ᠪᠠᠭᠰᠢ ᠰᠤᠷᠤᠭᠴᠢᠳ ᠤᠨ ᠰᠦᠷᠳᠡᠭᠦᠯᠦᠯ ᠢ ᠡᠰᠡᠷᠭᠦᠴᠡᠬᠦ᠂ ᠰᠦᠷᠳᠡᠭᠦᠯᠦᠯ ᠢ ᠰᠡᠷᠭᠡᠶᠢᠯᠡᠬᠦ ᠪᠠᠴᠢᠮ ᠪᠠᠶᠢᠳᠠᠯ ᠢ ᠠᠷᠭᠠᠴᠠᠨ ᠰᠢᠢᠳᠪᠦᠷᠢᠯᠡᠬᠦ ᠴᠢᠳᠠᠪᠤᠷᠢ ᠶᠢ | ᠳᠡᠭᠡᠭᠰᠢᠯᠡᠭᠦᠯᠬᠦ ᠶᠢᠨ ᠲᠥᠯᠥᠭᠡ᠂ 4 ᠰᠠᠷ᠎ᠠ ᠶᠢᠨ 25 ᠤ ᠡᠳᠦᠷ᠂ ᠤᠷᠠᠳ ᠤᠨ ᠡᠮᠦᠨᠡᠲᠦ ᠬᠤᠰᠢᠭᠤᠨ ᠤ ᠳᠣᠲᠣᠭᠠᠳᠤ ᠶᠢ ᠬᠠᠮᠠᠭᠠᠯᠠᠬᠤ ᠲᠣᠪᠴᠢᠶ᠎ᠠ ᠶᠢᠨ ᠪᠠᠭ᠎ᠠ | ᠰᠢᠭᠡᠲᠡᠢ ᠲᠣᠮᠢᠯᠠᠭᠰᠠᠨ ᠰᠠᠯᠪᠤᠷᠢ ᠪᠠᠭ᠎ᠠ ᠰᠢᠭᠡᠲᠡᠢ ᠪᠠᠯᠭᠠᠰᠣᠨ ᠤ ᠪᠠᠭ᠎ᠠ ᠰᠤᠷᠭᠠᠭᠤᠯᠢ ᠶᠢᠨ ᠪᠠᠭᠰᠢ ᠰᠤᠷᠤᠭᠴᠢᠳ ᠲᠤ ᠰᠤᠷᠭᠠᠭᠤᠯᠢ ᠶᠢᠨ ᠬᠦᠷᠢᠶᠡᠨ ᠤ ᠠᠮᠤᠷ | ᠲᠦᠪᠰᠢᠨ ᠤ ᠰᠣᠷᠢᠯᠲᠠ ᠶᠢ ᠵᠣᠬᠢᠶᠠᠨ ᠪᠠᠶᠢᠭᠤᠯᠤᠨ ᠥᠷᠨᠢᠭᠦᠯᠪᠡ᠃ | ᠰᠣᠷᠢᠯᠲᠠ ᠳᠤ᠂ ᠠᠷᠠᠳ ᠤᠨ ᠴᠠᠭᠳᠠᠭ᠎ᠠ ᠠᠴᠠ ᠮᠠᠭᠤ ᠡᠲᠡᠭᠡᠳ ᠪᠠ ᠮᠡᠳᠡᠷᠡᠯ ᠤᠨ ᠡᠪᠡᠳᠴᠢᠲᠡᠨ ᠰᠤᠷᠭᠠᠭᠤᠯᠢ ᠳᠤ ᠳᠠᠭᠠᠷᠢᠨ ᠣᠷᠣᠵᠤ ᠰᠣᠷᠣᠭᠴᠢ ᠶᠢ | ᠳᠠᠭᠤᠵᠣ ᠬᠦᠬᠡᠬᠡᠨ ᠴᠠᠪᠴᠢᠵᠤ ᠠᠯᠠᠬᠤ ᠵᠡᠷᠭᠡ ᠪᠠᠶᠢᠳᠠᠯ ᠢ ᠬᠡᠷᠬᠢᠨ ᠰᠢᠢᠳᠪᠦᠷᠢᠯᠡᠬᠦ᠂ ᠦᠪᠡᠷ ᠢ ᠪᠠᠨ ᠬᠠᠮᠠᠭᠠᠯᠠᠬᠤ ᠪᠠᠭᠠᠵᠢ ᠬᠡᠷᠡᠭᠰᠡᠯ ᠢ ᠬᠡᠷᠬᠢᠨ ᠣᠨᠣᠪᠴᠢᠲᠠᠢ | ᠬᠡᠷᠡᠭᠯᠡᠬᠦ᠂ ᠬᠦᠴᠦᠷᠬᠡᠭᠯᠡᠯ ᠢ ᠬᠡᠷᠭᠢᠨ ᠰᠡᠷᠭᠡᠶᠢᠯᠡᠬᠦ ᠵᠡᠷᠭᠡ ᠲᠠᠯ᠎ᠠ ᠪᠠᠷ ᠨᠠᠷᠢᠨ ᠲᠣᠲᠣᠷᠬᠠᠢ ᠲᠠᠶᠢᠯᠪᠣᠷᠢᠯᠠᠵᠤ ᠦᠭᠭᠦᠨ᠂ ᠪᠠᠭᠰᠢ ᠰᠣᠷᠣᠭᠴᠢᠳ ᠤᠨ ᠠᠮᠣᠷ | ᠲᠦᠪᠰᠢᠨ ᠤ ᠣᠬᠠᠮᠰᠠᠷ ᠢ ᠨᠢ ᠣᠯᠠᠮ ᠨᠢᠭᠡ ᠠᠯᠬᠤᠮ ᠨᠡᠮᠡᠭᠳᠡᠭᠦᠯᠦᠭᠰᠡᠨ ᠪᠠᠶᠢᠨ᠎ᠠ᠃ | ᠰᠣᠷᠢᠯᠲᠠ ᠳᠠᠭᠤᠰᠤᠭᠰᠠᠨ ᠤ ᠳᠠᠷᠠᠭ᠎ᠠ᠂ ᠠᠷᠠᠳ ᠤᠨ ᠴᠠᠭᠳᠠᠭ᠎ᠠ ᠠᠴᠠ ᠰᠤᠷᠭᠠᠭᠤᠯᠢ ᠶᠢᠨ ᠭᠠᠯ ᠤᠨᠲᠠᠷᠠᠭᠠᠬᠤ ᠲᠦᠭᠦᠭᠡᠷᠦᠮᠵᠢ᠂ ᠠᠮᠤᠷ ᠲᠦᠪᠰᠢᠨ ᠤ | ᠨᠡᠪᠲᠡᠷᠡᠬᠦ ᠵᠠᠮ᠂ ᠬᠠᠷᠠᠭᠠᠨ ᠳᠠᠪᠲᠠᠮᠵᠢ ᠪᠠᠷ ᠬᠢᠨᠠᠨ ᠡᠵᠡᠮᠳᠡᠬᠦ ᠲᠥᠬᠦᠭᠡᠷᠦᠮᠵᠢ᠂ ᠠᠮᠤᠷ ᠢ ᠬᠠᠮᠠᠭᠠᠯᠠᠬᠤ ᠪᠠᠭᠠᠵᠢ ᠬᠡᠷᠡᠭᠰᠡᠯ ᠵᠢᠴᠢ ᠠᠮᠤᠷ ᠲᠦᠪᠰᠢᠨ ᠤ ᠲᠦᠷᠢᠮ ᠢ | ᠲᠣᠭᠲᠠᠭᠠᠨ ᠨᠠᠶᠢᠳᠠᠪᠤᠷᠢᠵᠢᠭᠤᠯᠤᠭᠰᠠᠨ ᠪᠠᠶᠢᠳᠠᠯ ᠢ ᠨᠠᠷᠢᠨ ᠬᠢᠨᠠᠮᠠᠭᠠᠶ ᠪᠠᠶᠢᠴᠠᠭᠠᠭᠰᠠᠨ ᠪᠥᠭᠡᠳ ᠰᠤᠷᠭᠠᠭᠤᠯᠢ ᠶᠢᠨ ᠬᠦᠷᠢᠶᠡᠨ ᠤ ᠠᠮᠤᠷ ᠲᠦᠪᠰᠢᠨ ᠤ | ᠰᠡᠷᠭᠡᠶᠢᠯᠡᠯᠲᠡ ᠶᠢᠨ ᠠᠷᠭ᠎ᠠ ᠬᠡᠮᠵᠢᠶ᠎ᠡ ᠶᠢ ᠴᠢᠩᠭ᠎ᠠ ᠨᠠᠶᠢᠳᠠᠪᠤᠷᠢᠵᠢᠭᠤᠯᠵᠤ᠂ ᠬᠠᠷᠠᠭᠠᠨ ᠳᠠᠪᠲᠠᠮᠵᠢ ᠪᠠᠷ ᠬᠢᠨᠠᠨ ᠡᠵᠡᠮᠳᠡᠵᠦ ᠥᠯᠥ ᠪᠣᠯᠬᠤ ᠭᠠᠵᠠᠷ ᠢ ᠢᠯᠭᠠᠷᠠᠭᠤᠯᠤᠨ᠂ | ᠡᠭᠦᠳᠡᠨ ᠬᠠᠷᠠᠭᠤᠯ ᠤᠨ ᠵᠢᠵᠢᠭᠦᠷᠯᠡᠨ ᠲᠣᠭᠤᠷᠢᠨ ᠪᠠᠶᠢᠴᠠᠭᠠᠬᠤ ᠶᠢ ᠴᠢᠩᠭᠠᠳᠬᠠᠵᠤ᠂ ᠰᠤᠷᠭᠠᠭᠤᠯᠢ ᠶᠢᠨ ᠬᠦᠷᠢᠶ᠎ᠡ ᠪᠠᠷ ᠣᠷᠣᠵᠤ ᠭᠠᠷᠬᠤ ᠬᠥᠮᠦᠰ᠂ ᠡᠳ᠋ ᠪᠣᠳᠠᠰ ᠢ | ᠪᠠᠶᠢᠴᠠᠭᠠᠬᠤ ᠪᠠ ᠳᠠᠩᠰᠠᠯᠠᠬᠤ ᠶᠢ ᠴᠢᠩᠭᠠᠳᠬᠠᠬᠤ ᠬᠡᠷᠡᠭᠲᠡᠶ ᠭᠡᠵᠦ ᠱᠠᠭᠠᠷᠳᠠᠭᠰᠠᠨ ᠪᠠᠶᠢᠨ᠎ᠠ᠃ ᠬᠠᠤᠯᠢ ᠪᠤᠰᠤ ᠬᠥᠮᠦᠰ ᠰᠤᠷᠭᠠᠭᠤᠯᠢ ᠳᠤ ᠣᠷᠣᠬᠤ᠂ ᠢᠷᠲᠦ | ᠪᠠᠭᠠᠵᠢ᠂ ᠴᠢᠶ᠋ᠢᠦ ᠲᠣᠰᠣ ᠵᠡᠷᠭᠡ ᠠᠶᠤᠯ ᠲᠠᠢ ᠪᠣᠳᠠᠰ ᠢ ᠰᠤᠷᠭᠠᠭᠤᠯᠢ ᠶᠢᠨ ᠬᠦᠷᠢᠶᠡᠨ ᠳᠤ ᠠᠪᠴᠤ ᠣᠷᠣᠬᠤ ᠶᠢ ᠴᠢᠩᠭ᠎ᠠ ᠰᠡᠷᠭᠡᠶᠢᠯᠡᠵᠦ᠂ ᠰᠤᠷᠭᠠᠭᠤᠯᠢ ᠶᠢᠨ ᠣᠯᠠᠨ | ᠨᠡᠶᠢᠲᠡ ᠶᠢᠨ ᠡᠳ᠋ ᠬᠥᠷᠥᠩᠭᠡ ᠵᠢᠴᠢ ᠰᠤᠷᠭᠠᠭᠤᠯᠢ ᠳᠤ ᠪᠠᠶᠢᠭ᠎ᠠ ᠪᠦᠬᠦ ᠪᠠᠭᠰᠢ ᠰᠤᠷᠤᠭᠴᠢᠳ ᠤᠨ ᠠᠮᠢ ᠨᠠᠰᠤ ᠡᠳ᠋ ᠬᠥᠷᠥᠩᠭᠡ ᠶᠢᠨ ᠠᠮᠤᠷ ᠲᠦᠪᠰᠢᠨ ᠢ ᠦᠨᠡᠨᠬᠦ | ᠪᠠᠲᠣᠯᠠᠬᠤ ᠬᠡᠷᠡᠭᠲᠡᠢ ᠬᠡᠮᠡᠨ ᠴᠢᠬᠤᠴᠢᠯᠠᠪᠠ᠃ |