ᠤᠷᠠᠳ ᠤᠨ ᠡᠮᠦᠨᠡᠲᠤ ᠬᠤᠰᠢᠭᠤᠨ ᠤ ᠰᠤᠷᠭᠠᠨ ᠬᠥᠮᠦᠵᠢᠯ ᠤᠨ ᠲᠣᠪᠴᠢᠶᠠᠨ ᠤ ᠰᠢᠨᠵᠢᠯᠡᠭᠡᠨ ᠤ ᠪᠤᠰᠤ ᠲᠥᠷᠥᠯ ᠤᠨ ᠰᠤᠷᠭᠠᠭᠤᠯᠢ ᠶᠢᠨ ᠭᠠᠳᠠᠨᠠᠬᠢ ᠪᠣᠯᠪᠠᠰᠤᠷᠠᠯ ᠤᠨ ᠪᠠᠶᠢᠭᠤᠯᠤᠮᠵᠢ ᠶᠢ ᠲᠥᠷᠥᠯ ᠬᠤᠪᠢᠶᠠᠨ ᠬᠠᠮᠢᠶᠠᠷᠬᠤ ᠲᠤᠬᠠᠶ ᠠᠯᠪᠠᠨ ᠵᠠᠷ
ᠨᠡᠶᠢᠲᠡᠯᠡᠭᠰᠡᠨ ᠴᠠᠭ᠄
2022/4/28
     ᠪᠠᠶᠠᠨᠨᠠᠭᠤᠷ ᠬᠤᠲᠠ ᠶᠢᠨ ᠬᠤᠷᠢᠶᠠᠨ ᠤ ᠰᠤᠷᠭᠠᠨ ᠬᠥᠮᠦᠵᠢᠯ ᠤᠨ ᠠᠵᠢᠯ ᠤᠨ ᠤᠳᠤᠷᠢᠳᠬᠤ ᠳᠤᠭᠤᠶᠢᠯᠠᠩ ᠤᠨ ᠳᠠᠷᠤᠮᠠᠯᠯᠠᠨ ᠲᠠᠷᠬᠠᠭᠠᠭᠰᠠᠨ ︽ᠪᠠᠶᠠᠨᠨᠠᠭᠤᠷ ᠬᠤᠲᠠ ᠶᠢᠨ ᠬᠢᠴᠢᠶᠡᠯ ᠲᠥᠷᠥᠯ ᠤᠨ ᠪᠤᠰᠤ ᠰᠤᠷᠭᠠᠭᠤᠯᠢ ᠶᠢᠨ ᠭᠠᠳᠠᠨᠠᠬᠢ ᠪᠣᠯᠪᠠᠰᠤᠷᠠᠯ ᠤᠨ ᠪᠠᠶᠢᠭᠤᠯᠤᠮᠵᠢ ᠶᠢ ᠲᠥᠷᠥᠯ ᠬᠤᠪᠢᠶᠠᠨ ᠬᠠᠮᠢᠶᠠᠷᠴᠤ ᠲᠤᠰᠢᠶᠠᠬᠤ ᠪᠠ ᠭᠥᠯᠢᠶᠡᠨ ᠠᠪᠬᠤ ᠠᠵᠢᠯ ᠤᠨ ᠲᠥᠰᠦᠯ︾ ︵ᠪᠠᠶᠠᠨᠨᠠᠭᠤᠷ ᠨᠠᠮ ᠤᠨ ᠰᠤᠷᠭᠠᠨ ᠬᠥᠮᠦᠵᠢᠯ ᠤᠨ ᠳᠤᠭᠤᠶᠢᠯᠠᠩ ᠤᠨ ᠲᠠᠷᠬᠠᠭᠠᠭᠰᠠᠨ〔2022〕2 ᠳ᠋ᠤᠭᠠᠷ ᠲᠣᠭᠠᠲᠤ ︶ ᠤᠨ  ᠪᠢᠴᠢᠭ ᠮᠠᠲ᠋ᠧᠷᠢᠶᠠᠯ ᠤᠨ ᠵᠣᠷᠢᠭ ᠰᠠᠨᠠᠭ᠎ᠠ ᠶᠣᠰᠣᠭᠠᠷ᠂ ᠤᠷᠠᠳ ᠤᠨ ᠡᠮᠦᠨᠡᠲᠦ ᠬᠤᠰᠢᠭᠤᠨ ᠤ ᠨᠠᠮ ᠤᠨ ᠬᠤᠷᠢᠶᠠᠨ ᠤ ᠰᠤᠷᠭᠠᠨ ᠬᠥᠮᠦᠵᠢᠯ ᠤᠨ ᠠᠵᠢᠯ ᠤᠨ ᠤᠳᠤᠷᠢᠳᠬᠤ ᠳᠤᠭᠤᠶᠢᠯᠠᠩ ᠢᠳᠡᠪᠬᠢᠲᠡᠶ  ᠬᠦᠳᠦᠯᠦᠯᠴᠡᠵᠦ᠂ 2022 ᠣᠨ ᠤ 4 ᠰᠠᠷ᠎ᠠ ᠶᠢᠨ 19 ᠤ ᠡᠳᠦᠷ ᠤᠨ ᠦᠳᠡ ᠬᠤᠶᠢᠨ᠎ᠠ᠂ ᠤᠷᠠᠳ ᠤᠨ ᠡᠮᠦᠨᠡᠲᠦ ᠬᠤᠰᠢᠭᠤᠨ ᠤ ᠰᠢᠨᠵᠢᠯᠡᠭᠡᠨ ᠤ ᠪᠤᠰᠤ ᠲᠥᠷᠥᠯ ᠤᠨ ᠰᠤᠷᠭᠠᠭᠤᠯᠢ ᠶᠢᠨ ᠭᠠᠳᠠᠨᠠᠬᠢ ᠪᠣᠯᠪᠠᠰᠤᠷᠠᠯ ᠤᠨ ᠪᠠᠶᠢᠭᠤᠯᠤᠮᠵᠢ ᠶᠢ ᠲᠥᠷᠥᠯ ᠬᠤᠪᠢᠶᠠᠨ ᠬᠠᠮᠢᠶᠠᠷᠴᠤ ᠲᠤᠰᠢᠶᠠᠬᠤ ᠪᠠ ᠭᠥᠯᠢᠶᠡᠨ ᠠᠪᠬᠤ ᠠᠵᠢᠯ ᠤᠨ ᠬᠤᠷᠠᠯ ᠬᠤᠷᠠᠯᠳᠣᠪᠠ᠃ ᠬᠤᠷᠠᠯ ᠳᠤ ︽ᠤᠷᠠᠳ ᠤᠨ ᠡᠮᠦᠨᠡᠲᠦ ᠬᠤᠰᠢᠭᠤᠨ ᠤ ᠰᠢᠨᠵᠢᠯᠡᠭᠡᠨ ᠤ ᠪᠤᠰᠤ ᠲᠥᠷᠥᠯ ᠤᠨ ᠰᠤᠷᠭᠠᠭᠤᠯᠢ ᠶᠢᠨ ᠭᠠᠳᠠᠨᠠᠬᠢ ᠪᠣᠯᠪᠠᠰᠤᠷᠠᠯ ᠤᠨ ᠪᠠᠶᠢᠭᠤᠯᠤᠮᠵᠢ ᠶᠢ ᠲᠥᠷᠥᠯ ᠬᠤᠪᠢᠶᠠᠨ ᠬᠠᠮᠢᠶᠠᠷᠴᠤ ᠲᠤᠰᠢᠶᠠᠬᠤ ᠪᠠ ᠭᠥᠯᠢᠶᠡᠨ ᠠᠪᠬᠤ ᠠᠵᠢᠯ ᠤᠨ ᠲᠤᠬᠠᠶ ᠲᠥᠰᠦᠯ︾ ︵ᠣᠷᠠᠳ ᠰᠤᠷᠭᠠᠨ ᠬᠥᠮᠦᠵᠢᠯ ᠤᠨ ᠠᠵᠢᠯ ᠤᠨ ᠳᠤᠭᠤᠶᠢᠯᠠᠩ ᠤᠨ ᠲᠠᠷᠬᠠᠭᠠᠭᠰᠠᠨ 〔2022〕1  ᠳ᠋ᠣᠭᠡᠷ ᠲᠣᠭᠠᠲᠤ︶ ᠢ ᠬᠢᠨᠠᠨ ᠵᠥᠪᠯᠡᠵᠦ  ᠪᠠᠲᠣᠯᠠᠬᠤ ᠶᠢᠨ ᠬᠠᠮᠲᠤ ᠲᠤᠰᠢᠶᠠᠬᠤ ᠪᠠ ᠭᠥᠯᠢᠶᠡᠨ ᠠᠪᠬᠤ ᠠᠵᠢᠯ ᠳᠤ ᠪᠠᠶᠢᠷᠢᠯᠠᠭᠤᠯᠤᠯᠲᠠ ᠬᠢᠪᠠ᠃ ᠲᠥᠰᠦᠯ ᠳᠤ᠂ ᠬᠤᠶᠢᠰᠢᠳᠠ ᠰᠤᠷᠭᠠᠭᠤᠯᠢ ᠶᠢᠨ ᠭᠠᠳᠠᠨᠠᠬᠢ ᠰᠢᠨᠵᠢᠯᠡᠬᠦ ᠤᠬᠠᠭᠠᠨ ᠮᠡᠷᠭᠡᠵᠢᠯ ᠤᠨ ᠲᠥᠷᠥᠯ ᠤᠨ  ᠪᠣᠯᠪᠠᠰᠤᠷᠠᠯ ᠤᠨ ᠪᠠᠶᠢᠭᠤᠯᠤᠮᠵᠢ ᠶᠢ ᠰᠢᠨᠵᠢᠯᠡᠬᠦ ᠤᠬᠠᠭᠠᠨ ᠮᠡᠷᠭᠡᠵᠢᠯ ᠤᠨ ᠰᠠᠯᠠᠭ᠎ᠠ ᠮᠥᠴᠢᠷ ᠠᠴᠠ ᠬᠢᠨᠠᠨ ᠵᠥᠪᠰᠢᠶᠡᠷᠡᠬᠦ ᠪᠠ ᠬᠢᠨᠠᠨ ᠬᠠᠮᠢᠶᠠᠷᠬᠤ ᠶᠢ ᠬᠠᠷᠢᠭᠤᠴᠠᠵᠤ᠂ ᠤᠷᠠᠯᠢᠭ ᠤᠨ ᠲᠥᠷᠥᠯ ᠤᠨ ᠪᠣᠯᠪᠠᠰᠤᠷᠠᠯ ᠤᠨ ᠪᠠᠶᠢᠭᠤᠯᠤᠮᠵᠢ ᠶᠢ ᠰᠣᠶᠣᠯ ᠵᠢᠭᠤᠯᠴᠢᠯᠠᠯ ᠤᠨ ᠰᠠᠯᠠᠭ᠎ᠠ ᠮᠥᠴᠢᠷ ᠠᠴᠠ ᠬᠢᠨᠠᠨ ᠵᠥᠪᠰᠢᠶᠡᠷᠡᠬᠦ ᠪᠠ ᠬᠢᠨᠠᠨ ᠬᠠᠮᠢᠶᠠᠷᠬᠤ ᠶᠢ ᠬᠠᠷᠢᠭᠤᠴᠠᠨ᠎ᠠ᠂ ᠪᠡᠶ᠎ᠡ ᠶᠢᠨ ᠲᠠᠮᠢᠷ ᠤᠨ ᠲᠥᠷᠥᠯ ᠤᠨ  ᠪᠣᠯᠪᠠᠰᠤᠷᠠᠯ ᠤᠨ ᠪᠠᠶᠢᠭᠤᠯᠤᠮᠵᠢ ᠶᠢ ᠪᠡᠶ᠎ᠡ ᠶᠢᠨ ᠲᠠᠮᠢᠷ ᠤᠨ ᠰᠠᠯᠠᠭ᠎ᠠ ᠮᠥᠴᠢᠷ ᠠᠴᠠ ᠬᠢᠨᠠᠨ ᠵᠥᠪᠰᠢᠶᠡᠷᠡᠬᠦ ᠪᠠ ᠬᠢᠨᠠᠨ ᠬᠠᠮᠢᠶᠠᠷᠬᠤ ᠶᠢ ᠬᠠᠷᠢᠭᠤᠴᠠᠨ᠎ᠠ ᠭᠡᠵᠦ ᠲᠣᠳᠣᠷᠬᠠᠶ ᠲᠣᠭᠲᠠᠭᠠᠪᠠ᠃    ᠬᠤᠷᠠᠯ ᠤᠨ ᠳᠠᠷᠠᠭ᠎ᠠ᠂ ᠤᠷᠠᠳ ᠤᠨ ᠡᠮᠦᠨᠡᠲᠦ ᠬᠤᠰᠢᠭᠤᠨ ᠤ ᠰᠤᠷᠭᠠᠨ ᠬᠥᠮᠦᠵᠢᠯ ᠤᠨ ᠲᠣᠪᠴᠢᠶ᠎ᠠ ᠪᠣᠯᠤᠨ ᠤᠷᠠᠳ ᠤᠨ ᠡᠮᠦᠨᠡᠲᠦ ᠬᠤᠰᠢᠭᠤᠨ ᠤ ᠰᠣᠶᠣᠯ ᠪᠡᠶ᠎ᠡ ᠲᠠᠮᠢᠷ ᠵᠢᠭᠤᠯᠴᠢᠯᠠᠯ ᠷᠠᠳᠢᠣ᠋ ᠲᠧᠯᠸᠢᠰ ᠤᠨ ᠲᠣᠪᠴᠢᠶ᠎ᠠ᠂ ᠤᠷᠠᠳ ᠤᠨ ᠡᠮᠦᠨᠡᠲᠦ ᠬᠤᠰᠢᠭᠤᠨ ᠤ ᠲᠠᠷᠢᠶᠠᠯᠠᠩ ᠮᠠᠯ ᠠᠵᠤ ᠠᠬᠤᠶ ᠪᠠ ᠰᠢᠨᠵᠢᠯᠡᠬᠦ ᠤᠬᠠᠭᠠᠨ ᠮᠡᠷᠭᠡᠵᠢᠯ ᠤᠨ ᠲᠣᠪᠴᠢᠶ᠎ᠠ ᠬᠠᠮᠲᠣᠷᠠᠨ ᠰᠢᠨᠵᠢᠯᠡᠭᠡᠨ ᠤ ᠪᠤᠰᠤ ᠲᠥᠷᠥᠯ ᠤᠨ ᠰᠤᠷᠭᠠᠭᠤᠯᠢ ᠶᠢᠨ ᠭᠠᠳᠠᠨᠠᠬᠢ ᠪᠣᠯᠪᠠᠰᠤᠷᠠᠯ ᠤᠨ ᠪᠠᠶᠢᠭᠤᠯᠤᠮᠵᠢ ᠶᠢ ᠨᠠᠷᠢᠨ ᠨᠢᠮᠪᠠᠶ ᠡᠮᠬᠢᠯᠡᠵᠦ᠂ ᠲᠤᠬᠠᠶ ᠶᠢᠨ ᠲᠠᠯᠠᠪᠠᠶ ᠳᠤ ᠪᠠᠶᠢᠴᠠᠭᠠᠨ ᠦᠵᠡᠵᠦ᠂ ᠰᠢᠯᠵᠢᠭᠦᠯᠦᠨ ᠲᠤᠰᠢᠶᠠᠬᠤ ᠠᠵᠢᠯ ᠢ ᠤᠷᠤᠭᠰᠢᠲᠠᠶ ᠪᠡᠶᠡᠯᠡᠭᠦᠯᠪᠡ᠃ ︽ᠲᠤᠰᠢᠶᠠᠬᠤ ᠪᠠ ᠭᠥᠯᠢᠶᠡᠨ ᠠᠪᠬᠤ ᠠᠵᠢᠯ ᠤᠨ ᠲᠥᠰᠦᠯ︾ ᠤᠨ ᠱᠠᠭᠠᠷᠳᠠᠯᠭ᠎ᠠ ᠶᠣᠰᠣᠭᠠᠷ᠂ 2022 ᠣᠨ ᠤ 4 ᠰᠠᠷ᠎ᠠ ᠶᠢᠨ 25 ᠤ ᠡᠳᠦᠷ ᠠᠴᠠ ᠡᠬᠢᠯᠡᠨ᠂ ᠳᠠᠭᠤᠤ ᠬᠥᠭᠵᠢᠮ᠂ ᠪᠥᠵᠢᠭ᠂ ᠤᠷᠠᠨ ᠵᠢᠷᠤᠭ᠂ ᠤᠷᠠᠨ ᠪᠢᠴᠢᠯᠭᠡ᠂  ᠣᠷᠠᠨ ᠶᠠᠷᠢᠶ᠎ᠠ ᠵᠡᠷᠭᠡ ᠤᠷᠠᠯᠢᠭ ᠤᠨ ᠲᠥᠷᠥᠯ ᠤᠨ ᠪᠣᠯᠪᠠᠰᠤᠷᠠᠯ ᠤᠨ ᠪᠠᠶᠢᠭᠤᠯᠤᠮᠵᠢ ᠪᠠ ᠵᠡᠪᠰᠡᠭ ᠤᠨ ᠡᠷᠳᠡᠮ᠂ ᠰᠢᠲᠠᠷ᠎ᠠ ᠶᠢᠨ ᠲᠥᠷᠥᠯ ᠵᠡᠷᠭᠡ ᠪᠡᠶ᠎ᠡ ᠶᠢᠨ ᠲᠠᠮᠢᠷ ᠤᠨ ᠲᠥᠷᠥᠯ ᠤᠨ ᠪᠣᠯᠪᠠᠰᠤᠷᠠᠯ ᠤᠨ ᠪᠠᠶᠢᠭᠤᠯᠤᠮᠵᠢ ᠶᠢ ᠰᠣᠶᠣᠯ ᠪᠡᠶ᠎ᠡ ᠲᠠᠮᠢᠷ ᠵᠢᠭᠤᠯᠴᠢᠯᠠᠯ ᠷᠠᠳᠢᠣ᠋ ᠲᠧᠯᠸᠢᠰ ᠤᠨ ᠲᠣᠪᠴᠢᠶ᠎ᠠ ᠠᠴᠠ ᠬᠢᠨᠠᠨ ᠵᠥᠪᠰᠢᠶᠡᠷᠡᠬᠦ ᠪᠠ ᠬᠢᠨᠠᠨ ᠬᠠᠮᠢᠶᠠᠷᠤᠨ᠎ᠠ︔ ᠫᠷᠤᠭ᠍ᠷᠠᠮ ᠨᠠᠶᠢᠷᠠᠭᠤᠯᠬᠤ᠂ ᠮᠠᠰᠢᠨ ᠬᠥᠮᠦᠨ ᠵᠡᠷᠭᠡ ᠰᠢᠨᠵᠢᠯᠡᠬᠦ ᠤᠬᠠᠭᠠᠨ ᠮᠡᠷᠭᠡᠵᠢᠯ ᠤᠨ ᠲᠥᠷᠥᠯ ᠤᠨ ᠪᠣᠯᠪᠠᠰᠤᠷᠠᠯ ᠤᠨ ᠪᠠᠶᠢᠭᠤᠯᠤᠮᠵᠢ ᠶᠢ ᠲᠠᠷᠢᠶᠠᠯᠠᠩ ᠮᠠᠯ ᠠᠵᠤ ᠠᠬᠤᠶ ᠪᠣᠯᠤᠨ ᠰᠢᠨᠵᠢᠯᠡᠬᠦ ᠤᠬᠠᠭᠠᠨ ᠮᠡᠷᠭᠡᠵᠢᠯ ᠤᠨ ᠲᠣᠪᠴᠢᠶ᠎ᠠ ᠠᠴᠠ ᠬᠢᠨᠠᠨ ᠵᠥᠪᠰᠢᠶᠡᠷᠡᠬᠦ ᠪᠠ ᠬᠢᠨᠠᠨ ᠬᠠᠮᠢᠶᠠᠷᠤᠨ᠎ᠠ︔ ᠪᠤᠰᠤᠳ ᠰᠢᠨᠵᠢᠯᠡᠭᠡᠨ ᠤ ᠲᠥᠷᠥᠯ ᠤᠨ ᠪᠤᠰᠤ  ᠪᠣᠯᠪᠠᠰᠤᠷᠠᠯ ᠤᠨ ᠪᠠᠶᠢᠭᠤᠯᠤᠮᠵᠢ ᠶᠢ ᠰᠤᠷᠭᠠᠨ ᠬᠥᠮᠦᠵᠢᠯ ᠤᠨ ᠲᠣᠪᠴᠢᠶ᠎ᠠ ᠠᠴᠠ ᠬᠢᠨᠠᠨ ᠵᠥᠪᠰᠢᠶᠡᠷᠡᠬᠦ ᠪᠠ ᠬᠢᠨᠠᠨ ᠬᠠᠮᠢᠶᠠᠷᠤᠨ᠎ᠠ᠃ ᠤᠤᠯ ᠤᠨ 83 ᠰᠢᠨᠵᠢᠯᠡᠭᠡᠨ ᠤ ᠲᠥᠷᠥᠯ ᠤᠨ ᠪᠤᠰᠤ ᠪᠣᠯᠪᠠᠰᠤᠷᠠᠯ ᠤᠨ ᠪᠠᠶᠢᠭᠤᠯᠤᠮᠵᠢ ᠶᠢᠨ 77 ᠤᠷᠠᠯᠢᠭ ᠤᠨ ᠲᠥᠷᠥᠯ ᠤᠨ ᠪᠠᠶᠢᠭᠤᠯᠤᠮᠵᠢ ᠪᠠ 4 ᠪᠡᠶ᠎ᠡ ᠶᠢᠨ ᠲᠠᠮᠢᠷ ᠤᠨ ᠲᠥᠷᠥᠯ ᠤᠨ ᠪᠠᠶᠢᠭᠤᠯᠤᠮᠵᠢ ᠶᠢ ᠰᠣᠶᠣᠯ ᠲᠠᠮᠢᠷ ᠵᠢᠭᠤᠯᠴᠢᠯᠠᠯ ᠷᠠᠳᠢᠣ᠋ ᠲᠧᠯᠸᠢᠰ ᠤᠨ ᠲᠣᠪᠴᠢᠶ᠎ᠠ ᠳᠤ ᠬᠠᠷᠢᠶᠠᠯᠠᠭᠤᠯᠤᠨ‌‍ᠬᠢᠨᠠᠨ ᠬᠠᠮᠢᠶᠠᠷᠠᠭᠤᠯᠵᠣ︔ ᠰᠢᠨᠵᠢᠯᠡᠬᠦ ᠤᠬᠠᠭᠠᠨ ᠮᠡᠷᠭᠡᠵᠢᠯ ᠤᠨ ᠲᠥᠷᠥᠯ ᠤᠨ 2 ᠪᠠᠶᠢᠭᠤᠯᠤᠮᠵᠢ ᠶᠢ ᠲᠠᠷᠢᠶᠠᠯᠠᠩ ᠮᠠᠯ ᠠᠵᠤ ᠠᠬᠤᠶ ᠪᠠ ᠰᠢᠨᠵᠢᠯᠡᠬᠦ ᠤᠬᠠᠭᠠᠨ ᠮᠡᠷᠭᠡᠵᠢᠯ ᠤᠨ ᠲᠣᠪᠴᠢᠶ᠎ᠠ ᠬᠢᠨᠠᠨ  ᠬᠠᠮᠢᠶᠠᠷᠣᠨ᠎ᠠ᠃    ᠮᠠᠨ ᠤ ᠬᠤᠰᠢᠭᠤᠨ ᠤ ᠣᠲᠣ ᠶᠢᠨ ᠪᠠᠶᠢᠭ᠎ᠠ ᠬᠢᠴᠢᠶᠡᠯ ᠲᠥᠷᠥᠯ ᠤᠨ ᠪᠤᠰᠤ ᠪᠣᠯᠪᠠᠰᠤᠷᠠᠯ ᠤᠨ ᠪᠠᠶᠢᠭᠤᠯᠤᠮᠵᠢ ᠪᠠ ᠰᠢᠨ᠎ᠡ ᠪᠠᠷ ᠭᠤᠶᠤᠴᠢᠯᠠᠨ ᠬᠦᠢᠴᠡᠳᠭᠡᠭᠰᠡᠨ ᠬᠢᠴᠢᠶᠡᠯ ᠲᠥᠷᠥᠯ ᠤᠨ ᠪᠤᠰᠤ ᠪᠣᠯᠪᠠᠰᠤᠷᠠᠯ ᠤᠨ ᠪᠠᠶᠢᠭᠤᠯᠤᠮᠵᠢ ᠶᠢᠨ ᠠᠵᠤ ᠠᠬᠤᠶᠢᠯᠠᠯ ᠪᠠ ᠬᠤᠪᠢ ᠬᠥᠮᠦᠨ᠂ ᠬᠤᠶᠢᠰᠢᠳᠠ ᠪᠣᠯᠪᠠᠰᠤᠷᠠᠯ ᠤᠨ ᠠᠭᠤᠯᠭ᠎ᠠ ᠲᠠᠢ ᠬᠠᠷᠠᠭᠠᠯᠵᠠᠭᠰᠠᠨ ᠬᠢᠨᠠᠨ ᠵᠥᠪᠰᠢᠶᠡᠷᠡᠬᠦ ᠬᠢᠨᠠᠨ ᠬᠠᠮᠢᠶᠠᠷᠬᠤ ᠰᠠᠯᠠᠭ᠎ᠠ ᠮᠥᠴᠢᠷ ᠲᠠᠢ ᠰᠢᠭᠤᠳ ᠬᠠᠷᠢᠯᠴᠠᠵᠤ᠂ ᠬᠠᠮᠢᠶ᠎ᠠ ᠪᠥᠬᠦᠶ ᠲᠤᠬᠠᠶᠢᠯᠠᠭᠰᠠᠨ ᠠᠵᠢᠯ ᠢ  ᠬᠦᠢᠴᠡᠳᠭᠡᠭᠡᠷᠡᠢ᠃                                         ᠡᠭᠦᠨ ᠤ ᠲᠤᠯᠠ ᠣᠨᠴᠠᠭᠠᠶᠢᠯᠠᠨ ᠮᠡᠳᠡᠭᠳᠡᠪᠡ                                    ᠤᠷᠠᠳ ᠤᠨ ᠡᠮᠦᠨᠡᠲᠤ ᠬᠤᠰᠢᠭᠤᠨ ᠤ ᠰᠤᠷᠭᠠᠨ ᠬᠥᠮᠦᠵᠢᠯ ᠤᠨ ᠲᠣᠪᠴᠢᠶ᠎ᠠ                                                 2022 ᠣᠨ ᠤ 4 ᠰᠠᠷ᠎ᠠ ᠶᠢᠨ 25 ᠤ ᠡᠳᠦᠷ
ᠢᠷᠡᠯᠲᠡ᠄ ᠤᠷᠠᠳ ᠤᠨ ᠡᠮᠦᠨᠡᠲᠦ ᠬᠤᠰᠢᠭᠤᠨ ᠤ ᠵᠠᠰᠠᠭ ᠤᠨ ᠣᠷᠳᠤᠨ ᠤ ᠮᠣᠩᠭᠤᠯ ᠰᠦᠯᠵᠢᠶ᠎ᠡ