ᠬᠥᠳᠡᠯᠭᠡᠭᠡᠨ ᠬᠢᠬᠦ ᠶᠢᠨ ᠰᠠᠶᠢᠨ ᠲᠠᠢ ᠲᠠᠯ᠎ᠠ ᠶᠢ ᠮᠠᠰᠢ ᠤᠯᠠᠨ ᠬᠥᠮᠥᠨ ᠪᠦᠷ ᠮᠡᠳᠡᠳᠡᠭ᠂ ᠭᠡᠪᠡᠴᠦ ᠬᠥᠳᠡᠯᠭᠡᠭᠡᠨ ᠲᠤᠳᠠᠬᠳᠠᠬᠤ ᠶᠢᠨ ᠠᠶᠤᠯ ᠲᠦᠭᠰᠢᠭᠦᠷᠢ ᠶᠢ | ᠣᠯᠠᠨ ᠢᠶᠠᠷ ᠢᠶᠠᠨ ᠶᠡᠷᠦᠨᠢ ᠭᠦᠢᠴᠡᠳ ᠬᠦᠨᠳᠦᠳᠬᠡᠬᠦ ᠦᠭᠡᠢ ᠪᠠᠶᠢᠳᠠᠭ᠃ | ᠤᠶᠢᠷ᠎ᠠ ᠳᠤ᠂ ᠠᠮᠧᠷᠢᠺᠠ ᠶᠢᠨ ᠺᠷᠢᠹᠯᠡᠨᠳ᠋ ᠡᠮᠨᠡᠯᠭᠡ ᠶᠢᠨ ᠭᠠᠵᠠᠷ ᠤᠨ ᠬᠢᠨ ᠰᠤᠳᠤᠯᠭᠠᠨ ᠳᠠᠭᠠᠨ᠂ ᠬᠥᠳᠡᠯᠭᠡᠭᠡᠨ ᠳᠤᠲᠠᠭᠳᠠᠬᠤ ᠨᠢ ᠲᠠᠮᠠᠬᠢ ᠲᠠᠲᠠᠬᠤ᠂ ᠰᠢᠬᠢᠷ | ᠰᠢᠵᠢᠩ ᠡᠪᠡᠳᠴᠢᠨ᠂ ᠵᠢᠷᠦᠬᠡᠨ ᠡᠪᠡᠳᠴᠢᠨ ᠠᠴᠠ ᠨᠡᠩ ᠢᠯᠡᠬᠦᠦ ᠡᠷᠡᠭᠦᠯ ᠮᠡᠨᠳᠦ ᠳᠤ ᠬᠤᠤᠷ ᠬᠥᠨᠥᠭᠡᠯ ᠲᠠᠢ ᠪᠠᠶᠢᠳᠠᠭ ᠭᠡᠵᠦ ᠬᠡᠯᠡᠪᠡ᠃ | ᠲᠤᠰ ᠡᠮᠨᠡᠯᠭᠡ ᠶᠢᠨ ᠭᠠᠵᠠᠷ 1991 ᠣᠨ ᠤ 1 ᠰᠠᠷ᠎ᠠ ᠠᠴᠠ 2014 ᠣᠨ ᠤ 12 ᠰᠠᠷ᠎ᠠ ᠪᠣᠯᠲᠠᠯ᠎ᠠ 12 ᠲᠦᠮᠡᠨ ᠡᠪᠡᠳᠴᠢᠲᠡᠨ ᠳᠤ ᠭᠦᠶᠦᠬᠦ | ᠮᠠᠰᠢᠨ ᠢᠶᠠᠷ ᠬᠥᠳᠡᠯᠭᠡᠭᠡᠨ ᠤ ᠲᠤᠷᠰᠢᠯᠲᠠ ᠬᠢᠵᠦ᠂ ᠬᠥᠳᠡᠯᠭᠡᠭᠡᠨ ᠤ ᠪᠣᠳᠠᠲᠤ ᠬᠢᠷᠢ ᠪᠦᠲᠦᠮᠵᠢ ᠪᠠᠷ ᠰᠠᠭᠤᠷᠢ ᠪᠣᠯᠭᠠᠨ᠂ ᠪᠡᠶ᠎ᠡ ᠪᠠᠨ ᠪᠣᠯᠪᠠᠰᠤᠷᠠᠬᠤ ᠪᠠ ᠡᠯ᠎ᠡ | ᠵᠦᠢᠯ ᠤᠨ ᠦᠬᠦᠯ ᠤᠨ ᠠᠶᠤᠯ ᠲᠦᠭᠰᠢᠭᠦᠷᠢ ᠶᠢᠨ ᠬᠠᠷᠢᠴᠠᠭ᠎ᠠ ᠶᠢ ᠰᠣᠳᠤᠯᠵᠠᠢ᠃ ᠰᠤᠳᠤᠯᠭᠠᠨ ᠤ ᠦᠷ᠎ᠡ ᠳ᠋ᠦᠩ ᠳᠤ᠂ ᠭᠦᠶᠦᠯᠳᠡ ᠶᠢᠨ ᠬᠢᠷᠢ ᠪᠦᠲᠦᠮᠵᠢ ᠪᠠᠷ ᠠᠨᠠᠶ | ᠡᠪᠡᠳᠴᠢᠲᠡᠨ ᠨᠢ ᠪᠥᠭᠡᠷᠡᠨ ᠤ ᠠᠵᠢᠯᠯᠠᠭ᠎ᠠ ᠪᠦᠷᠢᠨ ᠪᠤᠰᠤ ᠡᠪᠡᠳᠴᠢᠳᠡᠨ ᠢ ᠪᠤᠳᠤᠪᠠᠯ ᠦᠬᠦᠬᠦ ᠠᠶᠤᠯ ᠢᠶᠠᠷ ᠪᠠᠷᠤᠭ 2 ᠳᠠᠬᠢᠨ ᠥᠨᠳᠥᠷ ᠪᠠᠶᠢᠳᠠᠭ︔ ᠬᠥᠳᠡᠯᠭᠡᠭᠡᠨ | ᠪᠠᠭ᠎ᠠ ᠬᠢᠳᠡᠭ ᠬᠦᠮᠦᠨ ᠨᠢ ᠬᠥᠳᠡᠯᠭᠡᠭᠡᠨ ᠰᠠᠶᠢᠨ ᠬᠢᠳᠡᠭ ᠬᠦᠮᠦᠨ ᠢ ᠪᠤᠳᠤᠪᠠᠯ ᠦᠬᠦᠬᠦ ᠠᠶᠤᠯ ᠢᠶᠠᠷ 6 ᠳᠠᠬᠢᠨ ᠦᠨᠳᠦᠷ ᠪᠠᠶᠢᠳᠠᠭ ᠢ ᠢᠯᠡᠷᠡᠬᠦᠯᠵᠡᠢ᠃ | ᠰᠤᠳᠤᠯᠭᠠᠨ ᠳᠤ ᠪᠠᠰᠠ ᠬᠥᠳᠡᠯᠭᠡᠭᠡᠨ ᠲᠤᠳᠠᠬᠳᠠᠬᠤ ᠨᠢ ᠲᠠᠮᠠᠬᠢ ᠲᠠᠲᠠᠬᠤ᠂ ᠰᠢᠬᠢᠷ ᠰᠢᠵᠢᠩ ᠡᠪᠡᠳᠴᠢᠨ᠂ ᠵᠢᠷᠦᠬᠡᠨ ᠡᠪᠡᠳᠴᠢᠨ ᠠᠴᠠ ᠬᠤᠯᠠ ᠠᠶᠤᠯ ᠲᠠᠢ | ᠬᠡᠳᠡᠭ ᠢ ᠢᠯᠡᠷᠡᠬᠦᠯᠪᠡ᠃ ᠬᠥᠳᠡᠯᠭᠡᠭᠡᠨ ᠬᠢᠬᠦ ᠨᠢ ᠡᠷᠡᠭᠦᠯ ᠪᠤᠰᠤ ᠠᠮᠢᠳᠤᠷᠠᠯ ᠤᠨ ᠵᠠᠩ ᠲᠠᠳᠬᠠᠯ ᠠᠴᠠ ᠪᠣᠯᠤᠭᠰᠠᠨ ᠨᠥᠯᠥᠭᠡ ᠶᠢ ᠬᠦᠷᠲᠡᠯ᠎ᠡ ᠠᠷᠢᠯᠭᠠᠵᠤ ᠴᠢᠳᠠᠬᠤ | ᠰᠠᠶᠢᠨ ᠲᠠᠯ᠎ᠠ ᠲᠠᠢ ᠪᠤᠯᠬᠤᠷ ᠵᠠᠪᠠᠯ ᠪᠡᠶ᠎ᠡ ᠪᠠᠨ ᠪᠣᠯᠪᠠᠰᠤᠷᠠᠬᠤ ᠬᠡᠷᠡᠭᠳᠡᠢ ᠬᠡᠵᠦ ᠰᠢᠨᠵᠢᠯᠡᠬᠦ ᠤᠬᠠᠭᠠᠠᠳᠠᠳ ᠤᠷᠢᠶᠠᠯᠠᠵᠤ ᠪᠠᠶᠢᠨ᠎ᠠ᠃ | ᠡᠭᠦᠨ ᠠᠴᠠ ᠭᠠᠳᠠᠨ᠎ᠠ᠂ ᠰᠤᠳᠤᠯᠭᠠᠨ ᠳᠤ ᠪᠠᠰᠠ ᠬᠥᠳᠡᠯᠭᠡᠭᠡᠨ ᠬᠢᠬᠦ ᠨᠢ ᠡᠷᠡᠭᠲᠡᠶ ᠡᠮᠡᠭᠲᠡᠶ ᠭᠡᠵᠦ ᠢᠯᠭᠠᠯ ᠥᠬᠡᠶ᠂ ᠡᠯ᠎ᠡ ᠨᠠᠰᠤᠨ ᠤ ᠬᠦᠮᠦᠰ ᠲᠤ ᠲᠤᠬᠢᠷᠠᠬᠤ | ᠰᠠᠶᠢᠨ ᠲᠠᠯ᠎ᠠ ᠲᠠᠢ ᠪᠤᠯᠬᠤᠷ ᠥᠨᠳᠥᠷ ᠨᠠᠰᠤᠨ ᠤ ᠬᠥᠮᠦᠰ ᠬᠥᠳᠡᠯᠭᠡᠭᠡᠨ ᠬᠢᠭᠰᠡᠨ ᠴᠦ ᠠᠳᠠᠯᠢᠬᠠᠨ ᠠᠰᠢᠭ ᠬᠦᠷᠲᠡᠨ᠎ᠡ ᠬᠡᠵᠦ ᠰᠠᠨᠠᠭᠤᠯᠵᠠᠢ᠃ | |