ᠠᠵᠤ ᠠᠬᠤᠶᠢᠯᠠᠯ ᠤᠨ ᠬᠦᠴᠢᠷᠳᠡᠯ ᠢ ᠤᠶᠢᠯᠠᠭᠠᠨ᠂ ᠰᠠᠨᠠᠭᠠᠴᠢᠯᠭ᠎ᠠ ᠠᠴᠠ ᠪᠠᠨ ᠰᠢᠬᠦᠬᠦ ᠬᠤᠷᠢᠶ᠎ᠠ ᠲᠠᠢ ᠬᠠᠮᠵᠢᠯᠴᠠᠨ ᠠᠵᠤ ᠠᠬᠤᠶᠢᠯᠠᠯ ᠳᠤ ᠬᠤᠯᠪᠤᠭᠳᠠᠭᠰᠠᠨ ᠵᠢᠭᠤᠷᠠᠯᠳᠤᠭᠠᠨ ᠢ ᠰᠢᠢᠳᠪᠦᠷᠢᠯᠡᠪᠡ
ᠨᠡᠶᠢᠲᠡᠯᠡᠭᠰᠡᠨ ᠴᠠᠭ᠄
2022/4/27
     ᠤᠶᠢᠷ᠎ᠠ ᠶᠢᠨ ᠡᠳᠦᠷ᠂ ᠤᠷᠠᠳ ᠤᠨ ᠡᠮᠦᠨᠡᠳᠦ ᠬᠤᠰᠢᠭᠤᠨ ᠤ ᠠᠷᠠᠳ ᠤᠨ ᠪᠠᠶᠢᠴᠠᠭᠠᠬᠤ ᠬᠤᠷᠢᠶ᠎ᠠ ᠨᠢ ᠪᠠᠶᠢᠴᠠᠭᠠᠬᠤ ᠡᠶᠡᠳᠡᠬᠦᠯᠬᠦ ᠶᠢ ᠵᠤᠯᠭᠠᠯᠳᠤᠭᠤᠯᠬᠤ ᠶᠢ ᠠᠰᠢᠭᠯᠠᠨ ᠬᠤᠰᠢᠭᠤᠨ ᠤ ᠰᠢᠬᠦᠬᠦ ᠬᠤᠷᠢᠶ᠎ᠠ ᠶᠢ ᠬᠠᠮᠵᠢᠯᠴᠠᠨ ᠤᠷᠳᠤ ᠬᠤᠭᠤᠴᠠᠭ᠎ᠠ ᠪᠠᠷ ᠠᠵᠤ ᠠᠬᠤᠶᠢᠯᠠᠯ ᠳᠤ ᠬᠤᠯᠪᠤᠭᠳᠠᠭᠰᠠᠨ ᠢᠷᠭᠡᠨ ᠤ ᠵᠠᠷᠭᠤ ᠶᠢᠨ ᠬᠡᠷᠡᠭ  ᠤᠨ ᠡᠶᠡᠳᠡᠬᠦᠯᠦᠭᠰᠡᠨ ᠦᠬᠡᠢ  ᠬᠡᠷᠡᠭ ᠢ ᠡᠶᠡᠳᠡᠭᠦᠯᠪᠡ᠃ 2020 ᠤᠨ ᠤ 1 ᠰᠠᠷ᠎ᠠ ᠳᠤ ᠹᠦ᠋ ᠤᠪᠤᠭᠳᠤ ᠪᠠ ᠸᠠᠩ ᠤᠪᠤᠭᠳᠤ ᠶᠢᠨ ᠠᠭᠤᠷᠬᠠᠢ ᠶᠢᠨ ᠴᠢᠯᠠᠭᠤ ᠶᠢᠨ ᠬᠠᠮᠳᠤᠷᠠᠨ ᠡᠵᠡᠩᠨᠡᠬᠦ ᠲᠤᠮᠳᠠ ᠡᠬᠦᠰᠦᠭᠰᠡᠨ ᠠᠵᠤ ᠠᠬᠤᠢ ᠶᠢᠨ ᠵᠢᠭᠤᠷᠠᠯᠳᠤᠭᠠᠨ ᠤ ᠬᠡᠷᠡᠭ ᠨᠢ ᠬᠤᠶᠠᠷ ᠲᠠᠯ᠎ᠠ ᠶᠢᠨ ᠵᠠᠷᠭᠤ ᠶᠢᠨ ᠮᠠᠷᠭᠤᠯᠳᠤᠭᠠᠨ ᠶᠡᠭᠡ᠂ ᠬᠡᠷᠡᠴᠢ ᠪᠠᠷᠢᠮᠳᠠ ᠶᠢᠨ ᠮᠠᠲ᠋ᠧᠷᠢᠶᠠᠯ ᠨᠢ ᠲᠤᠳᠠᠮᠠᠭ᠂ ᠤᠷᠤᠭᠤᠯᠤᠯᠳᠠ ᠪᠠ ᠵᠠᠷᠤᠯᠭ᠎ᠠ ᠨᠢ ᠲᠤᠳᠤᠷᠬᠠᠢ ᠪᠤᠰᠤ ᠵᠡᠷᠭᠡ ᠰᠢᠯᠳᠠᠭᠠᠨ ᠠᠴᠠ ᠪᠤᠯᠵᠤ ᠠᠩᠬ᠎ᠠ ᠤᠳᠠᠭᠠᠨ ᠤ ᠡᠶᠡᠳᠡᠬᠦᠯᠬᠡ ᠪᠠᠷ ᠰᠠᠨᠠᠯ ᠨᠢᠬᠡᠳᠬᠦ ᠦᠬᠡᠢ ᠤᠴᠢᠷ ᠬᠡᠷᠡᠭ ᠢ ᠰᠢᠬᠦᠨ ᠲᠠᠰᠤᠯᠠᠭᠠᠳᠤᠢ ᠪᠠᠶᠢᠪᠠ᠃     ᠪᠠᠶᠢᠴᠠᠭᠠᠬᠤ ᠬᠤᠷᠢᠶ᠎ᠠ ︿︿ᠪᠠᠶᠢᠴᠠᠭᠠᠬᠤ ᠪᠠᠶᠢᠭᠤᠯᠭ᠎ᠠ ᠵᠠᠭᠤᠨ ᠠᠵᠤ ᠠᠬᠤᠶᠢᠯᠠᠯ ᠳᠤ ᠤᠷᠤᠬᠤ﹀﹀ ᠠᠵᠢᠯᠯᠠᠭ᠎ᠠ ᠲᠤᠮᠳᠠ ᠰᠠᠨᠠᠭᠠᠴᠢᠯᠭ᠎ᠠ ᠠᠴᠠ ᠪᠠᠨ ᠮᠠᠨ ᠤ ᠬᠤᠰᠢᠭᠤᠨ ᠤ ᠰᠢᠬᠦᠬᠦ ᠬᠤᠷᠢᠶ᠎ᠠ ᠳᠤ ᠬᠦᠮᠦᠨ ᠲᠤᠮᠢᠯᠠᠨ ᠬᠡᠷᠡᠭ ᠤᠨ ᠠᠬᠢᠴᠠ ᠶᠢᠨ ᠪᠠᠶᠢᠳᠠᠯ ᠢ ᠤᠶᠢᠯᠠᠭᠠᠭᠰᠠᠨ ᠪᠦᠬᠡᠳ ᠬᠤᠶᠠᠷ ᠲᠠᠯ᠎ᠠ ᠶᠢᠨ ᠲᠤᠬᠠᠢ ᠶᠢᠨ ᠬᠦᠮᠦᠨ  ᠲᠠᠢ ᠰᠠᠨᠠᠯ ᠰᠤᠯᠢᠯᠴᠠᠵᠤ ᠬᠠᠤᠯᠢ ᠴᠠᠭᠠᠵᠠ ᠶᠢ ᠲᠠᠶᠢᠯᠪᠤᠷᠢᠯᠠᠨ ᠶᠤᠰᠤ ᠤᠴᠢᠷ ᠢ ᠶᠠᠷᠢᠵᠤ ᠦᠭᠬᠦᠭᠰᠡᠨ ᠢᠶᠠᠷ ᠬᠤᠶᠠᠷ ᠲᠠᠯ᠎ᠠ ᠪᠠᠷ ᠪᠠᠨ ᠡᠶᠡᠳᠡᠬᠦᠯᠬᠦ ᠶᠢ ᠵᠦᠪᠰᠢᠶᠠᠷᠡᠵᠦ᠂ ᠲᠠᠷᠠᠭ᠎ᠠ ᠡᠳᠦᠷ ᠨᠢ ᠡᠶᠡᠳᠡᠬᠦᠯᠬᠦ ᠬᠡᠯᠡᠯᠴᠡᠬᠡᠷ ᠤᠨ ᠪᠢᠴᠢᠭ ᠲᠤ ᠭᠠᠷ ᠤᠨ ᠦᠰᠦᠭ ᠵᠢᠷᠤᠪᠠ᠃ ᠡᠨᠡ ᠨᠢ ᠠᠵᠤ ᠠᠬᠤᠶᠢᠯᠠᠯ ᠤᠨ ᠬᠤᠷᠰᠢᠭᠴᠢ ᠶᠢᠨ ᠵᠦᠷᠢᠴᠡᠯ ᠢ ᠰᠡᠢᠳᠪᠦᠷᠢᠯᠡᠵᠦ᠂ ᠠᠵᠤ ᠠᠬᠤᠶᠢᠯᠠᠯ ᠤᠨ ᠠᠯᠤᠰ ᠬᠡᠳᠦ ᠶᠢᠨ ᠬᠦᠭᠵᠢᠯᠳᠡ ᠶᠢ ᠬᠠᠮᠠᠭᠠᠯᠠᠭᠰᠠᠨ ᠪᠠᠶᠢᠨ᠎ᠠ᠃ ᠪᠠᠰᠠ ᠰᠢᠬᠦᠬᠦ ᠬᠤᠷᠢᠶ᠎ᠠ ᠶᠢ ᠬᠠᠮᠵᠢᠯᠴᠠᠨ ᠤᠷᠳᠤ ᠬᠤᠭᠤᠴᠠᠭ᠎ᠠ ᠪᠠᠷ ᠰᠡᠢᠳᠪᠦᠷᠢᠯᠡᠵᠦ ᠲᠡᠶᠢᠯᠦᠭᠰᠡᠨ ᠦᠬᠡᠢ ᠬᠡᠷᠡᠭ ᠢ ᠰᠡᠢᠳᠪᠦᠷᠢᠯᠡᠵᠦ᠂ ᠠᠵᠤ ᠠᠬᠤᠶᠢᠯᠠᠯ ᠳᠤ ᠬᠤᠯᠪᠤᠭᠳᠠᠭᠰᠠᠨ ᠬᠡᠷᠡᠭ ᠤᠨ ᠵᠠᠷᠭᠤ ᠶᠢᠨ ᠦᠷ᠎ᠡ ᠪᠦᠳᠦᠮᠵᠢ ᠶᠢ ᠲᠡᠭᠡᠭᠰᠢᠯᠡᠬᠦᠯᠵᠦ᠂ ᠬᠠᠤᠯᠢ ᠪᠠᠷ ᠵᠠᠰᠠᠬᠤ ᠬᠤᠳᠠᠯᠳᠤᠭ᠎ᠠ ᠡᠵᠡᠩᠨᠡᠬᠦ ᠤᠷᠴᠢᠨ ᠨᠦᠬᠦᠴᠡᠯ ᠤᠨ ᠪᠠᠶᠢᠭᠤᠯᠤᠯᠳᠠ ᠶᠢ ᠰᠢᠯᠢᠳᠡᠭᠵᠢᠬᠦᠯᠬᠦ ᠳᠤ ᠬᠦᠴᠦᠨ ᠨᠠᠮᠠᠷᠢᠯᠠᠪᠠ᠃ 
ᠢᠷᠡᠯᠲᠡ᠄ ᠤᠷᠠᠳ ᠤᠨ ᠡᠮᠦᠨᠡᠲᠦ ᠬᠤᠰᠢᠭᠤᠨ ᠤ ᠵᠠᠰᠠᠭ ᠤᠨ ᠣᠷᠳᠤᠨ ᠤ ᠮᠣᠩᠭᠤᠯ ᠰᠦᠯᠵᠢᠶ᠎ᠡ