ᠵᠠᠬᠢᠳᠠᠯ ᠰᠣᠷᠪᠤᠯᠵᠢᠯᠠᠭ᠎ᠠ ᠶᠢᠨ ᠲᠣᠪᠴᠢᠶ᠎ᠠ 
ᠨᠡᠶᠢᠲᠡᠯᠡᠭᠰᠡᠨ ᠴᠠᠭ᠄
2022/4/28
      ᠨᠢᠭᠡ᠂ ᠭᠤᠣᠯ ᠡᠭᠦᠷᠭᠡ ᠴᠢᠳᠠᠪᠤᠷᠢ(ᠨᠢᠭᠡ) ᠨᠠᠮ ᠤᠨ ᠱᠤᠭᠤᠮ ᠴᠢᠭᠯᠡᠯᠲᠡ ᠲᠦᠷᠦ ᠶᠢᠨ ᠪᠣᠳᠣᠯᠭ᠎ᠠ ᠪᠠ ᠤᠯᠤᠰ ᠤᠨ ᠬᠠᠤᠯᠢ ᠴᠠᠭᠠᠵᠠ᠂ ᠬᠠᠤᠯᠢ ᠲᠣᠭᠲᠠᠭᠠᠯ ᠢ ᠲᠤᠤᠱᠯᠠᠭᠤᠯᠤᠨ᠎ᠠ︔ ᠬᠤᠰᠢᠭᠤᠨ ᠤ ᠨᠠᠮ ᠤᠨ ᠬᠤᠷᠢᠶ᠎ᠠ᠂ ᠬᠤᠰᠢᠭᠤᠨ ᠤ ᠵᠠᠰᠠᠭ ᠤᠨ ᠣᠷᠳᠣᠨ ᠤ ᠠᠵᠢᠯ ᠤᠨ ᠬᠦᠷᠢᠶ᠎ᠡ ᠬᠡᠪᠴᠢᠶ᠎ᠡ ᠪᠠᠷ ᠣᠯᠠᠨ ᠲᠦᠮᠡᠨ ᠤ ᠢᠷᠡᠭᠦᠯᠦᠭᠰᠡᠨ ᠵᠠᠬᠢᠳᠠᠯ ᠢ ᠰᠢᠢᠳᠪᠦᠷᠢᠯᠡᠵᠦ᠂ ᠣᠯᠠᠨ ᠲᠦᠮᠡᠨ ᠤ ᠰᠣᠷᠪᠤᠯᠵᠢᠯᠠᠭ᠎ᠠ ᠶᠢ ᠭᠥᠯᠢᠶᠡᠨ ᠠᠪᠴᠤ᠂ ᠣᠯᠠᠨ ᠲᠦᠮᠡᠨ ᠤ ᠬᠤᠰᠢᠭᠤᠨ ᠳᠠᠷᠤᠭ᠎ᠠ ᠳᠤ ᠤᠲᠠᠰᠤᠳᠠᠭᠰᠠᠨ ᠤᠲᠠᠰᠤ ᠶᠢ ᠭᠥᠯᠢᠶᠡᠨ ᠰᠣᠨᠣᠰᠬᠤ ᠪᠤᠶᠤ ᠭᠦᠢᠴᠡᠳᠬᠡᠨ᠎ᠡ︔ ︽ᠬᠤᠰᠢᠭᠤᠨ ᠳᠠᠷᠤᠭ᠎ᠠ ᠶᠢᠨ ᠵᠠᠬᠢᠳᠠᠯ ᠤᠨ ᠬᠠᠶᠢᠷᠴᠠᠭ︾ ᠤᠨ ᠢᠮᠧᠯ ᠳᠠᠬᠢ ᠬᠤᠯᠪᠣᠭᠳᠠᠯ ᠪᠦᠬᠦᠢ ᠤᠴᠢᠷ ᠶᠠᠪᠤᠳᠠᠯ ᠢ ᠳᠠᠭᠠᠭᠠᠨ ᠭᠦᠢᠴᠡᠳᠬᠡᠨ᠎ᠡ᠃︵ᠬᠤᠶᠠᠷ︶ ᠬᠤᠰᠢᠭᠤᠨ ᠤ ᠨᠠᠮ ᠤᠨ ᠬᠤᠷᠢᠶ᠎ᠠ᠂ ᠬᠤᠰᠢᠭᠤᠨ ᠤ ᠵᠠᠰᠠᠭ ᠤᠨ ᠣᠷᠳᠣᠨ ᠳᠤ ᠣᠯᠠᠨ ᠲᠦᠮᠡᠨ ᠤ ᠵᠠᠬᠢᠳᠠᠯ᠂ ᠰᠣᠷᠪᠤᠯᠵᠢᠯᠠᠭ᠎ᠠ᠂ ᠤᠲᠠᠰᠤ ᠵᠢᠴᠢ ᠢᠮᠧᠯ ᠳᠤ ᠲᠤᠰᠬᠠᠭᠰᠠᠨ ᠴᠢᠬᠤᠯᠠ ᠮᠡᠳᠡᠭᠡ ᠵᠠᠩᠭᠢ ᠪᠠ ᠨᠡᠶᠢᠭᠡᠮ ᠤᠨ ᠪᠠᠶᠢᠳᠠᠯ ᠢ ᠴᠠᠭ ᠲᠤᠬᠠᠢ ᠳᠤᠨᠢ᠂ ᠣᠨᠣᠪᠴᠢᠲᠠᠶ ᠬᠠᠩᠭᠠᠬᠤ ᠶᠢ ᠬᠠᠷᠢᠭᠤᠴᠠᠨ᠎ᠠ︔ ᠵᠠᠬᠢᠳᠠᠯ ᠰᠣᠷᠪᠤᠯᠵᠢᠯᠠᠭ᠎ᠠ ᠶᠢᠨ ᠪᠠᠶᠢᠳᠠᠯ ᠢ ᠶᠡᠷᠦᠩᠬᠡᠶᠢᠯᠡᠨ ᠵᠠᠳᠠᠯᠤᠨ ᠰᠤᠳᠤᠯᠵᠤ᠂ ᠵᠠᠬᠢᠳᠠᠯ ᠰᠣᠷᠪᠤᠯᠵᠢᠯᠠᠭ᠎ᠠ ᠶᠢᠨ ᠣᠨᠣᠯ ᠢ ᠰᠤᠳᠤᠯᠤᠨ ᠶᠠᠷᠢᠯᠴᠠᠬᠤ ᠠᠵᠢᠯ ᠢ ᠵᠣᠬᠢᠶᠠᠨ ᠪᠠᠶᠢᠭᠤᠯᠤᠨ ᠥᠷᠨᠢᠭᠦᠯᠵᠦ᠂ ᠬᠤᠰᠢᠭᠤᠨ ᠤ ᠨᠠᠮ ᠤᠨ ᠬᠤᠷᠢᠶ᠎ᠠ᠂ ᠬᠤᠰᠢᠭᠤᠨ ᠤ ᠵᠠᠰᠠᠭ ᠤᠨ ᠣᠷᠳᠣᠨ ᠳᠤ ᠬᠤᠯᠪᠣᠭᠳᠠᠯ ᠪᠦᠬᠦᠢ ᠠᠰᠠᠭᠤᠳᠠᠯ ᠤᠨ ᠲᠤᠬᠠᠢ ᠰᠠᠨᠠᠭᠤᠯᠭ᠎ᠠ ᠳᠤᠷᠠᠳᠤᠨ᠎ᠠ᠃︵ᠭᠤᠷᠪᠠ︶ ᠪᠦᠬᠦ ᠬᠤᠰᠢᠭᠤᠨ ᠤ ᠵᠠᠬᠢᠳᠠᠯ ᠰᠣᠷᠪᠤᠯᠵᠢᠯᠠᠭ᠎ᠠ ᠶᠢᠨ ᠠᠵᠢᠯ ᠢ ᠬᠠᠷᠢᠭᠤᠴᠠᠨ ᠵᠢᠯᠣᠭᠤᠳᠤᠨ᠎ᠠ︔ ᠵᠠᠬᠢᠳᠠᠯ ᠰᠣᠷᠪᠤᠯᠵᠢᠯᠠᠭ᠎ᠠ ᠶᠢᠨ ᠺᠠᠳ᠋ᠷ ᠤᠨ ᠡᠩᠨᠡᠭᠡᠨ ᠤ ᠪᠠᠶᠢᠭᠤᠯᠤᠯᠲᠠ ᠶᠢᠨ ᠪᠠᠶᠢᠳᠠᠯ ᠢ ᠡᠵᠡᠮᠰᠢᠨ᠎ᠡ︔  ᠵᠠᠬᠢᠳᠠᠯ ᠰᠣᠷᠪᠤᠯᠵᠢᠯᠠᠭ᠎ᠠ ᠶᠢᠨ ᠺᠠᠳ᠋ᠷ ᠤᠨ ᠲᠤᠬᠠᠶᠢᠯᠠᠭᠰᠠᠨ ᠠᠵᠢᠯ ᠤᠨ ᠪᠣᠯᠪᠠᠰᠤᠷᠠᠯ ᠢ ᠵᠤᠬᠢᠶᠠᠨ ᠪᠠᠶᠢᠭᠤᠯᠤᠨ᠎ᠠ︔ ᠦᠨᠳᠦᠰᠦᠨ ᠱᠠᠲᠤᠨ ᠤ ᠵᠠᠬᠢᠳᠠᠯ ᠰᠣᠷᠪᠤᠯᠵᠢᠯᠠᠭ᠎ᠠ ᠶᠢᠨ ᠰᠠᠯᠠᠭ᠎ᠠ ᠮᠥᠴᠢᠷ ᠤᠨ ᠲᠤᠬᠠᠶᠢᠯᠠᠭᠰᠠᠨ ᠠᠵᠢᠯ ᠢ ᠵᠢᠯᠤᠭᠤᠳᠬᠤ ᠠᠵᠢᠯ ᠢ ᠦᠷᠨᠢᠬᠦᠯᠦᠨ᠎ᠡ᠃︵ᠳᠥᠷᠪᠡ︶ ᠪᠥᠬᠦ ᠬᠤᠰᠢᠭᠤᠨ ᠤ ᠬᠠᠮᠢᠶ᠎ᠠ ᠪᠦᠬᠦᠢ ᠨᠢᠭᠡᠴᠡ ᠳᠤ ᠬᠤᠯᠪᠣᠭᠳᠠᠯ ᠪᠦᠬᠦᠢ ᠵᠠᠬᠢᠳᠠᠯ ᠰᠣᠷᠪᠤᠯᠵᠢᠯᠠᠭ᠎ᠠ ᠶᠢᠨ ᠵᠦᠢᠯᠡᠰ ᠢ ᠲᠤᠰᠢᠶᠠᠨ ᠰᠢᠢᠳᠪᠦᠷᠢᠯᠡᠭᠦᠯᠬᠦ ᠶᠢ ᠬᠠᠷᠢᠭᠤᠴᠠᠬᠤ ᠶᠢᠨ ᠬᠠᠮᠲᠤ ᠰᠢᠢᠳᠪᠦᠷᠢᠯᠡᠭᠰᠡᠨ ᠪᠠᠶᠢᠳᠠᠯ ᠢ ᠰᠢᠮᠳᠠᠭᠤᠯᠤᠨ ᠪᠠᠶᠢᠴᠠᠭᠠᠨ᠎ᠠ︔ ᠵᠠᠬᠢᠳᠠᠯ ᠰᠣᠷᠪᠤᠯᠵᠢᠯᠠᠭ᠎ᠠ ᠶᠢᠨ ᠠᠰᠠᠭᠤᠳᠠᠯ ᠢ ᠬᠠᠷᠢᠭᠤᠴᠠᠨ ᠵᠤᠬᠢᠴᠠᠭᠤᠯᠣᠨ᠎ᠠ︔᡽ᠵᠠᠬᠢᠳᠠᠯ ᠰᠣᠷᠪᠤᠯᠵᠢᠯᠠᠭ᠎ᠠ ᠶᠢᠨ ᠬᠤᠯᠪᠣᠭᠳᠠᠯ ᠪᠦᠬᠦᠢ ᠭᠡᠨᠡᠳᠲᠡ ᠶᠢᠨ ᠬᠡᠷᠡᠭ ᠢ ᠵᠣᠬᠢᠴᠠᠭᠤᠯᠤᠨ ᠰᠢᠢᠳᠪᠦᠷᠢᠯᠡᠬᠦ ᠳᠤ ᠣᠷᠣᠯᠴᠠᠨ᠎ᠠ᠃︵ᠲᠠᠪᠤ︶ ᠵᠠᠬᠢᠳᠠᠯ ᠰᠣᠷᠪᠤᠯᠵᠢᠯᠠᠭ᠎ᠠ ᠶᠢᠨ ᠠᠵᠢᠯ ᠤᠨ ᠤᠬᠠᠭᠤᠯᠭ᠎ᠠ ᠪᠠ ᠮᠡᠳᠡᠭᠡ ᠵᠠᠩᠭᠢ ᠨᠡᠶᠢᠲᠡᠯᠡᠬᠦ ᠠᠵᠢᠯ ᠢ ᠬᠠᠷᠢᠭᠤᠴᠠᠨ᠎ᠠ︔ ᡽ᠵᠠᠬᠢᠳᠠᠯ ᠰᠣᠷᠪᠤᠯᠵᠢᠯᠠᠭ᠎ᠠ ᠶᠢᠨ ᠣᠯᠠᠨ ᠲᠦᠮᠡᠨ ᠳᠤ ᠨᠠᠮ ᠤᠨ ᠱᠤᠭᠤᠮ᠂ ᠴᠢᠭᠯᠡᠯᠲᠡ᠂ ᠲᠥᠷᠥ ᠶᠢᠨ ᠪᠣᠳᠣᠯᠭ᠎ᠠ ᠪᠠ ᠤᠯᠤᠰ ᠤᠨ ᠬᠤᠯᠪᠣᠭᠳᠠᠯ ᠪᠦᠬᠦᠢ ᠬᠠᠤᠯᠢ ᠴᠠᠭᠠᠵᠠ᠂ ᠬᠠᠤᠯᠢ ᠲᠣᠭᠲᠠᠭᠠᠯ ᠢ ᠤᠬᠠᠭᠤᠯᠬᠤ  ᠶᠢ ᠬᠠᠷᠢᠭᠤᠴᠠᠨ᠎ᠠ᠃︵ᠵᠢᠷᠭᠤᠭ᠎ᠠ︶ ᠬᠤᠰᠢᠭᠤᠨ ᠤ ᠨᠠᠮ ᠤᠨ ᠬᠤᠷᠢᠶ᠎ᠠ᠂ ᠬᠤᠰᠢᠭᠤᠨ ᠤ ᠵᠠᠰᠠᠭ ᠤᠨ ᠣᠷᠳᠣᠨ ᠤ ᠤᠳᠤᠷᠢᠳᠤᠯᠭ᠎ᠠ ᠶᠢ ᠬᠠᠮᠵᠢᠨ ᠰᠢᠨ᠎ᠡ ᠴᠠᠭ ᠦᠶ᠎ᠡ ᠶᠢᠨ ᠭᠤᠣᠯᠳᠠᠯᠭ᠎ᠠ ᠲᠠᠢ ᠠᠷᠠᠳ ᠤᠨ ᠳᠣᠲᠣᠭᠠᠳᠤ ᠶᠢᠨ ᠵᠥᠷᠢᠴᠡᠯ ᠵᠢᠭᠤᠷᠠᠯᠳᠤᠭᠠᠨ ᠢ ᠵᠢᠭᠰᠠᠭᠠᠨ ᠪᠠᠶᠢᠴᠠᠭᠠᠵᠤ ᠡᠶᠡᠳᠡᠭᠦᠯᠦᠨ ᠰᠢᠢᠳᠪᠦᠷᠢᠯᠡᠬᠦ ᠠᠵᠢᠯ ᠢ ᠰᠠᠶᠢᠲᠤᠷ ᠬᠢᠨ᠎ᠡ︔ ᠭᠤᠣᠯᠳᠠᠯᠭ᠎ᠠ ᠲᠠᠢ ᠵᠥᠷᠢᠴᠡᠯ ᠵᠢᠭᠤᠷᠠᠯᠳᠤᠭᠠᠨ ᠢ ᠡᠶᠡᠳᠡᠭᠦᠯᠦᠨ ᠰᠢᠢᠳᠪᠦᠷᠢᠯᠡᠭᠰᠡᠨ ᠪᠠᠶᠢᠳᠠᠯ ᠢ ᠴᠠᠭ ᠲᠤᠬᠠᠢ ᠳᠤᠨᠢ ᠬᠤᠰᠢᠭᠤᠨ ᠤ ᠨᠠᠮ ᠤᠨ ᠬᠤᠷᠢᠶ᠎ᠠ᠂ ᠬᠤᠰᠢᠭᠤᠨ ᠤ ᠵᠠᠰᠠᠭ ᠤᠨ ᠣᠷᠳᠣᠨ ᠤ ᠤᠳᠤᠷᠢᠳᠤᠯᠭ᠎ᠠ ᠳᠤ ᠮᠡᠳᠡᠭᠦᠯᠬᠦ ᠶᠢ ᠬᠠᠷᠢᠭᠤᠴᠠᠨ᠎ᠠ᠃︵ᠳᠣᠯᠤᠭ᠎ᠠ︶ ᠠᠷᠠᠳ ᠢᠷᠭᠡᠳ ᠤᠨ ᠲᠣᠰ ᠬᠤᠰᠢᠭᠤᠨ ᠤ ᠤᠯᠤᠰ ᠲᠥᠷᠥ᠂ ᠠᠵᠤ ᠠᠬᠤᠢ᠂ ᠰᠣᠶᠣᠯ᠂ ᠬᠤᠲᠠ ᠶᠢᠨ ᠬᠠᠮᠢᠶᠠᠷᠤᠯᠲᠠ ᠪᠠ ᠡᠯ᠎ᠡ ᠲᠥᠷᠥᠯ ᠤᠨ ᠨᠡᠶᠢᠭᠡᠮ ᠤᠨ ᠦᠢᠯᠡᠰ ᠤᠨ ᠬᠥᠭᠵᠢᠯᠲᠡ ᠶᠢᠨ ᠲᠤᠬᠠᠢ ᠴᠢᠬᠤᠯᠠ ᠰᠠᠨᠠᠭᠤᠯᠭ᠎ᠠ ᠶᠢ ᠴᠤᠭᠯᠠᠭᠤᠯᠬᠤ ᠪᠠ ᠰᠢᠢᠳᠪᠦᠷᠢᠯᠡᠬᠦ ᠶᠢ ᠬᠠᠷᠢᠭᠤᠴᠠᠨ᠎ᠠ᠃︵ᠨᠠᠢᠮᠠ︶ ᠬᠤᠰᠢᠭᠤᠨ ᠤ ᠨᠠᠮ ᠤᠨ ᠬᠤᠷᠢᠶ᠎ᠠ᠂ ᠬᠤᠰᠢᠭᠤᠨ ᠤ ᠵᠠᠰᠠᠭ ᠤᠨ ᠣᠷᠳᠣᠨ ᠵᠢᠴᠢ ᠳᠡᠭᠡᠳᠦ ᠱᠠᠲᠤᠨ ᠤ ᠬᠤᠯᠪᠣᠭᠳᠠᠯ ᠪᠦᠬᠦᠢ ᠤᠳᠤᠷᠢᠳᠬᠤ ᠨᠥᠬᠦᠳ ᠤᠨ ᠲᠤᠰᠢᠶᠠᠭᠰᠠᠨ ᠪᠤᠰᠤᠳ ᠤᠴᠢᠷ ᠶᠠᠪᠤᠳᠠᠯ ᠢ ᠳᠠᠭᠠᠭᠠᠨ ᠭᠦᠢᠴᠡᠳᠬᠡᠬᠦ ᠶᠢ ᠬᠠᠷᠢᠭᠤᠴᠠᠨ᠎ᠠ᠃      ᠬᠤᠶᠠᠷ᠂ ᠳᠣᠲᠣᠭᠠᠳᠤ ᠪᠠᠶᠢᠭᠤᠯᠤᠮᠵᠢ︵ᠨᠢᠭᠡ︶ ᠶᠡᠷᠦᠩᠬᠡᠶᠢᠯᠡᠭᠰᠡᠨ ᠲᠠᠰᠤᠭ᠃ ᠲᠣᠪᠴᠢᠶ᠎ᠠ ᠶᠢᠨ ᠤᠳᠤᠷᠢᠳᠤᠯᠭ᠎ᠠ ᠶᠢ ᠬᠠᠮᠵᠢᠨ ᠪᠠᠶᠢᠭᠤᠯᠭ᠎ᠠ ᠶᠢᠨ ᠡᠳᠦᠷ ᠲᠤᠳᠤᠮ ᠤᠨ ᠠᠵᠢᠯ ᠢ ᠰᠢᠢᠳᠪᠦᠷᠢᠯᠡᠵᠦ᠂ ᠪᠠᠶᠢᠭᠤᠯᠭ᠎ᠠ ᠶᠢᠨ ᠵᠠᠰᠠᠭ ᠤᠨ ᠶᠠᠪᠤᠳᠠᠯ᠂ ᠬᠡᠷᠡᠭ ᠶᠠᠪᠤᠳᠠᠯ ᠤᠨ ᠠᠵᠢᠯ ᠢ ᠬᠠᠷᠢᠭᠤᠴᠠᠨ᠎ᠠ᠃︵ᠬᠤᠶᠠᠷ︶ ᠰᠢᠮᠳᠠᠭᠤᠯᠤᠨ ᠪᠠᠶᠢᠴᠠᠭᠠᠬᠤ ᠲᠠᠰᠤᠭ᠃ ᠤᠯᠠᠨ ᠲᠦᠮᠡᠨ ᠤ ᠢᠷᠡᠭᠦᠯᠦᠭᠰᠡᠨ ᠵᠠᠬᠢᠳᠠᠯ ᠢ ᠦᠵᠡᠵᠦ ᠰᠢᠢᠳᠪᠦᠷᠢᠯᠡᠬᠦ ᠠᠵᠢᠯ ᠢ ᠬᠠᠷᠢᠭᠤᠴᠠᠨ᠎ᠠ︔ ᠳᠡᠭᠡᠳᠦ ᠱᠠᠲᠤᠨ ᠤ ᠲᠤᠰᠢᠶᠠᠨ ᠰᠢᠢᠳᠪᠦᠷᠢᠯᠡᠭᠦᠯᠦᠭᠰᠡᠨ ᠬᠡᠷᠡᠭ ᠢ ᠰᠢᠢᠳᠪᠦᠷᠢᠯᠡᠬᠦ ᠠᠵᠢᠯ ᠢ ᠬᠠᠷᠢᠭᠤᠴᠠᠵᠤ᠂ ᠲᠤᠰᠢᠶᠠᠨ ᠥᠭᠴᠦ ᠰᠢᠯᠵᠢᠭᠦᠯᠦᠨ ᠰᠢᠢᠳᠪᠦᠷᠢᠯᠡᠭᠦᠯᠦᠭᠰᠡᠨ ᠬᠡᠷᠡᠭ ᠢ ᠰᠢᠢᠳᠪᠦᠷᠢᠯᠡᠭᠰᠡᠨ ᠪᠠᠶᠢᠳᠠᠯ᠂ ᠳᠡᠭᠡᠳᠦ ᠱᠠᠲᠤᠨ ᠤ ᠰᠠᠯᠠᠭ᠎ᠠ ᠮᠥᠴᠢᠷ᠂ ᠬᠤᠰᠢᠭᠤᠨ ᠤ ᠨᠠᠮ ᠤᠨ ᠬᠤᠷᠢᠶ᠎ᠠ᠂ ᠵᠠᠰᠠᠭ ᠤᠨ ᠣᠷᠳᠣᠨ ᠤ ᠵᠠᠬᠢᠳᠠᠯ ᠰᠣᠷᠪᠤᠯᠵᠢᠯᠠᠭ᠎ᠠ ᠶᠢᠨ ᠠᠵᠢᠯ ᠤᠨ ᠲᠤᠬᠠᠢ ᠴᠢᠬᠤᠯᠠ ᠰᠢᠢᠳᠪᠦᠷᠢᠲᠦ ᠪᠣᠳᠣᠯᠭ᠎ᠠ ᠪᠠ ᠴᠢᠬᠤᠯᠠ ᠠᠵᠢᠯ ᠤᠨ ᠪᠠᠶᠢᠷᠢᠯᠠᠭᠤᠯᠤᠯᠲᠠ᠂ ᠤᠳᠤᠷᠢᠳᠤᠯᠭ᠎ᠠ ᠶᠢᠨ ᠴᠣᠬᠤᠯᠠᠪᠤᠷᠢ ᠶᠢᠨ ᠵᠣᠷᠢᠭ ᠰᠠᠨᠠᠭ᠎ᠠ᠂ ᠭᠤᠣᠯᠳᠠᠯᠭ᠎ᠠ ᠲᠠᠢ ᠵᠠᠬᠢᠳᠠᠯ ᠰᠣᠷᠪᠤᠯᠵᠢᠯᠠᠭ᠎ᠠ ᠶᠢᠨ ᠬᠡᠷᠡᠭ ᠵᠢᠴᠢ ᠪᠡᠭᠡᠵᠢᠩ ᠳᠤ ᠣᠴᠢᠬᠤ᠂ ᠬᠥᠬᠡᠬᠤᠲᠠ ᠳᠤ ᠣᠴᠢᠬᠤ᠂ ᠬᠤᠲᠠ ᠳᠤ ᠬᠦᠷᠬᠦ ᠴᠢᠬᠤᠯᠠ ᠵᠠᠬᠢᠳᠠᠯ ᠰᠣᠷᠪᠤᠯᠵᠢᠯᠠᠭ᠎ᠠ ᠶᠢᠨ ᠵᠦᠢᠯᠡᠰ ᠢ  ᠲᠤᠭᠤᠰᠢᠯᠠᠭᠤᠯᠤᠨ ᠨᠠᠶᠢᠳᠠᠪᠤᠷᠢᠵᠢᠭᠤᠯᠵᠤ ᠰᠢᠢᠳᠪᠦᠷᠢᠯᠡᠭᠰᠡᠨ ᠪᠠᠶᠢᠳᠠᠯ ᠢ ᠰᠢᠮᠳᠠᠭᠤᠯᠤᠨ ᠪᠠᠶᠢᠴᠠᠭᠠᠨ᠎ᠠ︔ ᠬᠠᠮᠲᠤᠷᠠᠭᠰᠠᠨ ᠬᠤᠷᠠᠯᠳᠤᠭᠠᠨ ᠤ ᠬᠤᠯᠪᠣᠭᠳᠠᠯ ᠪᠦᠬᠦᠢ ᠠᠵᠢᠯ ᠤᠨ ᠶᠠᠪᠤᠳᠠᠯ ᠢ ᠬᠠᠷᠢᠭᠤᠴᠠᠨ᠎ᠠ︔ ᠳᠡᠭᠡᠳᠦ ᠱᠠᠲᠤ᠂ ᠲᠣᠰ ᠱᠠᠲᠤᠨ ᠤ ᠬᠤᠷᠠᠯ ᠤᠨ ᠵᠥᠪᠯᠡᠨ ᠲᠣᠭᠲᠠᠭᠠᠭᠰᠠᠨ ᠵᠦᠢᠯᠡᠰ ᠢ ᠨᠠᠶᠢᠳᠠᠪᠤᠷᠢᠵᠢᠭᠤᠯᠤᠭᠰᠠᠨ ᠪᠠᠶᠢᠳᠠᠯ ᠢ ᠰᠢᠮᠳᠠᠭᠤᠯᠤᠨ ᠭᠦᠢᠴᠡᠳᠬᠡᠬᠦ ᠶᠢ ᠬᠠᠷᠢᠭᠤᠴᠠᠨ᠎ᠠ᠃ ᠤᠳᠤᠷᠢᠳᠤᠯᠭ᠎ᠠ ᠶᠢᠨ ᠲᠤᠰᠢᠶᠠᠭᠰᠠᠨ ᠪᠤᠰᠤᠳ ᠤᠴᠢᠷ ᠶᠠᠪᠤᠳᠠᠯ ᠢ ᠪᠡᠶᠡᠯᠡᠭᠦᠯᠦᠨ᠎ᠡ᠃︵ᠭᠤᠷᠪᠠ︶ ᠮᠡᠳᠡᠭᠡ ᠵᠠᠩᠭᠢ ᠶᠢᠨ ᠲᠠᠰᠤᠭ᠃ ᠵᠠᠬᠢᠳᠠᠯ ᠰᠣᠷᠪᠤᠯᠵᠢᠯᠠᠭ᠎ᠠ ᠶᠢᠨ ᠮᠡᠳᠡᠭᠡ ᠵᠠᠩᠭᠢ ᠶᠢᠨ ᠰᠢᠰᠲ᠋ᠧᠮ ᠤᠨ ᠠᠵᠢᠯ ᠢ ᠬᠠᠷᠢᠭᠤᠴᠠᠵᠤ᠂ ᠰᠦᠯᠵᠢᠶᠡᠨ ᠳᠡᠭᠡᠷᠡᠬᠢ ᠵᠠᠬᠢᠳᠠᠯ᠂ ᠰᠣᠷᠪᠤᠯᠵᠢᠯᠠᠭ᠎ᠠ ᠶᠢ ᠭᠥᠯᠢᠶᠡᠨ ᠠᠪᠴᠤ ᠰᠢᠢᠳᠪᠦᠷᠢᠯᠡᠬᠦ᠂ ᠰᠦᠯᠵᠢᠶᠡᠨ ᠳᠡᠭᠡᠷ᠎ᠡ ᠲᠤᠰᠢᠶᠠᠨ ᠰᠢᠢᠳᠪᠦᠷᠢᠯᠡᠭᠦᠯᠬᠦ᠂ ᠰᠢᠯᠵᠢᠭᠦᠯᠦᠨ ᠰᠢᠢᠳᠪᠦᠷᠢᠯᠡᠭᠦᠯᠬᠦ ᠬᠡᠷᠡᠭ ᠢ ᠰᠢᠢᠳᠪᠦᠷᠢᠯᠡᠬᠦ ᠠᠵᠢᠯ ᠢ ᠬᠠᠷᠢᠭᠤᠴᠠᠨ᠎ᠠ᠃︵ᠳᠥᠷᠪᠡ︶ ᠰᠣᠷᠪᠤᠯᠵᠢᠯᠠᠭ᠎ᠠ ᠶᠢ ᠭᠥᠯᠢᠶᠡᠨ ᠠᠪᠬᠤ ᠭᠡᠷ᠃ ᠬᠤᠰᠢᠭᠤᠨ ᠳᠤ ᠢᠷᠡᠭᠰᠡᠨ ᠰᠤᠷᠪᠤᠯᠵᠢᠯᠠᠭᠴᠢᠳ ᠢ ᠭᠥᠯᠢᠶᠡᠨ ᠠᠪᠴᠤ ᠰᠢᠢᠳᠪᠦᠷᠢᠯᠡᠬᠦ ᠠᠵᠢᠯ ᠢ ᠬᠠᠷᠢᠭᠤᠴᠠᠨ᠎ᠠ᠃ᠭᠤᠷᠪᠠ᠂ ᠦᠨᠳᠦᠰᠦᠨ ᠮᠡᠳᠡᠭᠡ ᠵᠠᠩᠭᠢ᠄       ᠬᠠᠷᠢᠭᠤᠴᠠᠯᠭᠠᠲᠠᠨ᠄ ᠸᠠᠩ ᠬᠠᠢ ᠹᠧᠩ       ᠠᠵᠢᠯᠯᠠᠬᠤ ᠴᠠᠭ᠄ ᠦᠳᠡ ᠶᠢᠨ ᠡᠮᠦᠨ᠎ᠡ᠄ 9᠄ 00 ︱ 12᠄ 00            ᠦᠳᠡ ᠶᠢᠨ ᠬᠤᠶᠢᠨ᠎ᠠ 3᠄ 00 ︱ 6᠄ 00       ᠠᠵᠢᠯᠯᠠᠬᠤ ᠭᠠᠵᠠᠷ᠄ ᠤᠷᠠᠳ ᠤᠨ ᠡᠮᠦᠨᠡᠲᠦ ᠬᠤᠰᠢᠭᠤᠨ ᠤ ᠪᠡᠶ᠎ᠡ ᠶᠢᠨ ᠲᠠᠮᠢᠷ ᠤᠨ ᠲᠠᠯᠠᠪᠠᠶ ᠶᠢᠨ ᠡᠮᠦᠨ᠎ᠡ ᠵᠠᠬᠢᠳᠠᠯ ᠰᠣᠷᠪᠤᠯᠵᠢᠯᠠᠭ᠎ᠠ ᠶᠢᠨ ᠲᠣᠮᠣ ᠠᠰᠠᠷ       ᠬᠠᠷᠢᠯᠴᠠᠬᠤ ᠤᠲᠠᠰᠤ᠄ ︵0478︶ 3267887᠂ ︵0478︶ 3212375 
ᠢᠷᠡᠯᠲᠡ᠄ ᠤᠷᠠᠳ ᠤᠨ ᠡᠮᠦᠨᠡᠲᠦ ᠬᠤᠰᠢᠭᠤᠨ ᠤ ᠵᠠᠰᠠᠭ ᠤᠨ ᠣᠷᠳᠤᠨ ᠤ ᠮᠣᠩᠭᠤᠯ ᠰᠦᠯᠵᠢᠶ᠎ᠡ