠢᠯ ᠤᠨ ᠬᠢᠷᠢ ᠲᠦᠪᠰᠢᠨ ᠪᠠ ᠬᠡᠷᠡᠭ ᠰᠡᠢᠳᠪᠦᠷᠢᠯᠡᠬᠦ  ᠬᠢᠷᠢ ᠲᠦᠪᠰᠢᠨ ᠢ ᠲᠠᠰᠤᠷᠠᠯᠳᠠ ᠦᠬᠡᠢ ᠲᠡᠭᠡᠭᠰᠢᠯᠡᠬᠦᠯᠪᠡ᠃
ᠢᠷᠡᠯᠲᠡ᠄ ᠤᠷᠠᠳ ᠤᠨ ᠡᠮᠦᠨᠡᠲᠦ ᠬᠤᠰᠢᠭᠤᠨ ᠤ ᠵᠠᠰᠠᠭ ᠤᠨ ᠣᠷᠳᠤᠨ ᠤ ᠮᠣᠩᠭᠤᠯ ᠰᠦᠯᠵᠢᠶ᠎ᠡ