ᠡᠮᠦᠨᠡᠳᠦ ᠬᠤᠰᠢᠭᠤᠨ ᠤ ᠵᠡᠮᠳᠡᠭᠴᠤᠳ ᠤᠨ ᠬᠤᠯᠪᠤᠭ᠎ᠠ ᠨᠢ ᠬᠠᠷᠠᠭᠠᠨ ᠰᠡᠷᠡᠯ ᠮᠠᠭᠤᠳᠠᠢ ᠬᠦᠮᠦᠰ ᠲᠤ ᠰᠠᠭᠠᠳ ᠦᠬᠡᠢ ᠤᠶᠤᠨᠴᠢᠯᠠᠭᠰᠠᠨ ᠲᠠᠭᠤᠨ ᠬᠠᠶᠢᠷᠴᠠᠭ ᠪᠠ ᠬᠢᠵᠢᠭ ᠢ ᠰᠡᠷᠬᠡᠶᠢᠯᠡᠬᠦ ᠡᠳ᠋ ᠪᠤᠳᠠᠰ ᠬᠦᠷᠬᠡᠪᠡ
ᠨᠡᠶᠢᠲᠡᠯᠡᠭᠰᠡᠨ ᠴᠠᠭ᠄
2022/4/8
     ᠵᠡᠮᠳᠡᠭᠴᠤᠳ ᠤᠨ ᠰᠤᠶᠤᠯ ᠤᠨ ᠠᠮᠢᠳᠤᠷᠠᠯ ᠢ ᠪᠠᠶᠠᠯᠢᠭᠵᠢᠭᠤᠯᠵᠤ᠂ ᠠᠮᠢᠳᠤᠷᠠᠯ ᠤᠨ ᠲᠤᠮᠳᠠᠬᠢ ᠬᠦᠴᠢᠷᠳᠡᠯ ᠬᠤᠪᠢ ᠬᠦᠮᠦᠨ ᠤ ᠰᠡᠷᠬᠡᠶᠢᠯᠡᠯᠳᠡ ᠶᠢᠨ ᠠᠮᠤᠷ ᠲᠦᠪᠰᠢᠨ ᠢ ᠤᠯᠠᠮ ᠨᠢᠬᠡ ᠠᠯᠬᠤᠮ ᠪᠠᠳᠤᠯᠠᠬᠤ ᠶᠢᠨ ᠲᠦᠯᠦᠬᠡ᠂ ᠤᠶᠢᠷ᠎ᠠ ᠶᠢᠨ ᠡᠳᠦᠷ᠂  ᠡᠮᠦᠨᠡᠳᠦ ᠬᠤᠰᠢᠭᠤᠨ ᠤ ᠵᠡᠮᠳᠡᠭᠴᠤᠳ ᠤᠨ ᠶᠠᠷᠦᠩᠭᠡᠶᠢᠯᠡᠭᠰᠡᠨ ᠦᠢᠯᠡᠴᠢᠯᠡᠬᠡᠨ ᠤ ᠲᠢᠩᠭᠢᠮ ᠳᠤ ᠬᠠᠷᠠᠭᠠᠨ ᠰᠡᠷᠡᠯ ᠮᠠᠭᠤᠳᠠᠢ ᠬᠦᠮᠦᠰ ᠲᠤ ᠰᠠᠭᠠᠳ ᠦᠬᠡᠢ ᠤᠶᠤᠨᠴᠢᠯᠠᠭᠰᠠᠨ ᠲᠠᠭᠤᠨ ᠬᠠᠶᠢᠷᠴᠠᠭ ᠪᠠ ᠬᠢᠵᠢᠭ ᠢ ᠰᠡᠷᠬᠡᠶᠢᠯᠡᠬᠦ ᠡᠳ᠋ ᠪᠤᠳᠠᠰ ᠬᠦᠷᠬᠡᠬᠦ ᠶᠤᠰᠤᠯᠠᠯ ᠶᠠᠪᠤᠭᠳᠠᠭᠤᠯᠪᠠ᠃    ᠠᠵᠢᠯᠯᠠᠵᠤ ᠰᠤᠷᠤᠯᠴᠠᠵᠤ ᠪᠠᠶᠢᠭ᠎ᠠ ᠨᠢᠬᠡᠳᠦᠬᠡᠷ ᠬᠤᠶᠠᠳᠤᠭᠠᠷ ᠲᠠᠰ ᠤᠨ ᠬᠠᠷᠠᠭ᠎ᠠ ᠵᠡᠮᠳᠡᠭ ᠬᠦᠮᠦᠨ᠂ ᠬᠤᠶᠠᠭᠤᠯᠠ ᠪᠠᠨ ᠪᠦᠷ ᠬᠠᠷᠠᠭ᠎ᠠ ᠵᠡᠮᠳᠡᠭ ᠬᠡᠷ ᠪᠦᠯᠢ ᠳᠤ ᠦᠪᠡᠷᠳᠡᠬᠡᠨ ᠵᠠᠰᠠᠬᠤ ᠤᠷᠤᠨ ᠤ ᠵᠡᠮᠳᠡᠭᠴᠤᠳ ᠤᠨ ᠬᠤᠯᠪᠤᠭ᠎ᠠ ᠠᠴᠠ ᠰᠢᠶᠤᠤ ᠳ᠋ᠦ᠋ ᠤᠶᠤᠨᠴᠢᠯᠠᠭᠰᠠᠨ ᠲᠠᠭᠤᠨ ᠬᠠᠶᠢᠷᠴᠠᠭ ᠢ 22 ᠲᠤᠬᠢᠷᠠᠭᠤᠯᠤᠨ ᠬᠦᠷᠬᠡᠵᠦ᠂ ᠰᠤᠬᠤᠷ ᠬᠦᠮᠦᠨ ᠤ ᠢᠯᠢᠵᠦ ᠨᠤᠬᠤᠯᠠᠬᠤ ᠭᠠᠵᠠᠷ᠂ ᠵᠡᠮᠳᠡᠭᠴᠤᠳ ᠢ ᠡᠷᠡᠬᠦᠯᠵᠢᠬᠦᠯᠬᠦ ᠪᠠᠶᠢᠭᠤᠯᠤᠮᠵᠢ᠂ ᠲᠠᠭᠠᠭᠠᠯᠭᠠᠵᠤ ᠠᠰᠠᠷᠠᠭᠤᠯᠬᠤ᠂ ᠪᠤᠯᠪᠠᠰᠤᠷᠠᠭᠤᠯᠬᠤ ᠪᠠᠶᠢᠭᠤᠯᠤᠮᠵᠢ᠂ ᠦᠪᠡᠷᠳᠡᠬᠡᠨ ᠦᠢᠯᠡᠰ ᠪᠤᠰᠬᠠᠭᠰᠠᠨ᠂ ᠰᠤᠷᠤᠯᠴᠠᠵᠤ ᠪᠠᠶᠢᠭ᠎ᠠ ᠵᠡᠮᠳᠡᠭᠴᠤᠳ ᠵᠢᠴᠢ ᠪᠡᠶ᠎ᠡ ᠵᠡᠮᠳᠡᠭ ᠠᠵᠢᠯᠯᠠᠭᠴᠢ ᠳᠤ ᠦᠪᠡᠷᠳᠡᠬᠡᠨ ᠵᠠᠰᠠᠬᠤ ᠤᠷᠤᠨ  ᠤ ᠵᠡᠮᠳᠡᠭᠴᠤᠳ ᠤᠨ ᠰᠠᠭᠤᠷᠢ ᠮᠦᠩᠭᠦᠨ ᠤ ᠨᠡᠶᠢᠬᠡᠮᠯᠢᠭ ᠠᠴᠠ ᠬᠠᠨᠳᠢᠪᠯᠠᠭᠰᠠᠨ ᠬᠢᠵᠢᠭ ᠢ ᠰᠡᠷᠬᠡᠶᠢᠯᠡᠬᠦ  ᠠᠮᠠᠪᠴᠢ ᠶᠢ  9500  ᠬᠦᠷᠬᠡᠵᠡᠢ᠃    ᠲᠠᠷᠠᠭᠠᠪᠠᠷ ᠡᠮᠦᠨᠡᠳᠦ ᠬᠤᠰᠢᠭᠤᠨ ᠤ ᠵᠡᠮᠳᠡᠭᠴᠤᠳ ᠤᠨ ᠬᠤᠯᠪᠤᠭ᠎ᠠ ᠨᠢ ᠦᠪᠡᠷᠳᠡᠬᠡᠨ ᠵᠠᠰᠠᠬᠤ ᠤᠷᠤᠨ ᠤ ᠵᠡᠮᠳᠡᠭᠴᠤᠳ ᠤᠨ ᠰᠠᠭᠤᠷᠢ ᠮᠦᠩᠭᠦᠨ ᠤ ᠨᠡᠶᠢᠬᠡᠮᠯᠢᠭ  ᠠᠴᠠ ᠬᠠᠨᠳᠢᠪᠯᠠᠭᠰᠠᠨ 28 ᠬᠢᠵᠢᠭ ᠢ ᠰᠡᠷᠬᠡᠶᠢᠯᠡᠬᠦ ᠪᠤᠭᠴᠤ᠂ 500 ᠠᠮᠠᠪᠴᠢ ᠶᠢ ᠤᠨᠴᠠᠭᠠᠢ ᠬᠦᠮᠦᠵᠢᠯ ᠤᠨ ᠰᠤᠷᠭᠠᠭᠤᠯᠢ ᠶᠢᠨ ᠬᠡᠦᠬᠡᠳ ᠤᠨ ᠭᠠᠷ ᠲᠤ ᠬᠦᠷᠬᠡᠨ ᠦᠭᠴᠦ᠂ ᠲᠡᠬᠦᠨᠴᠢᠯᠡᠨ ᠤᠯᠠᠨ ᠵᠢᠯ ᠬᠡᠪᠳᠡᠷᠢ ᠳᠤ ᠤᠷᠤᠭᠰᠠᠨ ᠬᠤᠶᠠᠷ ᠬᠦᠮᠦᠨ ᠳᠤ ᠦᠪᠡᠷᠳᠡᠬᠡᠨ ᠵᠠᠰᠠᠬᠤ ᠤᠷᠤᠨ ᠤ ᠵᠡᠮᠳᠡᠭᠴᠤᠳ ᠤᠨ ᠲᠤᠰᠠᠯᠠᠬᠤ ᠪᠠᠭᠠᠵᠢ ᠬᠡᠷᠡᠰᠡᠯ ᠤᠨ ᠡᠬᠢ ᠰᠤᠷᠪᠤᠯᠵᠢ ᠶᠢᠨ ᠲᠦᠪ ᠠᠴᠠ ᠨᠢᠬᠡᠳᠦᠯᠳᠡᠢ ᠲᠤᠬᠢᠷᠠᠭᠤᠯᠤᠨ ᠦᠭᠭᠦᠭᠰᠡᠨ ᠤᠬᠢᠶᠠᠯᠳᠠ ᠶᠢᠨ ᠡᠷᠳᠡᠨᠢ ᠶᠢ ᠬᠦᠷᠬᠡᠵᠦ ᠦᠭᠴᠡᠢ᠃
ᠢᠷᠡᠯᠲᠡ᠄ ᠤᠷᠠᠳ ᠤᠨ ᠡᠮᠦᠨᠡᠲᠦ ᠬᠤᠰᠢᠭᠤᠨ ᠤ ᠵᠠᠰᠠᠭ ᠤᠨ ᠣᠷᠳᠤᠨ ᠤ ᠮᠣᠩᠭᠤᠯ ᠰᠦᠯᠵᠢᠶ᠎ᠡ