ᠤᠷᠠᠳ ᠤᠨ ᠡᠮᠦᠨᠡᠳᠦ ᠬᠤᠰᠢᠭᠤᠨ ᠤ ᠵᠠᠬ᠎ᠠ ᠲᠡᠯᠬᠡᠬᠦᠷ ᠤᠨ ᠬᠢᠨᠠᠯᠳᠠ ᠬᠠᠮᠢᠶᠠᠷᠤᠯᠳᠠ ᠶᠢᠨ ᠲᠤᠪᠴᠢᠶ᠎ᠠ  ᠲᠤᠬᠠᠢ ᠶᠢᠨ ᠲᠠᠯᠠᠪᠠᠢ ᠳᠤ ᠪᠠᠶᠢᠴᠠᠭᠠᠬᠤ ᠪᠠ ᠲᠦᠷᠭᠡᠨ ᠪᠠᠶᠢᠴᠠᠭᠠᠨ ᠬᠡᠮᠵᠢᠬᠦ ᠬᠤᠤᠰ ᠪᠠᠳᠤᠯᠠᠭ᠎ᠠ ᠶᠢᠨ ᠠᠷᠭ᠎ᠠ ᠪᠠᠷ ᠪᠠᠶᠠᠷ ᠲᠤᠷᠠᠰᠬᠠᠯ ᠤᠨ ᠡᠳᠦᠷ ᠤᠨ ᠢᠳᠡᠬᠡᠨ ᠤᠮᠳᠠᠭᠠᠨ ᠤ ᠠᠮᠤᠷ ᠲᠦᠪᠰᠢᠨ ᠤ ᠰᠡᠷᠬᠡᠶᠢᠯᠡᠯᠳᠡ ᠶᠢᠨ ᠱᠤᠭᠤᠮ ᠢ ᠪᠠᠬᠢᠵᠢᠬᠦᠯᠪᠠ
ᠨᠡᠶᠢᠲᠡᠯᠡᠭᠰᠡᠨ ᠴᠠᠭ᠄
2022/4/26
    ᠢᠳᠡᠬᠡᠨ ᠣᠮᠳᠠᠭᠠᠨ ᠤ ᠠᠮᠤᠷ ᠲᠦᠪᠰᠢᠨ ᠤ ᠬᠠᠮᠢᠶᠠᠷᠤᠯᠳᠠ ᠶᠢ ᠦᠨᠡᠨᠬᠦ ᠴᠢᠩᠭᠠᠳᠬᠠᠬᠤ ᠶᠢᠨ ᠲᠦᠯᠦᠬᠡ᠂ 4 ᠰᠠᠷᠠᠶᠢᠨ 24  ᠤ ᠡᠳᠦᠷ᠂ ᠤᠷᠠᠳ ᠤᠨ ᠡᠮᠦᠨᠡᠳᠦ ᠬᠤᠰᠢᠭᠤᠨ ᠤ ᠵᠠᠬ᠎ᠠ ᠲᠡᠯᠬᠡᠬᠦᠷ ᠤᠨ ᠬᠢᠨᠠᠯᠳᠠ ᠬᠠᠮᠢᠶᠠᠷᠤᠯᠳᠠ ᠶᠢᠨ ᠲᠤᠪᠴᠢᠶ᠎ᠠ ᠶᠢᠨ ᠢᠳᠡᠬᠡᠨ ᠢ ᠲᠦᠷᠭᠡᠨ ᠪᠠᠶᠢᠴᠠᠭᠠᠬᠤ ᠲᠤᠭᠤᠶᠢᠯᠠᠩ ᠶᠡᠭᠡ ᠰᠢᠬᠡᠳᠡᠢ ᠪᠠᠯᠭᠠᠰᠤᠨ ᠤ ᠲᠤᠮᠤ ᠬᠡᠯᠪᠡᠷᠢ ᠶᠢᠨ ᠢᠳᠡᠬᠡᠨ ᠤᠮᠳᠠᠭᠠᠨ ᠤ ᠦᠢᠯᠡᠴᠢᠯᠡᠬᠡᠨ ᠤ ᠨᠢᠬᠡᠴᠢ ᠳᠤ ᠬᠦᠨᠵᠡᠭᠡᠶᠢᠷᠡᠵᠦ᠂ ᠢᠳᠡᠬᠡᠨ ᠤ ᠠᠮᠤᠷ ᠲᠦᠪᠰᠢᠨ ᠳᠤ ᠬᠢᠨᠠᠯᠳᠠ ᠲᠠᠯᠪᠢᠬᠤ ᠪᠠ ᠲᠤᠬᠠᠢ ᠶᠢᠨ ᠲᠠᠯᠠᠪᠠᠢ ᠳᠤ ᠢᠳᠡᠬᠡᠨ ᠢ ᠲᠦᠷᠬᠡᠨ ᠰᠤᠩᠭᠤᠨ ᠪᠠᠶᠢᠴᠠᠭᠠᠪᠠ᠃    ᠬᠠᠤᠯᠢ ᠬᠡᠷᠡᠭᠵᠢᠬᠦᠯᠦᠭᠴᠢᠳ ᠢᠳᠡᠬᠡᠨ ᠤᠮᠳᠠᠭᠠᠨ ᠤ ᠦᠢᠯᠡᠴᠢᠯᠡᠬᠡᠨ ᠤ ᠨᠢᠬᠡᠴᠢ ᠶᠢᠨ ᠠᠵᠢᠯᠯᠠᠭᠴᠢᠳ ᠤᠨ ᠡᠷᠡᠬᠦᠯ ᠮᠡᠨᠳᠤ ᠶᠢᠨ ᠬᠠᠮᠢᠶᠠᠷᠤᠯᠳᠠ᠂ ᠢᠳᠡᠬᠡᠨ ᠣᠮᠳᠠᠭᠠᠨ ᠤ ᠲᠦᠬᠦᠬᠡᠢ ᠮᠠᠲ᠋ᠧᠷᠢᠶᠠᠯ ᠪᠠ ᠬᠡᠷᠡᠴᠢ ᠪᠠᠷᠢᠮᠳᠠ ᠠᠪᠬᠤ᠂ ᠬᠤᠭᠤᠯᠠᠨ ᠤ ᠦᠯᠢᠬᠡᠷ ᠬᠡᠪ ᠦᠯᠡᠳᠡᠬᠡᠬᠵᠦ ᠰᠡᠢᠳᠪᠦᠷᠢᠯᠡᠬᠦ᠂ ᠦᠯᠢᠬᠡᠷ ᠡᠳ᠋ ᠦᠯᠡᠳᠡᠬᠡᠬᠦ ᠬᠤᠷᠭᠤ ᠶᠢᠨ ᠲᠤᠯᠠᠭᠠᠨ ᠤ ᠬᠡᠮᠵᠢᠶ᠎ᠡ ᠶᠢ ᠲᠤᠬᠢᠷᠠᠭᠤᠯᠬᠤ᠂ ᠢᠳᠡᠬᠡᠨ ᠤᠮᠳᠠᠭᠠᠨ ᠤ ᠣᠷᠴᠢᠨ ᠲᠤᠭᠤᠷᠢᠨ ᠤ ᠠᠷᠢᠭᠤᠨ ᠴᠡᠪᠡᠷ ᠤᠨ ᠪᠠᠶᠢᠳᠠᠯ ᠵᠡᠷᠭᠡ ᠶᠢ ᠪᠠᠶᠢᠴᠠᠭᠠᠵᠤ ᠂ ᠢᠳᠡᠬᠡᠨ ᠤᠮᠳᠠᠭᠠᠨ ᠤ ᠦᠢᠯᠡᠴᠢᠯᠡᠬᠡᠨ ᠤ ᠨᠢᠬᠡᠴᠢ ᠶᠢᠨ ᠢᠳᠡᠬᠡᠨ ᠤᠮᠳᠠᠭᠠᠨ ᠤ ᠠᠮᠤᠷ ᠲᠦᠪᠰᠢᠨ ᠤ ᠪᠡᠶᠡᠴᠢ ᠴᠤᠭᠴᠠ ᠶᠢᠨ ᠬᠠᠷᠢᠭᠤᠴᠠᠯᠭ᠎ᠠ ᠪᠠ ᠬᠢᠵᠢᠭ ᠤᠨ ᠪᠠᠶᠢᠳᠠᠯ ᠢ ᠰᠡᠷᠬᠡᠶᠢᠯᠡᠨ ᠡᠵᠡᠮᠳᠡᠬᠦ ᠡᠯ᠎ᠡ ᠲᠦᠷᠦᠯ ᠤᠨ  ᠠᠷᠭ᠎ᠠ ᠠᠪᠴᠢᠯ ᠢ ᠡᠷᠡᠰ ᠨᠠᠶᠢᠳᠠᠪᠤᠷᠢᠵᠢᠭᠤᠯᠬᠤ ᠶᠢ ᠱᠠᠭᠠᠷᠳᠠᠵᠤ᠂ ᠠᠵᠢᠯᠯᠠᠭᠰᠠᠳ ᠤᠨ ᠵᠢᠷᠤᠮᠵᠢᠯ ᠲᠠᠢ ᠠᠮᠠᠪᠴᠢ ᠵᠡᠬᠦᠬᠦ ᠶᠢ ᠰᠢᠪᠠᠳᠠᠨ᠂ ᠢᠳᠡᠬᠡᠨ ᠤᠮᠳᠠᠭᠠᠨ ᠤ ᠠᠮᠤᠷ ᠲᠦᠪᠰᠢᠨ ᠤ ᠲᠠᠯᠳᠠ ᠬᠡᠮ ᠢ ᠦᠨᠡᠨᠬᠦ ᠠᠷᠢᠯᠭᠠᠵᠤ᠂ ᠢᠳᠡᠬᠡᠨ ᠤᠮᠳᠠᠭᠠᠨ ᠤ ᠠᠮᠤᠷ ᠲᠦᠪᠰᠢᠨ ᠢ ᠢᠷᠡᠯᠳᠡ ᠠᠴᠠ ᠨᠢ ᠬᠠᠮᠢᠶᠠᠷᠬᠤ ᠶᠢ ᠴᠢᠩᠭᠠᠳᠬᠠᠪᠠ᠃     ᠲᠠᠷᠠᠭᠠᠴᠢ ᠶᠢᠨ ᠠᠯᠬᠤᠮ ᠳᠤ᠂ ᠤᠷᠠᠳ ᠤᠨ ᠡᠮᠦᠨᠡᠳᠦ ᠬᠤᠰᠢᠭᠤᠨ ᠤ ᠵᠠᠬ᠎ᠠ ᠲᠡᠯᠬᠡᠬᠦᠷ ᠤᠨ ᠬᠢᠨᠠᠯᠳᠠ ᠬᠠᠮᠢᠶᠠᠷᠤᠯᠳᠠ ᠶᠢᠨ ᠲᠤᠪᠴᠢᠶ᠎ᠠ ᠨᠢ ᠢᠳᠡᠬᠡᠨ ᠣᠮᠳᠠᠭᠠᠨ ᠤ ᠠᠮᠤᠷ ᠲᠦᠪᠰᠢᠨ ᠤ ᠬᠢᠨᠠᠯᠳᠠ ᠬᠠᠮᠢᠶᠠᠷᠤᠯᠳᠠ ᠶᠢᠨ ᠬᠠᠷᠢᠭᠤᠴᠠᠯᠭ᠎ᠠ ᠶᠢ ᠪᠤᠳᠠᠳᠠᠶᠢᠵᠢᠭᠤᠯᠵᠤ᠂ ᠡᠳᠦᠷ ᠲᠤᠳᠤᠮ ᠤᠨ ᠬᠢᠨᠠᠯᠳᠠ ᠬᠠᠮᠢᠶᠠᠷᠤᠯᠳᠠ ᠪᠠ ᠬᠢᠨᠠᠯᠳᠠ ᠲᠠᠯᠪᠢᠵᠤ ᠰᠤᠩᠭᠤᠨ ᠪᠠᠶᠢᠴᠠᠭᠠᠬᠤ ᠶᠢ ᠴᠢᠩᠭᠠᠬᠠᠵᠤ᠂ ᠤᠷᠤᠨ ᠪᠦᠰᠡᠴᠢᠯᠡᠭᠰᠡᠨ᠂ ᠰᠢᠰᠲ᠋ᠧᠮᠴᠢᠯᠡᠭᠰᠡᠨ ᠬᠦᠨᠳᠦ ᠶᠡᠭᠡ ᠢᠳᠡᠬᠡᠨ ᠤᠮᠳᠠᠭᠠᠨ ᠤ ᠠᠮᠤᠷ ᠲᠦᠪᠰᠢᠨ ᠤ ᠠᠳᠡᠯ ᠭᠠᠷᠬᠤ ᠶᠢ ᠡᠷᠡᠰ ᠬᠤᠷᠢᠭᠯᠠᠨ᠎ᠠ᠃
ᠢᠷᠡᠯᠲᠡ᠄ ᠤᠷᠠᠳ ᠤᠨ ᠡᠮᠦᠨᠡᠲᠦ ᠬᠤᠰᠢᠭᠤᠨ ᠤ ᠵᠠᠰᠠᠭ ᠤᠨ ᠣᠷᠳᠤᠨ ᠤ ᠮᠣᠩᠭᠤᠯ ᠰᠦᠯᠵᠢᠶ᠎ᠡ