5 ᠰᠠᠷ᠎ᠠ ᠶᠢᠨ 6 ᠤ ᠡᠳᠦᠷ᠂ ᠤᠷᠠᠳ ᠤᠨ ᠡᠮᠦᠨᠡᠳᠦ ᠬᠤᠰᠢᠭᠤᠨ ᠤ ᠰᠠᠬᠢᠯᠭ᠎ᠠ ᠪᠠᠳᠤ ᠪᠠᠶᠢᠴᠠᠭᠠᠬᠤ ᠬᠤᠷᠢᠶ᠎ᠠ ᠬᠢᠨᠠᠨ ᠪᠠᠶᠢᠴᠠᠭᠠᠬᠤ ᠵᠦᠪᠯᠡᠯ ᠠᠵᠢᠯ ᠤᠨ | ᠰᠤᠷᠳᠠᠯ ᠢᠶᠠᠨ ᠰᠠᠶᠢᠵᠢᠷᠠᠭᠤᠯᠵᠤ ᠲᠤᠰᠬᠠᠢ ᠵᠠᠰᠠᠯᠳᠠ ᠶᠢ ᠠᠬᠢᠭᠤᠯᠬᠤ ᠲᠤᠰᠬᠠᠢ ᠰᠡᠳᠦᠪᠳᠦ ᠰᠤᠳᠤᠯᠤᠨ ᠶᠠᠷᠢᠯᠴᠠᠬᠤ ᠬᠤᠷᠠᠯ ᠬᠤᠷᠠᠯᠳᠤᠭᠤᠯᠵᠤ᠂ ᠬᠤᠰᠢᠭᠤᠨ ᠤ | ᠰᠠᠬᠢᠯᠭ᠎ᠠ ᠪᠠᠳᠤ ᠪᠠᠶᠢᠴᠠᠭᠠᠬᠤ ᠬᠤᠷᠢᠶ᠎ᠠ ᠬᠢᠨᠠᠨ ᠪᠠᠶᠢᠴᠠᠭᠠᠬᠤ ᠵᠦᠪᠯᠡᠯ ᠤᠨ ᠪᠠᠶᠢᠭᠤᠯᠭ᠎ᠠ ᠶᠢᠨ ᠪᠦᠬᠦ ᠺᠠᠳ᠋ᠷᠴᠤᠳ ᠬᠤᠷᠠᠯ ᠳᠤ ᠤᠷᠤᠯᠴᠠᠵᠤ᠂ ᠬᠤᠰᠢᠭᠤᠨ ᠤ ᠨᠠᠮ | ᠤᠨ ᠬᠤᠷᠢᠶᠠᠨ ᠤ ᠪᠠᠶᠢᠩᠭᠤ ᠶᠢᠨ ᠬᠡᠰᠢᠬᠦᠨ᠂ ᠰᠠᠬᠢᠯᠭ᠎ᠠ ᠪᠠᠳᠤ ᠪᠠᠶᠢᠴᠠᠭᠠᠬᠤ ᠬᠤᠷᠢᠶ᠎ᠠ ᠶᠢᠨ ᠱᠦᠵᠢ᠂ ᠬᠢᠨᠠᠨ ᠪᠠᠶᠢᠴᠠᠭᠠᠬᠤ ᠵᠦᠪᠯᠡᠯ ᠤᠨ ᠡᠷᠬᠢᠯᠡᠭᠴᠢ ᠤᠶᠤᠨ᠎ᠠ | ᠬᠤᠷᠠᠯ ᠢ ᠡᠷᠬᠢᠯᠡᠭᠰᠡᠨ ᠪᠦᠬᠡᠳ ᠶᠠᠷᠢᠶ᠎ᠠ ᠲᠠᠯᠪᠢᠵᠠᠢ᠃ | ᠬᠤᠷᠠᠯ ᠲᠡᠭᠡᠷ᠎ᠡ᠂ ᠬᠤᠰᠢᠭᠤᠨ ᠤ ᠰᠠᠬᠢᠯᠭ᠎ᠠ ᠪᠠᠳᠤ ᠪᠠᠶᠢᠴᠠᠭᠠᠬᠤ ᠬᠤᠷᠢᠶ᠎ᠠ ᠬᠢᠨᠠᠨ ᠪᠠᠶᠢᠴᠠᠭᠠᠬᠤ ᠵᠦᠪᠯᠡᠯ ᠤᠨ ᠡᠯ᠎ᠡ ᠲᠤᠮᠢᠯᠠᠨ ᠰᠠᠭᠤᠯᠭᠠᠭᠰᠠᠨ ᠰᠠᠬᠢᠯᠭ᠎ᠠ | ᠪᠠᠳᠤ ᠪᠠᠶᠢᠴᠠᠭᠠᠬᠤ ᠬᠤᠷᠢᠶ᠎ᠠ ᠬᠢᠨᠠᠨ ᠪᠠᠶᠢᠴᠠᠭᠠᠬᠤ ᠲᠤᠭᠤᠶᠢᠯᠠᠩ ᠤᠨ ᠲᠠᠷᠤᠭ᠎ᠠ᠂ ᠬᠠᠮᠥᠶᠠ ᠪᠦᠬᠦᠢ ᠬᠡᠯᠳᠡᠰ ᠲᠠᠰᠤᠭ ᠤᠨ ᠬᠠᠷᠢᠭᠤᠴᠠᠯᠭᠠᠳᠠᠨ᠂ ᠪᠠᠭ ᠤᠨ | ᠪᠦᠷᠢᠯᠳᠦᠬᠦᠨ ᠬᠤᠳᠠ ᠶᠢᠨ ᠰᠠᠬᠢᠯᠭ᠎ᠠ ᠪᠠᠳᠤ ᠪᠠᠶᠢᠴᠠᠭᠠᠬᠤ ᠬᠤᠷᠢᠶ᠎ᠠ ᠬᠢᠨᠠᠨ ᠪᠠᠶᠢᠴᠠᠭᠠᠬᠤ ᠵᠦᠪᠯᠡᠯ ᠤᠨ ᠨᠢᠬᠡᠳᠦᠬᠡᠷ ᠤᠯᠠᠷᠢᠯ ᠤᠨ ᠲᠤᠰᠬᠠᠢ ᠵᠠᠰᠠᠯᠳᠠ ᠶᠢᠨ ᠲᠤᠭ᠎ᠠ | ᠪᠠᠷᠢᠮᠳᠠ ᠶᠢ ᠰᠢᠩᠭᠡᠭᠡᠨ ᠤᠷᠤᠭᠤᠯᠤᠭᠰᠠᠨ ᠪᠠᠶᠢᠳᠠᠯ ᠢ ᠵᠠᠷᠯᠠᠨ ᠮᠡᠳᠡᠭᠳᠡᠭᠰᠡᠨ ᠪᠠᠶᠢᠳᠠᠯ ᠢ ᠤᠶᠢᠯᠠᠭᠠᠬᠤ᠂ ᠲᠠᠨᠢᠬᠤ᠂ ᠠᠵᠢᠯ ᠤᠨ ᠲᠤᠮᠳᠠ ᠤᠷᠤᠰᠢᠵᠤ ᠪᠠᠶᠢᠭ᠎ᠠ | ᠪᠤᠳᠠᠳᠠᠢ ᠠᠰᠠᠭᠤᠳᠠᠯ ᠪᠠ ᠲᠠᠷᠠᠭᠠᠴᠢ ᠶᠢᠨ ᠠᠯᠬᠤᠮ ᠤᠨ ᠠᠵᠢᠯ ᠤᠨ ᠰᠡᠳᠬᠢᠮᠵᠢ ᠶᠢᠨ ᠲᠤᠭᠤᠷᠢᠨ ᠳᠤ ᠶᠠᠷᠢᠶ᠎ᠠ ᠲᠠᠯᠪᠢᠵᠤ ᠶᠠᠷᠢᠯᠴᠠᠪᠠ᠃ | ᠬᠤᠰᠢᠭᠤᠨ ᠤ ᠨᠠᠮ ᠤᠨ ᠬᠤᠷᠢᠶᠠᠨ ᠤ ᠪᠠᠶᠢᠩᠭᠤ ᠶᠢᠨ ᠬᠡᠰᠢᠬᠦᠨ᠂ ᠰᠠᠬᠢᠯᠭ᠎ᠠ ᠪᠠᠳᠤ ᠪᠠᠶᠢᠴᠠᠭᠠᠬᠤ ᠬᠤᠷᠢᠶ᠎ᠠ ᠶᠢᠨ ᠱᠦᠵᠢ᠂ ᠬᠢᠨᠠᠨ ᠪᠠᠶᠢᠴᠠᠭᠠᠬᠤ ᠵᠦᠪᠯᠡᠯ | ᠤᠨ ᠡᠷᠬᠢᠯᠡᠭᠴᠢ ᠤᠶᠤᠨ᠎ᠠ ᠠᠴᠠ ᠺᠠᠳ᠋ᠷᠴᠤᠳ ᠤᠨ ᠵᠦᠷᠢᠶ᠎ᠡ ᠪᠠ ᠬᠦᠷᠦᠯᠴᠡᠬᠦ ᠦᠬᠡᠢ ᠲᠠᠯ᠎ᠠ ᠪᠠᠨ ᠤᠯᠠᠮ ᠨᠢᠬᠡ ᠠᠯᠬᠤᠮ ᠲᠠᠨᠢᠵᠤ᠂ ᠦᠵᠡᠯᠳᠡ ᠲᠠᠨᠢᠯᠳᠠ ᠲᠡᠭᠡᠷᠡᠬᠢ | ᠵᠦᠷᠢᠶ᠎ᠡ ᠪᠠᠨ ᠵᠠᠯᠠᠷᠠᠭᠤᠯᠵᠤ᠂ ᠠᠵᠢᠯ ᠤᠨ ᠰᠤᠷᠳᠠᠯ ᠢᠶᠠᠨ ᠤᠯᠠᠮ ᠨᠢᠬᠡ ᠠᠯᠬᠤᠮ ᠬᠤᠪᠢᠷᠠᠭᠤᠯᠬᠤ ᠶᠢ ᠬᠦᠰᠡᠭᠰᠡᠨ ᠪᠠᠶᠢᠨ᠎ᠠ᠃ |