ᠤᠶᠢᠷ᠎ᠡ ᠶᠢᠨ ᠡᠳᠦᠷ ᠤᠳ ᠲᠤ᠂ ᠤᠷᠠᠳ ᠤᠨ ᠡᠮᠦᠨᠡᠳᠦ ᠬᠤᠰᠢᠭᠤᠨ ᠤ ᠮᠤᠨᠠ ᠠᠭᠤᠯᠠ ᠪᠠᠯᠭᠠᠰᠤ ᠺᠠᠳ᠋ᠷ ᠤᠯᠠᠨ ᠲᠦᠮᠡᠨ ᠢ ᠵᠤᠬᠢᠶᠠᠨ ᠪᠠᠶᠢᠭᠤᠯᠵᠤ᠂ ︿︿ | ᠲᠦᠷᠪᠡᠨ ᠰᠠᠮᠠᠭᠤᠨ ᠢ ᠠᠷᠢᠯᠭᠠᠬᠤ﹀﹀ ᠠᠵᠢᠯᠯᠠᠭ᠎ᠠ ᠶᠢ ᠲᠦᠪᠯᠡᠷᠡᠬᠦᠯᠦᠨ ᠦᠷᠨᠢᠬᠦᠯᠵᠦ᠂ ᠪᠠᠯᠭᠠᠰᠤ ᠪᠠᠷ ᠦᠩᠭᠡᠷᠡᠬᠦ ᠭᠤᠤᠯ ᠰᠤᠪᠠᠭ ᠢ ᠪᠦᠬᠦ ᠲᠠᠯ᠎ᠠ ᠪᠠᠷ ᠴᠡᠪᠡᠷᠯᠡᠪᠡ᠃ | | ᠬᠠᠪᠤᠷ ᠤᠨ ᠤᠯᠠᠷᠢᠯ ᠪᠤᠯᠤᠭᠰᠠᠨ ᠠᠴᠠ ᠨᠠᠭᠠᠰᠢ ᠮᠠᠤᠨᠠ ᠠᠭᠤᠯᠠ ᠪᠠᠯᠭᠠᠰᠤᠨ ᠤ ᠲᠠᠪᠤᠨ ᠰᠠᠯᠠᠭ᠎ᠠ ᠲᠤᠰᠬᠤᠨ ᠭᠤᠤᠯ ︵ᠨᠠᠭᠤᠷ︶ ᠤᠨ ᠲᠠᠷᠤᠭ᠎ᠠ ᠶᠢᠨ | ᠲᠦᠷᠢᠮ ᠤᠨ ᠬᠠᠮᠢᠶᠠᠷᠤᠯᠳᠠ ᠶᠢ ᠪᠦᠬᠦ ᠲᠠᠯ᠎ᠠ ᠪᠠᠷ ᠨᠠᠶᠢᠳᠠᠪᠤᠷᠢᠵᠢᠭᠤᠯᠵᠤ᠂ ᠲᠡᠭᠡᠳᠦ ᠱᠠᠳᠤᠨ ᠤ ᠭᠤᠤᠯ ︵ᠨᠠᠭᠤᠷ︶ ᠤᠨ ᠲᠠᠷᠤᠭ᠎ᠠ ᠶᠢᠨ ᠭᠤᠤᠯ ᠮᠦᠷᠢᠨ ᠢ | ᠴᠠᠭᠳᠠᠬᠤ ᠵᠠᠰᠠᠬᠤ ᠠᠵᠢᠯ ᠳᠤ ᠬᠠᠮᠵᠢᠯᠴᠠᠵᠤ᠂ ᠭᠤᠤᠯ ᠤᠨ ᠵᠠᠮ ᠢ ᠡᠳᠦᠷ ᠲᠤᠳᠤᠮ ᠤᠨ ᠨᠠᠷᠢᠯᠢᠭᠵᠢᠭᠤᠯᠤᠭᠰᠠᠨ ᠠᠷᠢᠭᠤᠨ ᠴᠡᠪᠡᠷ ᠢ ᠬᠠᠮᠠᠭᠠᠯᠠᠬᠤ ᠬᠦᠷᠢᠶ᠎ᠡ | ᠬᠡᠪᠴᠢᠶᠡᠨ ᠳᠤ ᠤᠷᠤᠭᠤᠯᠵᠤ᠂ ᠭᠤᠤᠯ ᠮᠦᠷᠢᠨ ᠨᠠᠭᠤᠷ ᠴᠦᠬᠦᠷᠦᠮ ᠤᠨ ︿︿ ᠲᠦᠷᠪᠡᠨ ᠰᠠᠮᠠᠭᠤᠨ ᠢ ᠠᠷᠢᠯᠭᠠᠬᠤ﹀﹀ ᠶᠢ ᠪᠠᠶᠢᠩᠭᠤᠵᠢᠭᠤᠯᠬᠤ ᠵᠢᠷᠤᠮᠵᠢᠭᠤᠯᠬᠤ ᠶᠢ | ᠠᠬᠢᠭᠤᠯᠪᠠ᠃ | ᠤᠳᠤᠬᠠᠨ ᠳᠤ ᠮᠤᠨᠠ ᠠᠭᠤᠯᠠ ᠪᠠᠯᠭᠠᠰᠤ ᠨᠢᠬᠡᠨᠳᠡ ᠪᠠᠶᠢᠭᠤᠵᠢᠭᠰᠠᠨ ᠬᠠᠮᠢᠶᠠᠷᠤᠯᠳᠠ ᠶᠢᠨ ᠪᠦᠳᠦᠮᠵᠢᠳᠡᠢ ᠲᠤᠭᠳᠠᠴᠠ ᠶᠢ ᠪᠠᠶᠢᠭᠤᠯᠵᠤ᠂ ᠠᠵᠢᠯ ᠤᠨ ᠡᠭᠦᠷᠬᠡ | ᠬᠠᠷᠢᠭᠤᠴᠠᠯᠭ᠎ᠠ ᠪᠠᠨ ᠲᠤᠳᠤᠷᠬᠠᠶᠢᠯᠠᠵᠤ᠂ ᠡᠭᠦᠷᠬᠡ ᠬᠠᠷᠢᠭᠤᠴᠠᠯᠭ᠎ᠠ ᠪᠠᠨ ᠬᠦᠢᠴᠡᠳᠬᠡᠭᠰᠡᠨ ᠪᠠᠶᠢᠳᠠᠯ ᠳᠤ ᠬᠢᠨᠠᠯᠳᠠ ᠲᠠᠯᠪᠢᠬᠤ ᠶᠢ ᠴᠢᠩᠭᠠᠳᠬᠠᠵᠤ᠂ ᠭᠤᠤᠯ ᠮᠦᠷᠢᠨ | ᠨᠠᠭᠤᠷ ᠴᠦᠬᠦᠷᠦᠮ ᠤᠨ ᠬᠠᠮᠢᠶᠠᠷᠤᠯᠳᠠ ᠬᠠᠮᠠᠭᠠᠯᠠᠯᠳᠠ ᠶᠢᠨ ᠬᠠᠷᠢᠭᠤᠴᠠᠯᠭ᠎ᠠ ᠶᠢ ᠪᠦᠬᠦᠨ ᠢ ᠪᠦᠷᠬᠦᠬᠦᠯᠬᠦ ᠶᠢ ᠪᠡᠶᠡᠯᠡᠬᠦᠯᠵᠦ᠂ ᠭᠤᠤᠯ ᠮᠦᠷᠢᠨ ᠨᠠᠭᠤᠷ ᠴᠦᠬᠦᠷᠦᠮ | ᠤᠨ ᠰᠢᠰᠲ᠋ᠧᠮ ᠪᠤᠯᠤᠨ ᠵᠠᠰᠠᠯᠳᠠ ᠶᠢᠨ ᠴᠢᠳᠠᠪᠤᠷᠢ ᠶᠢᠨ ᠤᠳᠤᠬᠢᠴᠢᠯᠠᠯᠳᠠ ᠶᠢ ᠲᠠᠰᠤᠷᠠᠯᠳᠠ ᠦᠬᠡᠢ ᠠᠬᠢᠭᠤᠯᠵᠤ᠂ ᠭᠤᠤᠯ ᠮᠦᠷᠢᠨ ᠨᠠᠭᠤᠷ ᠴᠦᠬᠦᠷᠦᠮ ᠤᠨ | ᠲᠦᠷᠰᠦ ᠪᠠᠶᠢᠳᠠᠯ ᠢ ᠦᠨᠳᠦᠰᠦᠨ ᠠᠴᠠ ᠨᠢ ᠰᠠᠶᠢᠵᠢᠷᠠᠭᠤᠯᠬᠤ ᠶᠢ ᠠᠬᠢᠭᠤᠯᠪᠠ᠃ |