ᠵᠢᠮᠢᠰ ᠨᠤᠭᠤᠭ᠎ᠠ ᠳᠠᠬᠢ ᠲᠠᠷᠢᠶᠠᠨ ᠡᠮ ᠤᠨ ᠦᠯᠡᠳᠡᠭᠳᠡᠯ ᠢ ᠶᠠᠭᠠᠬᠢᠪᠡᠯ ᠰᠠᠶ᠋ᠢ ᠪᠦᠲᠦᠮᠵᠢᠲᠡᠢ ᠠᠷᠢᠯᠭᠠᠵᠣ ᠴᠢᠳᠠᠬᠤ ᠪᠣᠢ︖
ᠨᠡᠶᠢᠲᠡᠯᠡᠭᠰᠡᠨ ᠴᠠᠭ᠄
2022/4/27
      ᠲᠠᠷᠢᠶᠠᠨ ᠡᠮ᠂ ᠬᠤᠷᠮᠣᠨ᠂ ᠠᠭᠠᠷ ᠤᠨ ᠪᠤᠵᠠᠷᠳᠤᠯ᠂ ᠣᠷᠴᠢᠨ ᠲᠣᠭᠤᠷᠢᠨ  ᠵᠡᠷᠭᠡ  ᠨᠥᠯᠥᠭᠡ ᠠᠴᠠ ᠢᠳᠡᠭᠡᠨ ᠤᠮᠳᠠᠭᠠᠨ ᠤ ᠠᠮᠣᠷ ᠳᠦᠪᠰᠢᠨ ᠢ ᠰᠦᠷᠳᠡᠭᠦᠯᠬᠦ  ᠡᠯᠧᠮᠧᠨ᠋ᠲ ᠤᠯᠠᠮ ᠠᠴᠠ ᠤᠯᠠᠮ ᠣᠯᠠᠰᠢᠷᠠᠵᠤ ᠪᠠᠶᠢᠨ᠎ᠠ᠂ ᠲᠠᠷᠢᠶᠠᠨ ᠡᠮ ᠤᠨ ᠦᠯᠡᠳᠡᠭᠳᠡᠯ ᠤᠨ ᠪᠡᠶ᠎ᠡ ᠮᠠᠬᠠᠪᠣᠳ ᠲᠤ ᠦᠵᠡᠭᠦᠯᠬᠦ ᠨᠥᠯᠥᠭᠡ ᠶᠢ ᠬᠡᠷᠬᠢᠨ ᠬᠠᠮᠤᠭ ᠤᠨ ᠳᠣᠣᠷ᠎ᠠ  ᠬᠡᠮᠵᠢᠶᠡᠨ ᠳᠤ ᠬᠦᠷᠲᠡᠯ᠎ᠡ ᠪᠠᠭᠤᠷᠠᠭᠤᠯᠬᠤ ᠨᠢ ᠬᠥᠮᠦᠰ ᠤᠨ  ᠬᠠᠮᠤᠭ ᠠᠴᠠ ᠠᠩᠬᠠᠷᠳᠠᠭ ᠠᠰᠠᠭᠤᠳᠠᠯ ᠪᠣᠯᠤᠭᠰᠠᠨ ᠪᠠᠶᠢᠨ᠎ᠠ᠃ ᠲᠡᠭᠡᠪᠡᠯ ᠵᠢᠮᠢᠰ ᠨᠤᠭᠤᠭ᠎ᠠ ᠳᠠᠬᠢ ᠲᠠᠷᠢᠶᠠᠨ ᠡᠮ ᠤᠨ ᠦᠯᠡᠳᠡᠭᠳᠡᠯ ᠢ ᠶᠠᠭᠠᠬᠢᠪᠡᠯ ᠰᠠᠶ᠋ᠢ ᠪᠦᠲᠦᠮᠵᠢᠲᠡᠶ ᠠᠷᠢᠯᠭᠠᠵᠤ ᠴᠢᠳᠠᠬᠤ ᠪᠤᠢ︖                    ᠨᠢᠭᠡ᠂ ︽ᠬᠠᠯᠢᠰᠤᠯᠠᠬᠤ︾ ᠠᠷᠭ᠎ᠠ             ᠠᠯᠮᠤᠷᠠᠳ᠂  ᠠᠯᠢᠮ᠎ᠠ᠂  ᠲᠥᠮᠥᠰᠥ  ᠵᠡᠷᠭᠡ  ᠬᠠᠯᠢᠰᠤᠯᠠᠵᠦ  ᠪᠣᠯᠳᠠᠭ  ᠵᠢᠮᠢᠰ  ᠨᠣᠭᠤᠭ᠎ᠠ ᠳᠤ  ᠠᠪᠴᠤ  ᠬᠡᠯᠡᠪᠡᠯ᠂ ᠬᠠᠯᠢᠰᠤᠯᠠᠬᠤ ᠪᠣᠯ ᠲᠠᠷᠢᠶᠠᠨ ᠡᠮ ᠤᠨ ᠦᠯᠡᠳᠡᠭᠳᠡᠯ ᠢ ᠠᠷᠢᠯᠭᠠᠬᠤ ᠨᠡᠯᠢᠶᠡᠳ ᠰᠠᠶᠢᠨ ᠠᠷᠭ᠎ᠠ ᠪᠣᠯᠤᠨ᠎ᠠ᠃ ᠬᠠᠯᠢᠰᠤᠯᠠᠭᠰᠠᠨ ᠵᠢᠮᠢᠰ ᠨᠣᠭᠤᠭ᠎ᠠ ᠶᠢ ᠬᠠᠯᠢᠰᠤᠯᠠᠭᠠᠳᠤᠢ ᠵᠢᠮᠢᠰ ᠨᠣᠭᠤᠭ᠎ᠠ ᠲᠠᠢ ᠰᠠᠯᠭᠠᠨ ᠲᠠᠯᠪᠢᠵᠤ᠂ ᠳᠠᠬᠢᠨ ᠪᠤᠵᠠᠷᠲᠤᠬᠤ ᠠᠴᠠ ᠵᠠᠶᠢᠯᠠᠰᠬᠢᠬᠦ ᠬᠡᠷᠡᠭᠲᠡᠢ᠃                    ᠬᠤᠶᠠᠷ᠂ ︽ᠳᠡᠪᠲᠦᠭᠡᠬᠦ︾ ᠠᠷᠭ᠎ᠠ                   ᠬᠠᠯᠢᠰᠤᠯᠠᠵᠦ ᠪᠤᠯᠬᠤ ᠦᠭᠡᠢ ᠵᠢᠮᠢᠰ ᠨᠣᠭᠤᠭ᠎ᠠ ᠶᠢ ᠴᠡᠪᠡᠷ ᠤᠰᠤ ᠪᠠᠷ ᠤᠬᠢᠶᠠᠭᠰᠠᠨ ᠤ ᠳᠠᠷᠠᠭ᠎ᠠ ᠂ ᠲᠠᠪᠤᠰᠣ ᠲᠠᠢ ᠤᠰᠤ᠂ ᠱᠦᠯᠲᠦᠲᠦ ᠤᠰᠤ ᠪᠤᠶᠤ ᠪᠣᠳᠠᠭᠠᠨ ᠤ ᠣᠬᠢᠶᠠᠳᠠᠰᠣ ᠵᠡᠷᠭᠡ ᠪᠠᠷ ᠳᠡᠪᠲᠦᠭᠡᠨ᠎ᠡ᠃ ᠣᠷᠭᠠᠨᠢᠭ ᠹᠣᠰᠹᠣᠷᠲᠤ ᠬᠤᠷᠣᠬᠠᠶ ᠠᠯᠠᠬᠤ ᠡᠳ᠋ ᠨᠢ ᠱᠦᠯᠲᠦᠯᠢᠭ ᠣᠷᠴᠢᠨ ᠲᠣᠭᠤᠷᠢᠨ ᠳᠤ ᠮᠠᠰᠢ ᠲᠦᠷᠭᠡᠨ ᠵᠠᠳᠠᠷᠠᠳᠠᠭ ᠪᠣᠯᠬᠤᠷ ᠱᠦᠯᠲᠦᠯᠢᠭ  ᠤᠰᠤ ᠪᠠᠷ  ᠵᠢᠮᠢᠰ ᠨᠣᠭᠤᠭ᠎ᠠ ᠶᠢ ᠳᠡᠪᠲᠦᠭᠡᠬᠦ ᠪᠣᠯ ᠲᠠᠷᠢᠶᠠᠨ ᠡᠮ ᠤᠨ ᠦᠯᠡᠳᠡᠭᠳᠡᠯ ᠢ ᠠᠷᠢᠯᠭᠠᠬᠤ ᠪᠦᠲᠦᠮᠵᠢᠲᠡᠶ  ᠠᠷᠭ᠎ᠠ ᠶᠢᠨ ᠨᠢᠭᠡ  ᠪᠣᠯᠤᠨ᠎ᠠ᠃ ᠡᠭᠦᠨ ᠠᠴᠠ ᠭᠠᠳᠠᠨ᠎ᠠ᠂ ᠳᠠᠪᠤᠰᠤ ᠲᠠᠢ ᠤᠰᠤ᠂ ᠪᠣᠳᠠᠭᠠᠨ ᠤ ᠣᠬᠢᠶᠠᠳᠠᠰᠣ ᠵᠡᠷᠭᠡ ᠪᠠᠷ ᠳᠡᠪᠲᠦᠭᠡᠭᠰᠡᠨ ᠵᠢᠮᠢᠰ ᠨᠣᠭᠤᠭ᠎ᠠ ᠨᠢ ᠪᠠᠰᠠ ᠲᠠᠷᠢᠶᠠᠨ ᠡᠮ ᠤᠨ ᠦᠯᠡᠳᠡᠭᠳᠡᠯ ᠢ ᠠᠷᠢᠯᠭᠠᠵᠤ ᠳᠡᠶᠢᠯᠦᠨ᠎ᠡ᠃                   ᠭᠤᠷᠪᠠ᠂ ︽ᠠᠭᠤᠷᠰᠢᠭᠤᠯᠬᠤ︾ ᠠᠷᠭ᠎ᠠ           ᠰᠢᠪᠳᠣᠷᠳᠣ ᠮᠧᠲ᠋ᠢᠯ ᠬᠦᠴᠢᠯ ᠤᠨ ᠲᠥᠷᠥᠯ ᠤᠨ ᠬᠤᠷᠤᠬᠠᠢ ᠠᠯᠠᠬᠤ ᠡᠳ᠋ ᠢ ᠬᠠᠯᠠᠭᠠᠬᠤ ᠠᠷᠭ᠎ᠠ  ᠪᠠᠷ  ᠲᠠᠷᠢᠶᠠᠨ ᠡᠮ ᠤᠨ ᠦᠯᠡᠳᠡᠭᠳᠡᠯ ᠢ ᠠᠷᠢᠯᠭᠠᠵᠤ ᠪᠣᠯᠤᠨ᠎ᠠ᠃  ᠳᠣᠯᠠᠭᠠᠨ ᠤ ᠬᠡᠮᠵᠢᠶ᠎ᠡ ᠶᠢᠨ ᠳᠡᠭᠡᠭᠰᠢᠯᠡᠬᠦ ᠶᠢ ᠳᠠᠭᠠᠯᠳᠤᠨ  ᠲᠠᠷᠢᠶᠠᠨ  ᠡᠮ ᠤᠨ ᠦᠯᠡᠳᠡᠭᠳᠡᠯ ᠲᠦᠷᠭᠡᠨ ᠵᠠᠳᠠᠷᠠᠨ᠎ᠠ᠃ ᠥᠷᠭᠡᠰᠦᠲᠦ ᠨᠣᠭᠤᠭ᠎ᠠ᠂ ᠴᠤᠭᠤᠷ ᠨᠣᠭᠤᠭ᠎ᠠ ᠵᠡᠷᠭᠡ ᠰᠢᠢᠳᠪᠦᠷᠢᠯᠡᠬᠦ ᠳᠤ  ᠬᠦᠴᠢᠷ  ᠵᠢᠮᠢᠰ ᠨᠣᠭᠤᠭ᠎ᠠ ᠶᠢ ᠴᠡᠪᠡᠷ ᠤᠰᠤ ᠪᠠᠷ ᠤᠬᠢᠶᠠᠭᠰᠠᠨ ᠤ ᠳᠠᠷᠠᠭ᠎ᠠ  ᠪᠤᠴᠠᠯᠤᠭᠰᠠᠨ   ᠤᠰᠤᠨ ᠳᠤ  2  ~ 5 ᠮᠢᠨᠦ᠋ᠲ  ᠪᠣᠴᠠᠯᠭᠠᠵᠦ᠂ ᠱᠦᠭᠦᠵᠦ ᠭᠠᠷᠭᠠᠭᠰᠠᠨ ᠤ ᠳᠠᠷᠠᠭ᠎ᠠ ᠴᠡᠪᠡᠷ ᠤᠰᠤ ᠪᠠᠷ 1 ~ 2 ᠤᠳᠠᠭ᠎ᠠ ᠤᠬᠢᠶᠠᠪᠠᠯ  ᠪᠣᠯᠴᠢᠬᠠᠨ᠎ᠠ᠃               ᠡᠭᠦᠨ ᠠᠴᠠ ᠭᠠᠳᠠᠨ᠎ᠠ᠂ ᠣᠳᠣᠬᠠᠨ ᠳᠤ ᠵᠠᠬ᠎ᠠ ᠳᠡᠯᠭᠡᠭᠦᠷ ᠲᠤ ᠮᠠᠰᠢ  ᠣᠯᠠᠨ  ᠬᠡᠲᠦ  ᠳᠠᠭᠤᠨ ᠳᠣᠯᠭᠢᠶᠠᠨ ᠢᠶᠠᠷ ᠵᠢᠮᠢᠰ ᠨᠣᠭᠤᠭ᠎ᠠ ᠶᠢ ᠴᠡᠪᠡᠷᠯᠡᠬᠦ ᠮᠠᠰᠢᠨ ᠭᠠᠷᠴᠣ ᠪᠠᠶᠢᠨ᠎ᠠ᠂ ᠲᠡᠭᠦᠨ ᠤ ᠭᠤᠤᠯ ᠦᠨᠳᠦᠰᠦᠯᠡᠯ ᠨᠢ ᠣᠽᠣᠨ ᠪᠠ ᠬᠡᠲᠦ ᠳᠠᠭᠤᠨ ᠳᠣᠯᠭᠢᠶᠠᠨ ᠢ ᠤᠶᠠᠯᠳᠤᠭᠤᠯᠬᠤ ᠶᠠᠪᠤᠳᠠᠯ ᠪᠣᠯᠤᠨ᠎ᠠ᠃ ᠭᠡᠳᠦ ᠲᠡᠭᠤᠠ ᠳᠣᠯᠭᠢᠶᠠᠨ ᠤ ᠣᠬᠢᠶᠠᠯᠭ᠎ᠠ ᠶᠢᠨ  ᠰᠢᠩᠭᠡᠨ ᠪᠡᠶᠡᠲᠦ ᠳᠤ ᠳᠠᠮᠵᠢᠬᠤ ᠦᠶ᠎ᠡ ᠶᠢᠨ ᠹᠢᠽᠢᠺ ᠤᠨ ᠣᠶᠢᠯᠡᠳᠣᠯ ᠳᠤ ᠰᠠᠭᠤᠷᠢᠯᠠᠵᠣ᠂ ᠰᠢᠨ᠎ᠡ ᠰᠣᠷᠭᠤᠭ ᠢ ᠬᠠᠳᠠᠭᠠᠯᠠᠬᠤ ᠪᠠ ᠲᠠᠷᠢᠶᠠᠨ ᠡᠮ ᠤᠨ ᠦᠯᠡᠳᠡᠭᠳᠡᠯ ᠢ ᠴᠡᠪᠡᠷᠰᠢᠭᠦᠯᠬᠦ ᠦᠷ᠎ᠡ ᠪᠦᠲᠦᠮᠵᠢ ᠳᠤ ᠬᠦᠷᠳᠡᠭ᠃            ᠲᠠᠷᠢᠶᠠᠨ ᠡᠮ ᠲᠠᠢ ᠢᠳᠡᠭᠡᠨ ᠢ ᠦᠷᠭᠦᠯᠵᠢ ᠢᠳᠡᠪᠡᠯ ᠳᠤᠷ᠎ᠠ ᠪᠤᠯᠭᠢᠵᠤ  ᠪᠥᠭᠡᠯᠵᠢᠬᠦ᠂ ᠰᠠᠭᠤᠯᠭᠠᠬᠤ᠂ ᠬᠠᠪᠣᠳᠬᠤ᠂ ᠲᠠᠲᠠᠪᠠᠯᠵᠠᠬᠤ᠂ ᠮᠠᠨᠠᠷᠠᠬᠤ ᠵᠡᠷᠭᠡ ᠡᠪᠡᠳᠴᠢᠨ ᠤ ᠢᠯᠡᠷᠡᠯ ᠢ ᠡᠭᠦᠰᠭᠡᠵᠦ ᠮᠡᠳᠡᠨ᠎ᠡ᠃ ᠡᠪᠡᠳᠴᠢᠨ ᠨᠢ ᠬᠦᠳᠣᠷᠡᠪᠡᠯ ᠬᠤᠳᠣᠭᠤᠳᠣ ᠠᠴᠠ ᠴᠢᠰᠤ ᠭᠠᠷᠬᠤ ᠵᠡᠷᠭᠡ ᠪᠠᠶᠢᠳᠠᠯ ᠢᠯᠡᠷᠡᠵᠦ ᠮᠡᠳᠡᠨ᠎ᠡ᠃ ᠡᠶᠢᠮᠦ ᠠᠴᠠ ᠶᠠᠮᠠᠷ ᠠᠷᠭ᠎ᠠ ᠶᠢ  ᠬᠡᠷᠡᠭᠯᠡᠭᠰᠡᠨ ᠴᠦ ᠵᠢᠮᠢᠰ ᠨᠣᠭᠤᠭ᠎ᠠ ᠶᠢ ᠡᠷᠬᠡᠪᠰᠢ ᠤᠬᠢᠶᠠᠵᠤ ᠴᠡᠪᠡᠷᠯᠡᠭᠰᠡᠨ ᠤ ᠳᠠᠷᠠᠭ᠎ᠠ ᠰᠠᠶ᠋ᠢ ᠢᠳᠡᠬᠦ ᠬᠡᠷᠡᠭᠲᠡᠢ᠃ 
ᠢᠷᠡᠯᠲᠡ᠄ ᠠᠷᠠᠳ ᠤᠨ ᠰᠦᠯᠵᠢᠶ᠎ᠡ