ᠰᠢᠨ ᠠᠨ ᠪᠠᠯᠭᠠᠰᠤ 2022 ᠣᠨ ᠤ ᠦᠶᠡᠷ ᠢ ᠰᠡᠷᠬᠡᠶᠢᠯᠡᠨ ᠭᠠᠩ ᠲᠠᠢ ᠲᠡᠮᠡᠴᠡᠬᠦ ᠠᠵᠢᠯ ᠤᠨ ᠬᠤᠷᠠᠯ ᠵᠢᠴᠢ ᠦᠶᠡᠷ ᠢ ᠰᠡᠷᠬᠡᠶᠢᠯᠡᠨ ᠭᠠᠩ ᠲᠠᠢ ᠲᠡᠮᠡᠴᠡᠬᠦ ᠲᠤᠬᠠᠶᠢᠯᠠᠭᠰᠠᠨ ᠠᠵᠢᠯ ᠤᠨ ᠪᠤᠯᠪᠠᠰᠤᠷᠠᠯ ᠤᠨ ᠬᠤᠷᠠᠯ ᠢ ᠬᠤᠷᠠᠯᠳᠤᠭᠤᠯᠪᠠ
ᠨᠡᠶᠢᠲᠡᠯᠡᠭᠰᠡᠨ ᠴᠠᠭ᠄
2022/5/11
     ᠤᠶᠢᠷ᠎ᠠ ᠶᠢᠨ ᠡᠳᠦᠷ᠂ ᠰᠢᠨ ᠠᠨ ᠪᠠᠯᠭᠠᠰᠤ 2022 ᠣᠨ ᠤ ᠦᠶᠡᠷ ᠢ ᠰᠡᠷᠬᠡᠶᠢᠯᠡᠨ ᠭᠠᠩ ᠲᠠᠢ ᠲᠡᠮᠡᠴᠡᠬᠦ ᠠᠵᠢᠯ ᠤᠨ ᠬᠤᠷᠠᠯ ᠵᠢᠴᠢ ᠦᠶᠡᠷ ᠢ ᠰᠡᠷᠬᠡᠶᠢᠯᠡᠨ ᠭᠠᠩ ᠲᠠᠢ ᠲᠡᠮᠡᠴᠡᠬᠦ ᠲᠤᠬᠠᠶᠢᠯᠠᠭᠰᠠᠨ ᠠᠵᠢᠯ ᠤᠨ ᠪᠤᠯᠪᠠᠰᠤᠷᠠᠯ ᠤᠨ ᠬᠤᠷᠠᠯ ᠢ ᠬᠤᠷᠠᠯᠳᠤᠭᠤᠯᠵᠤ᠂ 2022 ᠣᠨ ᠤ ᠦᠶᠡᠷ ᠢ ᠰᠡᠷᠬᠡᠶᠢᠯᠡᠨ ᠭᠠᠩ ᠲᠠᠢ ᠲᠡᠮᠡᠴᠡᠬᠦ ᠠᠵᠢᠯ ᠢ ᠪᠠᠶᠢᠷᠢᠯᠠᠭᠤᠯᠪᠠ᠃     ᠪᠠᠯᠭᠠᠰᠤᠨ ᠤ ᠠᠷᠠᠳ ᠤᠨ ᠲᠦᠯᠦᠬᠡᠯᠡᠭᠴᠢᠳ ᠤᠨ ᠶᠡᠭᠡ ᠬᠤᠷᠠᠯ ᠤᠨ ᠲᠠᠷᠢᠬᠦᠯᠡᠭᠴᠢ ᠰᠦᠨ ᠼᠦᠨ ᠡᠤ ᠬᠤᠷᠠᠯ ᠳᠤ ᠤᠷᠤᠯᠴᠠᠭᠰᠠᠨ ᠪᠦᠬᠡᠳ ᠶᠠᠷᠢᠶ᠎ᠠ ᠲᠠᠯᠪᠢᠵᠤ᠂ ᠪᠠᠯᠭᠠᠰᠤᠨ ᠤ ᠦᠶᠡᠷ ᠢ ᠰᠡᠷᠬᠡᠶᠢᠯᠡᠨ ᠭᠠᠩ ᠲᠠᠢ ᠲᠡᠮᠡᠴᠡᠬᠦ ᠠᠵᠢᠯ ᠤᠨ ᠤᠳᠤᠷᠢᠳᠬᠤ ᠲᠤᠭᠤᠶᠢᠯᠠᠩ᠂ ᠪᠠᠯᠭᠠᠰᠤ ᠲᠤᠰᠬᠤᠨ ᠤ ᠭᠤᠤᠯ ᠮᠦᠷᠡᠨ ᠤ ᠲᠠᠷᠤᠭ᠎ᠠ ᠵᠡᠷᠭᠡ 50 ᠭᠠᠷᠤᠢ ᠬᠦᠮᠦᠨ ᠬᠤᠷᠠᠯ ᠳᠤ ᠤᠷᠤᠯᠴᠠᠭᠰᠠᠨ ᠪᠠᠶᠢᠨ᠎ᠠ᠃     ᠬᠤᠷᠠᠯ ᠠᠴᠠ ᠠᠷᠠᠳ ᠲᠦᠮᠡᠨ ᠢ ᠲᠡᠭᠡᠳᠦᠯᠡᠬᠦ ᠶᠢ ᠪᠠᠷᠢᠮᠳᠠᠯᠠᠵᠤ᠂ ᠦᠶᠡᠷ ᠢ ᠰᠡᠷᠬᠡᠶᠢᠯᠡᠬᠦ ᠪᠡᠯᠡᠳᠬᠡᠯ ᠪᠠᠴᠢᠮ ᠪᠠᠶᠢᠳᠠᠯ ᠢ ᠠᠷᠭᠠᠴᠠᠭᠠᠬᠤ ᠪᠠᠳᠤᠯᠠᠭ᠎ᠠ ᠶᠢ ᠴᠢᠩᠭ᠎ᠠ ᠬᠠᠮᠢᠶᠠᠷᠬᠤ  ᠶᠢ ᠴᠢᠬᠤᠯᠠᠴᠢᠯᠠᠵᠤ᠂ ᠤᠯᠤᠰ ᠲᠦᠷᠦ ᠶᠢᠨ ᠵᠤᠭᠰᠤᠯᠳᠠ ᠪᠠᠨ ᠲᠡᠭᠡᠭᠰᠢᠯᠡᠬᠦᠯᠵᠦ᠂ ᠪᠠᠶᠢᠳᠠᠯ ᠢ ᠲᠤᠳᠤᠷᠬᠠᠢ ᠲᠠᠨᠢᠵᠤ᠂ ᠲᠡᠭᠡᠳᠦ ᠬᠡᠮᠵᠢᠶ᠎ᠡ ᠪᠠᠷ ᠰᠡᠷᠡᠮᠵᠢᠯᠡᠵᠦ᠂ ᠦᠶᠡᠷ ᠢ ᠰᠡᠷᠬᠡᠶᠢᠯᠡᠨ ᠭᠠᠩ ᠲᠠᠢ ᠲᠡᠮᠡᠴᠡᠬᠦ ᠠᠵᠢᠯ ᠢ ᠰᠠᠶᠢᠳᠤᠷ ᠬᠢᠬᠦ ᠬᠠᠷᠢᠭᠤᠴᠠᠯᠭᠠᠳᠤ ᠰᠡᠳᠬᠢᠯᠬᠡ ᠪᠠ ᠪᠠᠴᠢᠮ ᠰᠡᠳᠬᠢᠯᠬᠡ ᠶᠢ ᠦᠨᠡᠨᠬᠦ ᠨᠡᠮᠡᠭᠳᠡᠬᠦᠯᠵᠦ᠂ ᠦᠶᠡᠷ ᠢ ᠰᠡᠷᠬᠡᠶᠢᠯᠡᠨ ᠭᠠᠩ ᠲᠠᠢ ᠲᠡᠮᠡᠴᠡᠬᠦ  ᠬᠤᠷᠢᠭ᠎ᠠ ᠱᠤᠭᠤᠮ ᠤᠨ ᠱᠠᠭᠠᠷᠳᠠᠯᠭ᠎ᠠ ᠶᠢ ᠪᠠᠳᠤ ᠰᠠᠬᠢᠵᠦ᠂ ︿︿ᠶᠡᠭᠡ ᠦᠶᠡᠷ ᠢ ᠰᠡᠷᠬᠡᠶᠢᠯᠡᠵᠦ᠂ ᠶᠡᠭᠡ ᠲᠦᠭᠰᠢᠬᠦᠷᠢ ᠠᠴᠠ ᠠᠪᠤᠷᠠᠵᠤ᠂ ᠶᠡᠭᠡ ᠭᠠᠮᠰᠢᠭ ᠠᠴᠠ ᠠᠪᠤᠷᠠᠬᠤ﹀﹀ ᠦᠵᠡᠯᠳᠡ ᠶᠢ ᠪᠤᠢ ᠪᠤᠯᠭᠠᠵᠤ᠂ ᠠᠵᠢᠯ ᠤᠨ ᠲᠤᠭᠳᠠᠭᠤᠨ ᠴᠢᠨᠠᠷ ᠢᠶᠠᠷ ᠦᠶᠡᠷ ᠣᠰᠣᠨ  ᠤ ᠲᠤᠭᠳᠠᠭᠤᠨ ᠪᠤᠰᠤ ᠴᠢᠨᠠᠷ ᠢ ᠠᠷᠭᠠᠴᠠᠭᠠᠵᠤ᠂ ᠤᠮᠳᠠᠭᠠᠶᠢᠯᠠᠬᠤ ᠦᠵᠡᠯ ᠢ ᠲᠠᠪᠴᠢᠵᠦ᠂  ᠠᠷᠠᠳ ᠲᠦᠮᠡᠨ ᠤ ᠠᠮᠢ ᠨᠠᠰᠤ ᠡᠳ᠋ ᠬᠦᠷᠦᠩᠭᠡ ᠳᠤ ᠲᠡᠭᠡᠳᠦ ᠬᠡᠮᠵᠢᠶ᠎ᠡ  ᠪᠠᠷ ᠬᠠᠷᠢᠭᠤᠴᠠᠬᠤ ᠤᠪᠤᠷ ᠢᠶᠠᠷ ᠠᠵᠢᠯ ᠢ ᠡᠷᠳᠡ ᠠᠴᠠ ᠪᠤᠳᠠᠳᠠᠢ ᠢᠶᠠᠷ᠂ ᠨᠠᠷᠢᠯᠢᠭ᠂ ᠴᠢᠩᠭ᠎ᠠ ᠰᠠᠶᠢᠳᠤᠷ ᠬᠢᠬᠦ ᠶᠢ ᠱᠠᠭᠠᠷᠳᠠᠪᠠ᠃ ᠬᠤᠷᠠᠯ ᠤᠨ ᠲᠠᠷᠠᠭ᠎ᠠ᠂ ᠦᠶᠡᠷ  ᠢ ᠰᠡᠷᠬᠡᠶᠢᠯᠡᠨ ᠭᠠᠩ ᠲᠠᠢ ᠲᠡᠮᠡᠴᠡᠬᠦ ᠤᠬᠠᠭᠤᠯᠬᠤ ᠠᠵᠢᠯᠯᠠᠭ᠎ᠠ ᠶᠢ ᠦᠷᠨᠢᠬᠦᠯᠵᠦ᠂ 500 ᠭᠠᠷᠤᠢ ᠬᠤᠪᠢ ᠤᠬᠠᠭᠤᠯᠬᠤ  ᠬᠠᠭᠤᠳᠠᠰᠤ᠂ 370 ᠭᠠᠷᠤᠢ ᠬᠦᠮᠦᠨ ᠤᠳᠠᠭᠠᠨ ᠤ ᠤᠯᠠᠨ ᠲᠦᠮᠡᠨ ᠤ ᠠᠰᠠᠭᠤᠯᠳᠠ ᠶᠢ ᠬᠠᠷᠢᠭᠤᠯᠵᠠᠢ᠃
ᠢᠷᠡᠯᠲᠡ᠄ ᠤᠷᠠᠳ ᠤᠨ ᠡᠮᠦᠨᠡᠲᠦ ᠬᠤᠰᠢᠭᠤᠨ ᠤ ᠵᠠᠰᠠᠭ ᠤᠨ ᠣᠷᠳᠤᠨ ᠤ ᠮᠣᠩᠭᠤᠯ ᠰᠦᠯᠵᠢᠶ᠎ᠡ