ᠰᠤᠶᠤᠯ ᠵᠢᠭᠤᠯᠴᠢᠯᠠᠯ ᠤᠨ ᠠᠵᠢᠯ ᠡᠷᠬᠢᠯᠡᠭᠴᠢᠳ ᠤᠨ ᠠᠮᠢ ᠨᠠᠰᠤ ᠡᠳ᠋ ᠬᠦᠷᠦᠩᠭᠡ ᠶᠢᠨ ᠠᠮᠤᠷ ᠲᠦᠪᠰᠢᠨ ᠪᠠ ᠨᠡᠶᠢᠬᠡᠮ ᠤᠨ ᠲᠤᠭᠳᠠᠭᠤᠨ ᠢ ᠪᠠᠳᠤᠯᠠᠵᠤ᠂ | ᠰᠤᠶᠤᠯ ᠵᠢᠭᠤᠯᠴᠢᠯᠠᠯ ᠤᠨ ᠵᠠᠬ᠎ᠠ ᠲᠡᠯᠬᠡᠬᠦᠷ ᠤᠨ ᠬᠦᠮᠦᠰ ᠲᠦᠪᠯᠡᠷᠡᠭᠰᠡᠨ ᠲᠠᠯᠠᠪᠤᠷ ᠭᠠᠵᠠᠷ ᠤᠨ ᠬᠦᠨᠳᠦ ᠨᠤᠴᠢᠳᠠᠢ᠂ ᠤᠨᠴᠠ ᠶᠡᠭᠡ ᠭᠠᠯ ᠤᠨ ᠭᠠᠮᠰᠢᠭ ᠤᠨ ᠠᠳᠡᠯ | ᠡᠬᠦᠰᠬᠦ ᠶᠢ ᠰᠡᠷᠬᠡᠶᠢᠯᠡᠨ ᠬᠤᠷᠢᠭᠯᠠᠵᠤ᠂ ᠠᠮᠤᠷ ᠲᠦᠪᠰᠢᠨ ᠡᠮᠬᠢ ᠵᠢᠷᠤᠮ ᠲᠠᠢ ᠤᠷᠠᠳ ᠤᠨ ᠡᠮᠦᠨᠡᠳᠦ ᠬᠤᠰᠢᠭᠤ ᠶᠢ ᠪᠦᠳᠦᠬᠡᠨ ᠪᠠᠶᠢᠭᠤᠯᠬᠤ ᠶᠢᠨ ᠲᠦᠯᠦᠬᠡ᠂ 4 | ᠰᠠᠷᠠᠶᠢᠨ 25 ᠤ ᠡᠳᠦᠷ᠂ ᠰᠤᠶᠤᠯ ᠪᠠᠶ᠎ᠠ ᠶᠢᠨ ᠲᠠᠮᠢᠷ ᠵᠢᠭᠤᠯᠴᠢᠯᠠᠯ ᠸᠠᠳᠢᠤ᠋ ᠲᠧᠯᠸᠢᠰ ᠶᠢᠨ ᠲᠤᠪᠴᠢᠶ᠎ᠠ ᠠᠴᠠ ᠡᠯ᠎ᠡ ᠬᠤᠶᠠᠳᠤᠭᠠᠷ ᠲᠡᠰ ᠤᠨ ᠨᠢᠬᠡᠴᠢ ᠶᠢᠨ ᠪᠦᠬᠦ | ᠠᠵᠢᠯᠳᠠᠨ ᠠᠵᠢᠯᠴᠢᠨ ᠵᠢᠴᠢ ᠬᠤᠰᠢᠭᠤᠨ ᠤ ᠲᠤᠳᠤᠷᠠᠬᠢ ᠡᠯ᠎ᠡ ᠰᠦᠯᠵᠢᠶᠡᠨ ᠤ ᠪᠠᠭᠠᠷ᠂ k t v᠂ ᠺᠢᠨᠤ᠋ ᠶᠢᠨ ᠤᠷᠳᠤᠨ᠂ ᠬᠡᠪᠯᠡᠯ ᠤᠨ ᠠᠵᠤ ᠠᠬᠤᠶᠢᠯᠠᠯ᠂ | ᠵᠢᠭᠤᠯᠴᠢᠯᠠᠯ ᠤᠨ ᠠᠵᠤ ᠠᠬᠤᠶᠢᠯᠠᠯ ᠵᠡᠷᠭᠡ ᠡᠯ᠎ᠡ ᠲᠦᠷᠦᠯ ᠤᠨ ᠲᠠᠯᠠᠪᠤᠷ ᠭᠠᠵᠠᠷ ᠤᠨ 50 ᠭᠠᠷᠤᠢ ᠡᠵᠡᠩᠨᠡᠯᠳᠡ ᠶᠢᠨ ᠦᠮᠴᠢᠳᠡᠨ ᠢ ᠵᠤᠬᠢᠶᠠᠨ ᠪᠠᠶᠢᠭᠤᠯᠵᠤ᠂ | ᠤᠯᠠᠭᠠᠨᠮᠦᠴᠢᠷ ᠤᠨ ᠠᠭᠤᠳᠠᠮ ᠲᠠᠯᠠᠪᠠᠢ ᠳᠤ ᠠᠮᠤᠷ ᠲᠦᠪᠰᠢᠨ ᠤ ᠮᠡᠳᠡᠯᠬᠡ ᠶᠢᠨ ᠲᠤᠰᠬᠠᠢ ᠰᠡᠳᠦᠪᠳᠦ ᠲᠠᠶᠢᠯᠤᠮᠵᠢ ᠵᠢᠴᠢ ᠪᠠᠴᠢᠮ ᠪᠠᠶᠢᠳᠠᠯ ᠢ ᠠᠷᠭᠠᠴᠠᠭᠠᠬᠤ | ᠰᠤᠷᠢᠯᠳᠠ ᠦᠷᠨᠢᠬᠦᠯᠪᠡ᠃ | ᠲᠤᠰ ᠤᠳᠠᠭᠠᠨ ᠤ ᠠᠮᠤᠷ ᠲᠦᠪᠰᠢᠨ ᠤ ᠮᠡᠳᠡᠯᠬᠡ ᠶᠢᠨ ᠲᠤᠰᠬᠠᠢ ᠰᠡᠳᠦᠪᠳᠦ ᠲᠠᠶᠢᠯᠤᠮᠵᠢ ᠵᠢᠴᠢ ᠪᠠᠴᠢᠮ ᠪᠠᠶᠢᠳᠠᠯ ᠢ ᠠᠷᠭᠠᠴᠠᠭᠠᠬᠤ ᠰᠤᠷᠢᠯᠳᠠ ᠪᠠᠷ | ᠲᠠᠮᠵᠢᠭᠤᠯᠤᠨ ᠤᠯᠠᠨ ᠲᠦᠮᠡᠨ ᠤ ᠠᠮᠤᠷ ᠲᠦᠪᠰᠢᠨ ᠤ ᠦᠵᠡᠯ ᠤᠬᠠᠮᠰᠠᠷ ᠢ ᠤᠯᠠᠮ ᠨᠢᠬᠡ ᠠᠯᠬᠤᠮ ᠴᠢᠩᠭᠠᠷᠠᠭᠤᠯᠵᠤ᠂ ᠠᠮᠤᠷ ᠲᠦᠪᠰᠢᠨ ᠤ ᠮᠡᠳᠡᠯᠬᠡ ᠶᠢ | ᠤᠶᠢᠯᠠᠭᠠᠬᠤ ᠪᠠ ᠭᠠᠯ ᠤᠨᠳᠠᠷᠠᠭᠠᠬᠤ ᠪᠠᠭᠠᠵᠢ ᠬᠡᠷᠡᠭᠰᠡᠯ ᠢ ᠵᠦᠪ ᠬᠡᠷᠡᠭᠯᠡᠬᠦ ᠪᠤᠳᠠᠳᠤ ᠪᠠᠶᠢᠯᠳᠤᠭᠠᠨ ᠤ ᠮᠡᠷᠬᠡᠵᠢᠯ ᠴᠢᠳᠠᠪᠤᠷᠢ ᠶᠢ ᠲᠡᠭᠡᠭᠰᠢᠯᠡᠬᠦᠯᠦᠨ᠂ ᠠᠮᠤᠷ ᠲᠦᠪᠰᠢᠨ | ᠤ ᠬᠡᠨᠡᠳᠳᠡ ᠶᠢᠨ ᠠᠳᠡᠯ ᠢ ᠠᠷᠭᠠᠴᠠᠭᠠᠬᠤ ᠪᠠᠴᠢᠮ ᠪᠠᠶᠢᠳᠠᠯ ᠢ ᠠᠷᠭᠠᠴᠠᠭᠠᠨ ᠰᠡᠢᠳᠪᠦᠷᠢᠯᠡᠬᠦ ᠴᠢᠳᠠᠪᠤᠷᠢ ᠪᠠ ᠠᠶᠤᠯ ᠲᠦᠭᠰᠢᠬᠦᠷᠢ ᠶᠢᠨ ᠡᠮᠦᠨ᠎ᠡ ᠯᠠᠪᠳᠠᠭᠤᠨ | ᠲᠤᠭᠳᠠᠭᠤᠨ ᠢᠶᠠᠷ ᠰᠡᠢᠳᠪᠦᠷᠢᠯᠡᠬᠦ ᠴᠢᠳᠠᠪᠤᠷᠢ ᠶᠢ ᠪᠦᠳᠦᠮᠵᠢᠳᠡᠢ ᠲᠡᠭᠡᠭᠰᠢᠯᠡᠬᠦᠯᠪᠡ᠃ |