ᠤᠷᠠᠳ ᠤᠨ ᠡᠮᠦᠨᠡᠳᠦ ᠬᠤᠰᠢᠭᠤᠨ ᠤ ᠠᠷᠠᠳ ᠤᠨ ᠪᠠᠶᠢᠴᠠᠭᠠᠬᠤ ᠬᠤᠷᠢᠶ᠎ᠠ ᠦᠰᠦᠨ ᠪᠤᠶᠢᠵᠢᠬᠤ ᠲᠠᠩᠰᠠ ᠡᠪᠬᠡᠮᠡᠯ ᠪᠠᠶᠢᠭᠤᠯᠵᠤ᠂ ᠪᠠᠶᠢᠴᠠᠭᠠᠬᠤ ᠺᠠᠳ᠋ᠷ ᠤᠨ ᠦᠰᠦᠨ ᠪᠤᠶᠢᠵᠢᠯᠳᠠ ᠳᠤ ᠵᠠᠮ ᠲᠡᠪᠢᠰᠴᠦ ᠦᠭᠪᠡ
ᠨᠡᠶᠢᠲᠡᠯᠡᠭᠰᠡᠨ ᠴᠠᠭ᠄
2022/4/26
     ᠤᠷᠠᠳ ᠤᠨ ᠡᠮᠦᠨᠡᠳᠦ ᠬᠤᠰᠢᠭᠤᠨ ᠤ ᠠᠷᠠᠳ ᠤᠨ ᠪᠠᠶᠢᠴᠠᠭᠠᠬᠤ ᠬᠤᠷᠢᠶ᠎ᠠ ᠦᠰᠦᠨ ᠪᠤᠶᠢᠵᠢᠬᠤ ᠲᠠᠩᠰᠠ ᠡᠪᠬᠡᠮᠡᠯ ᠢ ᠰᠦᠪᠡᠭᠴᠢᠯᠠᠨ ᠪᠠᠶᠢᠭᠤᠯᠵᠤ᠂ ᠺᠠᠳ᠋ᠷ ᠢ ᠬᠦᠮᠦᠵᠢᠬᠦᠯᠬᠦ ᠭᠤᠤᠯ ᠬᠠᠷᠢᠭᠤᠴᠠᠯᠭ᠎ᠠ ᠶᠢ ᠡᠳᠦᠷ ᠲᠤᠳᠤᠮ ᠤᠨ ᠠᠵᠢᠯ ᠪᠤᠯᠭᠠᠵᠤ᠂ ᠺᠠᠳ᠋ᠷ ᠴᠠᠭᠳᠠᠭ᠎ᠠ ᠶᠢᠨ ᠦᠰᠦᠨ ᠪᠤᠶᠢᠵᠢᠭᠰᠠᠨ ᠪᠦᠬᠦ ᠶᠠᠪᠤᠴᠠ ᠶᠢ ᠲᠡᠮᠳᠡᠭᠯᠡᠵᠦ ᠂ ᠺᠠᠳ᠋ᠷ ᠴᠠᠭᠳᠠᠭ᠎ᠠ ᠶᠢᠨ ᠠᠵᠢᠯ ᠤᠨ ᠢᠯᠡᠷᠡᠯ ᠢ ᠬᠦᠳᠡᠯᠦᠩᠭᠦᠢ ᠮᠦᠷᠳᠡᠨ ᠡᠵᠡᠮᠰᠢᠵᠦ᠂ ᠺᠠᠳ᠋ᠷ ᠢ ︿︿ᠰᠤᠩᠭᠤᠬᠤ ᠬᠦᠮᠦᠵᠢᠬᠦᠯᠬᠦ ᠬᠠᠮᠢᠶᠠᠷᠬᠤ ᠬᠡᠷᠡᠭᠯᠡᠬᠦ﹀﹀ ᠪᠦᠬᠦᠶᠢᠯᠡ ᠬᠡᠯᠬᠢᠶᠡᠰᠦ ᠶᠢᠨ ᠵᠤᠬᠢᠴᠠᠮᠵᠢ ᠶᠢ ᠲᠡᠬᠦᠯᠳᠡᠷᠵᠢᠬᠦᠯᠵᠦ᠂ ᠺᠠᠳ᠋ᠷ ᠴᠠᠭᠳᠠᠭ᠎ᠠ ᠶᠢᠨ  ᠦᠰᠦᠨ ᠪᠤᠶᠢᠵᠢᠬᠤ ᠳᠤ ᠵᠠᠮ ᠲᠡᠪᠢᠰᠴᠤ ᠦᠭᠪᠡ᠃     ︿︿ᠺᠠᠳ᠋ᠷ ᠴᠠᠭᠳᠠᠭ᠎ᠠ ᠶᠢᠨ ᠦᠰᠦᠨ ᠪᠤᠶᠢᠵᠢᠬᠤ ᠪᠤᠯᠪᠠᠰᠤᠷᠠᠬᠤ ᠲᠠᠩᠰᠠᠨ ᠡᠪᠬᠡᠮᠡᠯ﹀﹀ ᠳᠤ ᠺᠠᠳ᠋ᠷ ᠴᠠᠭᠳᠠᠭ᠎ᠠ ᠶᠢᠨ ᠦᠨᠳᠦᠰᠦᠨ ᠰᠤᠷᠠᠭ ᠵᠠᠩᠭᠢ᠂ ᠡᠳᠦᠷ ᠲᠤᠳᠤᠮ ᠤᠨ ᠠᠵᠢᠯ ᠤᠨ ᠪᠠᠶᠢᠳᠠᠯ᠂ ᠦᠷ᠎ᠡ ᠪᠦᠳᠦᠮᠵᠢ ᠪᠤᠯᠤᠨ ᠦᠪᠡᠷ ᠤᠨ ᠪᠡᠶ᠎ᠡ ᠳᠡᠭᠡᠨ ᠦᠭᠭᠦᠭᠰᠡᠨ ᠦᠨᠡᠯᠡᠯᠳᠡ ᠪᠠᠷ ᠦᠨᠳᠦᠰᠦᠨ ᠵᠠᠭᠪᠤᠷ ᠪᠤᠯᠭᠠᠵᠤ᠂ ᠺᠠᠳ᠋ᠷ ᠴᠠᠭᠳᠠᠭ᠎ᠠ ᠶᠢᠨ ᠦᠰᠦᠨ ᠪᠤᠶᠢᠵᠢᠬᠤ ᠤᠯᠠ ᠮᠦᠷ ᠢ ᠪᠦᠬᠦ ᠲᠠᠯ᠎ᠠ ᠪᠠᠷ ᠲᠡᠮᠳᠡᠭᠯᠡᠭᠰᠡᠨ ᠤᠷᠢᠳᠠᠯ ᠲᠤᠤᠷ᠎ᠠ ᠨᠠᠷᠢᠯᠢᠭᠵᠢᠭᠤᠯᠤᠨ ᠠᠩᠭᠢᠯᠠᠵᠤ᠂ ᠺᠠᠳ᠋ᠷ ᠴᠠᠭᠳᠠᠭ᠎ᠠ ᠶᠢᠨ ᠠᠵᠢᠯᠳᠠᠨ ᠤ ᠶᠠᠪᠤᠳᠠᠯ ᠤᠨ ᠲᠠᠩᠰᠠ ᠡᠪᠬᠡᠮᠡᠯ᠂ ᠤᠨ ᠤ ᠬᠢᠨᠠᠨ ᠰᠢᠯᠭᠠᠯᠳᠠ᠂ ᠰᠢᠯᠢᠳᠡᠭ ᠪᠠ ᠲᠠᠷᠢᠬᠦᠨ ᠤ ᠬᠢ ᠶᠢ ᠰᠢᠯᠭᠠᠷᠠᠭᠤᠯᠬᠤ ᠵᠡᠷᠭᠡ ᠮᠠᠲ᠋ᠧᠷᠢᠶᠠᠯ ᠢ ᠬᠦᠨᠵᠡᠬᠡᠢ ᠠᠭᠤᠳᠠᠯᠯᠠᠵᠤ᠂ ᠬᠦᠰᠦᠨᠦᠭᠳᠦ ᠶᠢ ᠲᠤᠰ ᠬᠦᠮᠦᠨ ᠦᠪᠡᠷ ᠢᠶᠠᠨ ᠲᠠᠭᠯᠠᠵᠤ᠂ ᠤᠯᠤᠰ ᠲᠦᠷᠦ ᠶᠢᠨ ᠬᠡᠯᠳᠡᠰ ᠠᠴᠠ ᠬᠠᠷᠢᠭᠤᠴᠠᠨ ᠬᠠᠮᠢᠶᠠᠷᠴᠤ ᠲᠡᠭᠦᠯᠳᠡᠷᠵᠢᠬᠦᠯᠬᠦ ᠶᠢᠨ ᠬᠠᠮᠳᠤ ᠬᠢᠨᠠᠨ ᠰᠢᠯᠭᠠᠨ᠎ᠠ᠃     ︿︿ᠺᠠᠳ᠋ᠷ ᠴᠠᠭᠳᠠᠭ᠎ᠠ ᠶᠢᠨ ᠦᠰᠦᠨ ᠪᠤᠶᠢᠵᠢᠬᠤ ᠪᠤᠯᠪᠠᠰᠤᠷᠠᠬᠤ ᠲᠠᠩᠰᠠᠨ ᠡᠪᠬᠡᠮᠡᠯ﹀﹀ ᠨᠢ ᠺᠠᠳ᠋ᠷ ᠤᠨ ᠰᠢᠯᠢᠳᠡᠭ ᠪᠠ ᠲᠠᠷᠢᠬᠦᠨ ᠤ ᠬᠢ ᠶᠢ ᠰᠢᠯᠭᠠᠷᠠᠭᠤᠯᠬᠤ᠂ ᠲᠡᠪᠰᠢᠬᠦᠯᠦᠨ ᠬᠡᠷᠡᠭᠯᠡᠬᠦ᠂ ᠲᠤᠰᠢᠶᠠᠯ ᠤᠨ ᠲᠡᠰ ᠢ ᠲᠡᠪᠰᠢᠬᠦᠯᠬᠦ ᠵᠡᠷᠭᠡ ᠳᠤ ᠴᠢᠬᠤᠯᠠ ᠦᠨᠳᠦᠰᠦᠯᠡᠯ ᠪᠤᠯᠭᠠᠵᠤ᠂ ᠺᠠᠳ᠋ᠷ ᠤᠨ ᠠᠰᠠᠭᠤᠳᠠᠯ ᠢ ᠰᠡᠢᠳᠪᠦᠷᠢᠯᠡᠬᠦ᠂ ᠪᠡᠷᠭᠡ  ᠶᠢ ᠰᠢᠪᠳᠤᠯᠬᠤ ᠴᠢᠳᠠᠪᠤᠷᠢ ᠶᠢ ᠲᠠᠰᠤᠷᠠᠯᠳᠠ ᠦᠬᠡᠢ ᠴᠢᠩᠭᠠᠳᠬᠠᠵᠤ᠂ ᠵᠠᠯᠠᠭᠤ ᠺᠠᠳ᠋ᠷᠴᠤᠳ ᠤᠨ ᠲᠠᠷᠤᠢ ᠲᠦᠷᠬᠡᠨ ᠦᠰᠦᠨ ᠪᠤᠶᠢᠵᠢᠬᠤ ᠶᠢ ᠠᠬᠢᠭᠤᠯᠬᠤ ᠪᠤᠯᠤᠨ᠎ᠠ᠃
ᠢᠷᠡᠯᠲᠡ᠄ ᠤᠷᠠᠳ ᠤᠨ ᠡᠮᠦᠨᠡᠲᠦ ᠬᠤᠰᠢᠭᠤᠨ ᠤ ᠵᠠᠰᠠᠭ ᠤᠨ ᠣᠷᠳᠤᠨ ᠤ ᠮᠣᠩᠭᠤᠯ ᠰᠦᠯᠵᠢᠶ᠎ᠡ