︽ᠬᠤᠷᠢᠳᠤᠭᠠᠷ ᠶᠡᠭᠡ ᠬᠤᠷᠠᠯ ᠢ ᠤᠭᠲᠤᠵᠤ ᠰᠢ ᠶᠢᠨ ᠫᠢᠩ ᠶᠡᠷᠦᠩᠬᠡᠶ ᠱᠦᠵᠢ ᠶᠢᠨ ᠴᠢᠬᠤᠯᠠ ᠶᠠᠷᠢᠶᠠᠨ ᠤ ᠵᠣᠷᠢᠭ ᠰᠠᠨᠠᠭ᠎ᠠ ᠶᠢ ᠰᠤᠷᠤᠯᠴᠠᠨ  ᠲᠣᠭᠤᠰᠢᠯᠠᠭᠤᠯᠬᠤ ᠤᠬᠠᠭᠤᠯᠤᠨ ᠲᠠᠶᠢᠯᠪᠤᠷᠢᠯᠠᠬᠤ ᠮᠡᠳᠡᠭᠦᠯᠦᠯᠲᠡ ᠶᠢᠨ ᠬᠤᠷᠠᠯ ᠡᠷᠳᠡᠨᠢᠪᠤᠯᠠᠭ ᠰᠤᠮᠤᠨ ᠳᠤ ᠶᠠᠪᠤᠭᠳᠠᠪᠠ
ᠨᠡᠶᠢᠲᠡᠯᠡᠭᠰᠡᠨ ᠴᠠᠭ᠄
2022/5/10
     ᠶᠡᠷᠦᠩᠬᠡᠢ ᠱᠦᠵᠢ ᠰᠢ ᠶᠢᠨ ᠫᠢᠩ ᠤᠨ ᠴᠢᠬᠤᠯᠠ ᠶᠠᠷᠢᠶᠠᠨ ᠤ ᠵᠣᠷᠢᠭ ᠰᠠᠨᠠᠭ᠎ᠠ ᠶᠢ ᠭᠦᠨᠵᠡᠭᠡᠢ ᠰᠤᠷᠤᠯᠴᠠᠨ ᠤᠬᠠᠭᠤᠯᠵᠤ ᠲᠤᠭᠤᠰᠢᠯᠠᠭᠤᠯᠬᠤ ᠬᠠᠯᠠᠭᠤᠨ ᠥᠷᠨᠢᠯᠲᠡ ᠶᠢ ᠪᠤᠢ ᠪᠣᠯᠭᠠᠬᠤ ᠶᠢᠨ ᠲᠥᠯᠥᠭᠡ᠂ 5 ᠰᠠᠷ᠎ᠠ ᠶᠢᠨ 9 ᠤ ᠡᠳᠦᠷ᠂ ᠶᠡᠷᠦᠩᠬᠡᠶ ᠱᠦᠵᠢ ᠰᠢ ᠶᠢᠨ ᠫᠢᠩ ᠤᠨ ᠴᠢᠬᠤᠯᠠ ᠶᠠᠷᠢᠶᠠᠨ ᠤ ᠵᠣᠷᠢᠭ ᠰᠠᠨᠠᠭ᠎ᠠ ᠶᠢ ᠰᠤᠷᠤᠯᠴᠠᠨ ᠲᠣᠭᠤᠰᠢᠯᠠᠭᠤᠯᠬᠤ ᠤᠬᠠᠭᠤᠯᠤᠨ ᠲᠠᠶᠢᠯᠪᠤᠷᠢᠯᠠᠬᠤ ᠮᠡᠳᠡᠭᠦᠯᠦᠯᠲᠡ ᠶᠢᠨ ᠬᠤᠷᠠᠯ ᠡᠷᠳᠡᠨᠢᠪᠣᠯᠠᠭ ᠰᠤᠮᠤᠨ ᠳᠤ ᠶᠠᠪᠤᠭᠳᠠᠪᠠ᠃ ᠲᠤᠰ ᠤᠳᠠᠭ᠎ᠠ ᠶᠢᠨ ᠮᠡᠳᠡᠭᠦᠯᠦᠯᠲᠡ ᠶᠢᠨ ᠬᠤᠷᠠᠯ  ᠢ ᠬᠤᠰᠢᠭᠤ ᠨᠠᠮ ᠤᠨ ᠬᠤᠷᠢᠶᠠᠨ ᠤ ᠤᠬᠠᠭᠤᠯᠤᠨ ᠲᠠᠶᠢᠯᠪᠤᠷᠢᠯᠠᠬᠤ ᠪᠦᠯᠬᠦᠮ ᠤᠨ ᠪᠦᠷᠢᠯᠳᠦᠬᠦᠨ᠂ ᠤᠬᠠᠭᠤᠯᠬᠤ ᠬᠡᠯᠲᠡᠰ ᠤᠨ ᠳᠡᠳ᠋ ᠳᠠᠷᠤᠭ᠎ᠠ ᠶᠠᠩ ᠱᠤ᠋ ᠹᠧᠨ ᠶᠢ ᠤᠷᠢᠵᠤ ᠲᠤᠰᠬᠠᠢ ᠰᠡᠳᠦᠪ ᠢᠶᠠᠷ ᠤᠬᠠᠭᠤᠯᠤᠨ ᠲᠠᠶᠢᠯᠪᠣᠷᠢᠯᠠᠯᠲᠠ ᠬᠢᠪᠡ᠃     ᠤᠬᠠᠭᠤᠯᠤᠨ ᠲᠠᠶᠢᠯᠪᠣᠷᠢᠯᠠᠯᠲᠠ ᠳᠤ ︽ᠲᠠᠪᠤᠨ ᠵᠠᠪᠠᠯ ᠶᠠᠪᠤᠬᠤ ᠵᠠᠮ︾ ᠤᠨ ᠴᠢᠬᠤᠯᠠ ᠶᠡᠭᠡ ᠠᠴᠢ ᠬᠤᠯᠪᠣᠭᠳᠠᠯ ᠢ ᠭᠦᠨᠵᠡᠭᠡᠢ ᠣᠶᠢᠯᠠᠭᠠᠬᠤ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠴᠣᠭᠴᠠᠯᠠᠬᠤ᠂ ᠰᠢᠨ᠎ᠡ ᠴᠠᠭ ᠦᠶ᠎ᠡ ᠶᠢᠨ ᠪᠠᠶᠠᠨᠨᠠᠭᠤᠷ ᠤᠨ ᠴᠢᠨᠠᠷ ᠰᠠᠶᠢᠲᠠᠢ ᠬᠥᠭᠵᠢᠯᠲᠡ ᠶᠢᠨ ᠰᠢᠨ᠎ᠡ ᠬᠠᠭᠤᠳᠠᠰᠤ ᠶᠢ ᠴᠢᠷᠮᠠᠶᠢᠨ ᠪᠢᠴᠢᠭᠯᠡᠬᠦ ᠵᠡᠷᠭᠡ ᠭᠤᠷᠪᠠᠨ ᠲᠠᠯ᠎ᠠ ᠠᠴᠠ ᠶᠡᠷᠦᠩᠬᠡᠢ ᠱᠦᠵᠢ ᠰᠢ ᠶᠢᠨ ᠫᠢᠩ ᠤᠨ ᠠᠷᠪᠠᠨ ᠭᠤᠷᠪᠠᠳᠤᠭᠠᠷ ᠬᠤᠭᠤᠴᠠᠭᠠᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠲᠠᠪᠤᠳᠤᠭᠠᠷ ᠬᠤᠷᠠᠯ ᠤᠨ ᠥᠪᠥᠷ ᠮᠣᠩᠭᠤᠯ ᠤᠨ ᠲᠥᠯᠥᠭᠡᠯᠡᠭᠴᠢᠳ ᠤᠨ ᠪᠦᠯᠬᠦᠮ ᠤᠨ ᠬᠢᠨᠠᠨ ᠵᠥᠪᠯᠡᠬᠦ ᠳᠤ ᠣᠷᠣᠯᠴᠠᠬᠤ ᠦᠶ᠎ᠡ ᠶᠢᠨ ᠴᠢᠬᠤᠯᠠ ᠶᠠᠷᠢᠶᠠᠨ ᠤ ᠵᠣᠷᠢᠭ ᠰᠠᠨᠠᠭ᠎ᠠ ᠶᠢ ᠭᠦᠨᠵᠡᠭᠡᠢ ᠲᠠᠶᠢᠯᠪᠤᠷᠢᠯᠠᠪᠠ᠃     ᠬᠤᠷᠠᠯ ᠳᠤ ᠣᠷᠣᠯᠴᠠᠭᠰᠠᠨ ᠺᠠᠳ᠋ᠷᠴᠤᠳ ᠲᠣᠰ ᠤᠳᠠᠭᠠᠨ ᠤ ᠤᠬᠠᠭᠤᠯᠤᠨ ᠲᠠᠶᠢᠯᠪᠤᠷᠢᠯᠠᠯᠲᠠ ᠪᠠᠷ ᠲᠠᠮᠵᠢᠨ᠂ ᠬᠤᠶᠢᠰᠢᠳᠠ ᠶᠢᠨ ᠠᠵᠢᠯ ᠤᠨ ᠳᠤᠮᠳᠠ ᠪᠠᠨ ᠶᠡᠷᠦᠩᠬᠡᠢ ᠱᠦᠵᠢ ᠰᠢ ᠶᠢᠨ ᠫᠢᠩ ᠤᠨ ᠴᠢᠬᠤᠯᠠ ᠶᠠᠷᠢᠶᠠᠨ ᠤ ᠵᠣᠷᠢᠭ ᠰᠠᠨᠠᠭᠠᠨ ᠤ ᠮᠥᠨ ᠴᠢᠨᠠᠷ ᠢ ᠭᠦᠨᠵᠡᠭᠡᠢ ᠡᠵᠡᠮᠰᠢᠵᠦ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ  ᠴᠣᠭᠴᠠᠯᠠᠵᠤ᠂ ᠰᠤᠷᠴᠤ ᠬᠡᠷᠡᠭᠯᠡᠬᠦ ᠶᠢ ᠤᠶᠠᠯᠳᠤᠭᠤᠯᠬᠤ ᠶᠢ ᠪᠠᠷᠢᠮᠲᠠᠯᠠᠨ᠂ ᠶᠡᠷᠦᠩᠬᠡᠶ ᠱᠦᠵᠢ ᠰᠢ ᠶᠢᠨ ᠫᠢᠩ ᠤᠨ ᠨᠠᠨᠳᠢᠨ ᠬᠦᠰᠡᠯ ᠡᠷᠡᠮᠡᠯᠵᠡᠯ ᠪᠣᠯᠤᠨ ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ ᠶᠢ ᠲᠣᠭᠤᠰᠢᠯᠠᠭᠤᠯᠵᠤ᠂ ᠪᠣᠬᠢᠷᠲᠤᠯ ᠥᠬᠡᠶ ᠴᠢᠨᠠᠷ ᠰᠠᠶᠢᠲᠠᠶ ᠬᠥᠭᠵᠢᠯᠲᠡ ᠶᠢ ᠪᠡᠶᠡᠯᠡᠬᠦᠯᠵᠦ ᠡᠷᠳᠡᠨᠢᠪᠤᠯᠠᠭ ᠰᠤᠮᠤ ᠶᠢ ᠪᠥᠲᠥᠭᠡᠨ ᠪᠠᠶᠢᠭᠤᠯᠬᠤ ᠶᠢᠨ ᠬᠥᠳᠡᠯᠭᠡᠬᠦ ᠬᠦᠴᠦᠨ ᠤ ᠡᠬᠢ ᠪᠤᠯᠠᠭ ᠪᠣᠯᠭᠠᠬᠤ ᠪᠠᠷ ᠴᠢᠷᠮᠠᠶᠢᠵᠤ᠂ ᠪᠣᠳᠠᠲᠤ ᠠᠵᠢᠯᠯᠠᠭ᠎ᠠ ᠪᠠᠷ ᠢᠶᠠᠨ ᠨᠠᠮ ᠤᠨ ᠬᠤᠷᠢᠳᠤᠭᠠᠷ ᠶᠡᠭᠡ ᠬᠤᠷᠠᠯ ᠤᠨ ᠠᠮᠵᠢᠯᠲᠠ ᠲᠠᠢ ᠬᠤᠷᠠᠯᠳᠤᠬᠤ ᠶᠢ ᠣᠭᠲᠣᠨ᠎ᠠ ᠬᠡᠮᠡᠨ ᠢᠯᠡᠷᠬᠡᠶᠢᠯᠡᠪᠡ᠃
ᠢᠷᠡᠯᠲᠡ᠄ ᠤᠷᠠᠳ ᠤᠨ ᠡᠮᠦᠨᠡᠲᠦ ᠬᠤᠰᠢᠭᠤᠨ ᠤ ᠵᠠᠰᠠᠭ ᠤᠨ ᠣᠷᠳᠤᠨ ᠤ ᠮᠣᠩᠭᠤᠯ ᠰᠦᠯᠵᠢᠶ᠎ᠡ