ᠤᠷᠠᠳ ᠤᠨ ᠡᠮᠦᠨᠡᠲᠦ ᠬᠤᠰᠢᠭᠤ ᠲᠡᠦᠬᠡᠨ ᠣᠷᠤᠭ ᠤᠨ ᠲᠠᠩᠰᠠ ᠡᠪᠬᠡᠮᠡᠯ ᠢ ᠨᠥᠬᠦᠪᠥᠷᠢᠯᠡᠨ ᠲᠡᠭᠦᠯᠳᠡᠷᠵᠢᠭᠦᠯᠬᠦ ᠠᠵᠢᠯ  ᠢ ᠥᠷᠨᠢᠭᠦᠯᠵᠦ ᠱᠠᠯᠠᠪᠳᠠᠨ ᠬᠦᠢᠴᠡᠳᠭᠡᠵᠦ ᠪᠠᠶᠢᠨ᠎ᠠ
ᠨᠡᠶᠢᠲᠡᠯᠡᠭᠰᠡᠨ ᠴᠠᠭ᠄
2022/5/11
     ᠤᠷᠤᠭ ᠤᠨ ᠪᠦᠷᠢᠳᠬᠡᠯ ᠤᠨ ᠮᠡᠳᠡᠭᠡ ᠵᠠᠩᠭᠢ ᠪᠣᠯ ᠠᠷᠠᠳ ᠢᠷᠭᠡᠨ ᠤ ᠬᠤᠪᠢ ᠬᠥᠮᠦᠨ ᠤ ᠬᠠᠮᠤᠭ ᠤᠨ ᠴᠢᠬᠤᠯᠠ ᠰᠠᠭᠤᠷᠢ ᠮᠡᠳᠡᠭᠡ ᠵᠠᠩᠭᠢ ᠶᠢᠨ ᠨᠢᠭᠡ ᠪᠣᠯᠤᠨ᠎ᠠ᠂ ᠤᠷᠤᠭ ᠤᠨ ᠪᠦᠷᠢᠳᠬᠡᠯ ᠤᠨ ᠳᠠᠩᠰᠠ ᠡᠪᠬᠡᠮᠡᠯ ᠳᠤ ᠬᠡᠷᠪᠡ ᠲᠤᠭ᠎ᠠ ᠪᠠᠷᠢᠮᠲᠠ ᠳᠤᠲᠠᠭᠳᠠᠬᠤ᠂ ᠮᠡᠳᠡᠭᠡ ᠵᠠᠩᠭᠢ ᠪᠦᠷᠢᠨ ᠪᠤᠰᠤ᠂ ᠬᠥᠮᠦᠨ ᠤ ᠦᠨᠡᠮᠯᠡᠯ ᠨᠢ ᠨᠡᠶᠢᠴᠡᠬᠦ ᠦᠭᠡᠶ ᠵᠡᠷᠭᠡ ᠠᠰᠠᠭᠤᠳᠠᠯ ᠪᠤᠶᠤ ᠤᠷᠤᠭ ᠤᠨ ᠦᠨᠡᠮᠯᠡᠯ ᠦᠭᠡᠶ ᠪᠠᠶᠢᠳᠠᠯ ᠣᠷᠣᠰᠢᠵᠤ ᠪᠠᠶᠢᠪᠠᠯ᠂ ᠠᠷᠠᠳ ᠢᠷᠭᠡᠨ ᠤ ᠥᠪ ᠬᠥᠷᠥᠩᠭᠡ ᠶᠢ ᠵᠠᠯᠭᠠᠮᠵᠢᠯᠠᠬᠤ᠂ ᠦᠷ᠎ᠡ ᠬᠡᠦᠬᠡᠳ ᠨᠢ ᠰᠤᠷᠭᠠᠭᠤᠯᠢ ᠳᠤ ᠣᠷᠣᠬᠤ᠂ ᠡᠷ᠎ᠡ ᠡᠮ᠎ᠡ ᠶᠢᠨ ᠬᠠᠷᠢᠴᠠᠭ᠎ᠠ᠂ ᠵᠢᠭᠡᠯᠡᠯᠭᠡ᠂ ᠭᠠᠶᠢᠯᠢ ᠲᠤᠰᠢᠶᠠᠬᠤ᠂ ᠭᠡᠷ ᠪᠠᠶᠢᠰᠢᠩ ᠬᠤᠳᠠᠯᠳᠤᠨ ᠠᠪᠬᠤ ᠵᠡᠷᠭᠡ ᠶᠠᠪᠤᠳᠠᠯ ᠳᠤ ᠮᠠᠰᠢ ᠣᠯᠠᠨ ᠳᠥᠭᠦᠮ ᠦᠭᠡᠢ ᠪᠠᠶᠢᠳᠠᠯ ᠢ ᠪᠤᠶ ᠪᠣᠯᠭᠠᠳᠠᠭ ᠶᠣᠮ᠃      2022 ᠣᠨ ᠤ 5 ᠰᠠᠷ᠎ᠠ ᠶᠢᠨ 9 ᠤ ᠡᠳᠦᠷ ᠠᠴᠠ 6 ᠰᠠᠷ᠎ᠠ ᠶᠢᠨ 20 ᠤ ᠡᠳᠦᠷ ᠪᠣᠯᠲᠠᠯ᠎ᠠ᠂ ᠤᠷᠠᠳ ᠤᠨ ᠡᠮᠦᠨᠡᠲᠦ ᠬᠤᠰᠢᠭᠤ ᠲᠡᠦᠬᠡ ᠶᠢᠨ ᠣᠷᠤᠭ ᠤᠨ ᠲᠠᠩᠰᠠ ᠡᠪᠬᠡᠮᠡᠯ ᠢ ᠨᠥᠬᠦᠪᠥᠷᠢᠯᠡᠨ ᠲᠡᠭᠦᠯᠳᠡᠷᠵᠢᠭᠦᠯᠬᠦ ᠠᠵᠢᠯ ᠢ ᠥᠷᠨᠢᠭᠦᠯᠵᠦ᠂ ᠣᠷᠤᠭ ᠳᠠᠩᠰᠠᠯᠠᠭᠤᠯᠤᠭᠰᠠᠨ ᠭᠡᠷᠡᠴᠢ ᠳᠤ ᠵᠡᠷᠭᠡ ᠳᠤᠨᠢ ᠡᠯᠧᠺᠲᠷᠣᠨ ᠭᠡᠷᠡᠴᠢ ᠦᠨᠡᠮᠯᠡᠯ ᠣᠯᠭᠤᠬᠤ ᠶᠢ ᠪᠡᠶᠡᠯᠡᠭᠦᠯᠦᠨ᠎ᠡ᠃     ᠨᠥᠬᠦᠪᠥᠷᠢᠯᠡᠨ ᠲᠡᠭᠦᠯᠳᠡᠷᠵᠢᠭᠦᠯᠬᠦ ᠠᠵᠢᠯ ᠳᠤ ᠳᠣᠣᠷᠠᠬᠢ ᠠᠭᠤᠯᠭ᠎ᠠ ᠪᠠᠭᠲᠠᠨ᠎ᠠ᠄      1. ᠲᠡᠦᠬᠡ ᠶᠢᠨ ᠵᠠᠷᠴᠢᠮ ᠢ ᠬᠦᠨᠳᠦᠳᠬᠡᠨ᠎ᠡ᠂ ᠤᠤᠯ ᠤᠨ ᠣᠷᠤᠭ ᠳᠠᠩᠰᠠᠯᠠᠭᠤᠯᠤᠭᠰᠠᠨ ᠲᠠᠩᠰᠠ ᠡᠪᠬᠡᠮᠡᠯ ᠳᠤ ᠵᠠᠰᠠᠪᠤᠷᠢ ᠣᠷᠣᠭᠤᠯᠬᠤ ᠥᠬᠡᠶ᠂ ᠵᠥᠪᠬᠡᠨ ᠪᠥᠬᠦ ᠤᠯᠤᠰ ᠤᠨ ᠣᠷᠤᠭ ᠳᠠᠩᠰᠠᠯᠠᠬᠤ ᠮᠡᠳᠡᠭᠡ ᠵᠠᠩᠭᠢ ᠶᠢᠨ ᠰᠢᠰᠲ᠋ᠧᠮ ᠳᠤ ᠬᠡᠮ ᠰᠣᠭᠤᠭ ᠣᠷᠣᠰᠢᠵᠤ ᠪᠠᠶᠢᠭ᠎ᠠ ᠲᠡᠦᠬᠡ ᠶᠢᠨ ᠲᠤᠭ᠎ᠠ ᠪᠠᠷᠢᠮᠲᠠ ᠶᠢ ᠲᠡᠭᠦᠯᠳᠡᠷᠵᠢᠭᠦᠯᠦᠨ᠎ᠡ᠂ ᠲᠤᠬᠠᠶᠢᠲᠠᠶ ᠬᠥᠮᠦᠨ ᠤ ᠣᠪᠣᠭ ᠨᠡᠷ᠎ᠡ᠂ ᠬᠦᠢᠰᠦ᠂ ᠦᠨᠳᠦᠰᠦᠲᠡᠨ᠂  ᠪᠡᠶ᠎ᠡ ᠶᠢᠨ ᠦᠨᠡᠮᠯᠡᠯ ᠤᠨ ᠨᠣᠮᠧᠷ᠂ ᠲᠥᠷᠥᠭᠰᠡᠨ ᠡᠳᠦᠷ ᠬᠤᠭᠤᠴᠠᠭ᠎ᠠ᠂ ᠡᠷᠦᠬᠡ ᠠᠮᠠ ᠶᠢᠨ ᠲᠠᠩᠰᠠ ᠶᠢᠨ ᠪᠠᠶᠢᠭ᠎ᠠ ᠭᠠᠵᠠᠷ ᠵᠡᠷᠭᠡ ᠬᠤᠪᠢ ᠬᠥᠮᠦᠨ ᠤ ᠮᠡᠳᠡᠭᠡ ᠵᠠᠩᠭᠢ ᠶᠢ ᠬᠠᠷᠭᠤᠭᠤᠯᠬᠤ᠂ ᠬᠠᠷᠭᠤᠭᠤᠯᠤᠨ ᠰᠢᠯᠭᠠᠬᠤ᠂ ᠪᠤᠴᠠᠭᠠᠨ ᠲᠠᠭᠯᠠᠬᠤ ᠵᠡᠷᠭᠡ ᠲᠤᠭ᠎ᠠ ᠪᠠᠷᠢᠮᠲᠠ ᠶᠢ ᠴᠡᠪᠡᠷᠯᠡᠬᠦ ᠠᠵᠢᠯ ᠢ ᠬᠢᠨ᠎ᠠ᠃     2. ᠣᠷᠤᠭ ᠳᠠᠩᠰᠠᠯᠠᠭᠤᠯᠤᠭᠰᠠᠨ ᠲᠠᠩᠰᠠ ᠡᠪᠬᠡᠮᠡᠯ ᠥᠬᠡᠶ᠂ ᠨᠢᠭᠡᠨᠲᠡ ᠪᠣᠳᠠᠲᠠᠶ ᠣᠷᠤᠭ ᠪᠣᠯᠤᠭᠰᠠᠨ ᠪᠣᠯᠪᠠᠴᠤ ᠣᠷᠤᠭ ᠳᠠᠩᠰᠠᠯᠠᠭᠤᠯᠬᠤ ᠭᠠᠷ ᠬᠦᠢᠴᠡᠳᠭᠡᠯ ᠬᠢᠭᠰᠡᠨ ᠥᠬᠡᠶ ᠵᠡᠷᠭᠡ ᠪᠠᠶᠢᠳᠠᠯ ᠳᠤ᠂ ᠨᠥᠬᠦᠨ ᠣᠯᠭᠤᠬᠤ᠂ ᠭᠡᠷᠡᠴᠢ ᠨᠥᠬᠦᠨ ᠬᠦᠢᠴᠡᠳᠭᠡᠭᠦ ᠠᠷᠭ᠎ᠠ ᠮᠠᠶ᠋ᠢᠭ ᠢᠶᠠᠷ ᠳᠠᠮᠵᠢᠭᠤᠯᠤᠨ᠂ ᠬᠤᠪᠢ ᠬᠥᠮᠦᠨ ᠤ ᠣᠷᠤᠭ ᠤᠨ ᠮᠡᠳᠡᠭᠡ ᠵᠠᠩᠭᠢ ᠶᠢ ᠪᠥᠬᠦ ᠤᠯᠤᠰ ᠤᠨ ᠣᠷᠤᠭ ᠳᠠᠩᠰᠠᠯᠠᠬᠤ ᠮᠡᠳᠡᠭᠡ ᠵᠠᠩᠭᠢ ᠶᠢᠨ ᠰᠢᠰᠲ᠋ᠧᠮ ᠳᠤ ᠣᠷᠣᠭᠤᠯᠵᠤ ᠪᠦᠷᠢᠳᠬᠡᠨ ᠳᠠᠩᠰᠠᠯᠠᠭᠤᠯᠤᠨ᠎ᠠ᠃     3. 2010 ᠣᠨ ᠠᠴᠠ ᠨᠠᠭᠠᠰᠢᠬᠢ ᠬᠤᠰᠢᠭᠤ ᠰᠢᠶᠠᠨ ᠲᠣᠭᠤᠷᠢᠭ ᠤᠨ ᠠᠷᠠᠳ ᠤᠨ ᠰᠢᠭᠦᠬᠦ ᠬᠤᠷᠢᠶ᠎ᠠ ᠶᠢᠨ ᠣᠷᠤᠭ ᠰᠠᠯᠬᠤ ᠪᠠᠷ ᠰᠢᠭᠦᠨ ᠲᠠᠰᠤᠯᠤᠭᠰᠠᠨ ︵ᠡᠶᠡᠳᠡᠭᠦᠯᠦᠭᠰᠡᠨ︶ ᠮᠡᠳᠡᠭᠡ ᠵᠠᠩᠭᠢ ᠶᠢ ᠪᠥᠬᠦ ᠤᠯᠤᠰ ᠤᠨ ᠣᠷᠤᠭ ᠳᠠᠩᠰᠠᠯᠠᠬᠤ ᠮᠡᠳᠡᠭᠡ ᠵᠠᠩᠭᠢ ᠶᠢᠨ ᠰᠢᠰᠲ᠋ᠧᠮ ᠳᠤ ᠣᠷᠣᠭᠤᠯᠤᠨ᠎ᠠ᠃    ᠨᠥᠬᠦᠪᠥᠷᠢᠯᠡᠨ ᠲᠡᠭᠦᠯᠳᠡᠷᠵᠢᠭᠦᠯᠬᠦ ᠠᠵᠢᠯ ᠳᠤ ᠠᠪᠬᠤ ᠴᠢᠬᠤᠯᠠᠲᠠᠶ ᠦᠨᠡᠮᠯᠡᠯ᠄     1. ᠣᠷᠤᠭ ᠳᠠᠩᠰᠠᠯᠠᠭᠤᠯᠤᠭᠰᠠᠨ ᠲᠠᠩᠰᠠ ᠡᠪᠬᠡᠮᠡᠯ ᠳᠤ ᠬᠡᠷᠪᠡ ᠲᠤᠭ᠎ᠠ ᠪᠠᠷᠢᠮᠲᠠ ᠨᠢ ᠳᠤᠲᠠᠭᠳᠠᠭᠰᠠᠨ᠂ ᠮᠡᠳᠡᠭᠡ ᠵᠠᠩᠭᠢ ᠨᠢ ᠪᠦᠷᠢᠨ ᠪᠤᠰᠤ᠂ ᠬᠥᠮᠦᠨ ᠤ ᠦᠨᠡᠮᠯᠡᠯ ᠨᠢ ᠨᠡᠶᠢᠴᠡᠬᠦ ᠥᠬᠡᠶ᠂ ᠬᠤᠶᠠᠳᠤᠭᠠᠷ ᠦᠶ᠎ᠡ ᠶᠢᠨ ᠪᠤᠰᠤ ᠪᠡᠶ᠎ᠡ ᠶᠢᠨ ᠦᠨᠡᠮᠯᠡᠯ ᠢ ᠬᠡᠷᠡᠭᠯᠡᠭᠰᠡᠨ ᠵᠡᠷᠭᠡ ᠠᠰᠠᠭᠤᠳᠠᠯ ᠣᠷᠣᠰᠢᠵᠤ ᠪᠠᠶᠢᠪᠠᠯ᠂ ᠡᠷ᠎ᠡ ᠡᠮ᠎ᠡ ᠬᠤᠶᠠᠷ ᠲᠠᠯ᠎ᠠ ᠪᠠᠷ ᠢᠶᠠᠨ ᠬᠤᠶᠠᠳᠤᠭᠠᠷ ᠦᠶ᠎ᠡ ᠶᠢᠨ ᠪᠡᠶ᠎ᠡ ᠶᠢᠨ ᠦᠨᠡᠮᠯᠡᠯ᠂ ᠡᠷᠦᠬᠡ ᠠᠮᠠ ᠶᠢᠨ ᠳᠡᠪᠲᠡᠷ ᠵᠢᠴᠢ ᠣᠷᠤᠭ ᠰᠠᠯᠤᠭᠰᠠᠨ ᠭᠡᠷᠡᠴᠢ  ᠪᠠᠨ ᠠᠪᠴᠤ ᠨᠥᠬᠦᠪᠥᠷᠢᠯᠡᠨ ᠲᠡᠭᠦᠯᠳᠡᠷᠵᠢᠭᠦᠯᠬᠦ ᠮᠡᠳᠡᠭᠡ ᠵᠠᠩᠭᠢ ᠪᠠᠨ ᠠᠪᠴᠣ ᠣᠴᠢᠭᠠᠷᠠᠢ᠃    2. ᠪᠣᠳᠠᠲᠤ ᠣᠷᠤᠭ ᠬᠤᠷᠢᠮ ᠳᠤ ᠨᠡᠶᠢᠴᠡᠪᠡᠯ᠂ ᠬᠡᠷ ᠪᠦᠯᠢ ᠶᠢᠨ ᠡᠷᠦᠬᠡ ᠠᠮᠠ ᠶᠢᠨ ᠳᠡᠪᠲᠡᠷ ︵ᠡᠷᠦᠬᠡ ᠠᠮᠠ ᠶᠢᠨ ᠳᠡᠪᠲᠡᠷ ᠳᠡᠭᠡᠷ᠎ᠡ ᠡᠷ᠎ᠡ ᠡᠮ᠎ᠡ ᠶᠢᠨ ᠬᠠᠷᠢᠴᠠᠭ᠎ᠠ ᠶᠢ ᠢᠯᠡᠳᠬᠡᠨ᠎ᠡ︶᠂ ᠪᠡᠶ᠎ᠡ ᠶᠢᠨ ᠦᠨᠡᠮᠯᠡᠯ ᠤᠨ ᠣᠭ ᠦᠨᠡᠮᠯᠡᠯ ᠪᠠ 2 ᠢᠮᠠᠬᠤ ᠶᠢᠨ ᠤᠯᠠᠭᠠᠨ ᠳᠡᠪᠢᠰᠬᠡᠷᠲᠦ ᠬᠠᠮᠲᠤ ᠶᠢᠨ ᠬᠡᠷᠡᠯ ᠵᠢᠷᠤᠭ ᠢ 3 ᠶᠢ ᠠᠪᠴᠤ ᠣᠴᠢᠭᠠᠷᠠᠢ᠃    3. ᠣᠷᠤᠭ ᠳᠠᠩᠰᠠᠯᠠᠭᠤᠯᠵᠤ ᠥᠩᠭᠡᠷᠡᠭᠰᠡᠨ᠂  ᠭᠡᠪᠡᠴᠦ ᠣᠷᠤᠭ ᠳᠠᠩᠰᠠᠯᠠᠭᠤᠯᠤᠭᠰᠠᠨ ᠦᠨᠡᠮᠯᠡᠯ ᠨᠢ ᠭᠡᠭᠡᠭᠳᠡᠭᠰᠡᠨ ᠪᠤᠶᠤ ᠡᠪᠳᠡᠭᠳᠡᠭᠰᠡᠨ ᠂ ᠣᠷᠤᠭ ᠳᠠᠩᠰᠠᠯᠠᠭᠤᠯᠤᠭᠰᠠᠨ ᠲᠠᠩᠰᠠ ᠡᠪᠬᠡᠮᠡᠯ ᠨᠢ ᠭᠡᠭᠡᠭᠳᠡᠭᠰᠡᠨ ᠪᠤᠶᠤ ᠪᠠᠶᠢᠴᠠᠭᠠᠨ ᠳᠣᠲᠣᠯᠠᠬᠤ ᠳᠤ ᠪᠡᠷᠬᠡᠲᠡᠶ᠂ ᠲᠠᠩᠰᠠ ᠡᠪᠬᠡᠮᠡᠯ ᠢ ᠬᠠᠳᠠᠭᠠᠯᠠᠨ ᠬᠠᠮᠢᠶᠠᠷᠬᠤ ᠰᠠᠯᠠᠭ᠎ᠠ ᠮᠥᠴᠢᠷ ᠨᠢ ᠪᠠᠰᠠ ᠭᠡᠷᠡᠴᠢ ᠭᠠᠷᠭᠠᠵᠤ ᠥᠭᠬᠦ ᠶᠢᠨ ᠠᠷᠭ᠎ᠠ ᠥᠬᠡᠶ ᠪᠣᠯ᠂  ᠲᠣᠬᠠᠢ ᠶᠢᠨ ᠬᠥᠮᠦᠨ ᠪᠢᠴᠢᠭ ᠢᠶᠠᠷ ᠲᠠᠩᠰᠠ ᠡᠪᠬᠡᠮᠡᠯ ᠡᠷᠢᠬᠦ ᠲᠣᠲᠣᠷᠬᠠᠶᠢᠯᠠᠯᠲᠠ ᠪᠠᠨ ᠬᠢᠵᠣ᠂ ᠬᠠᠮᠢᠶ᠎ᠠ ᠪᠥᠬᠦᠶ ᠭᠡᠷᠡᠴᠢ ᠮᠠᠲ᠋ᠧᠷᠢᠶᠠᠯ ᠪᠠ 2 ᠢᠮᠠᠬᠤ ᠶᠢᠨ ᠣᠯᠠᠭᠠᠨ ᠲᠡᠪᠢᠰᠭᠡᠷᠲᠣ ᠬᠠᠮᠲᠤ ᠶᠢᠨ ᠬᠡᠷᠡᠯ ᠵᠢᠷᠤᠭ ᠢ 3 ᠬᠤᠪᠢ ᠲᠤᠰᠢᠶᠠᠪᠠᠯ ᠣᠷᠤᠭ ᠳᠠᠩᠰᠠᠯᠠᠭᠤᠯᠤᠭᠰᠠᠨ ᠭᠡᠷᠡᠴᠢ ᠬᠦᠢᠴᠡᠳᠭᠡᠵᠦ ᠪᠣᠯᠤᠨ᠎ᠠ᠃     4. ᠵᠢᠩᠬᠢᠨᠢ ᠠᠯᠪᠠᠨ ᠤ ᠴᠡᠷᠢᠭ ᠪᠤᠶᠤ ᠴᠡᠷᠢᠭ ᠠᠴᠠ ᠰᠢᠯᠵᠢᠭᠰᠡᠨ ︵ᠴᠡᠷᠢᠭ ᠠᠴᠠ ᠬᠠᠯᠠᠭᠳᠠᠭᠰᠠᠨ︶᠂  ᠴᠡᠷᠢᠭ ᠤᠨ ᠬᠥᠮᠦᠨ ᠤᠷᠤᠭᠯᠠᠬᠤ ᠦᠶ᠎ᠡ ᠳᠤ ᠴᠠᠭᠳᠠᠭ᠎ᠠ ᠶᠢᠨ ᠦᠨᠡᠮᠯᠡᠯ᠂ ᠣᠹᠢᠼᠧᠷ ᠤᠨ ᠦᠨᠡᠮᠯᠡᠯ᠂ ᠪᠠᠭ᠎ᠠ ᠣᠹᠢᠼᠧᠷ ᠤᠨ ᠦᠨᠡᠮᠯᠡᠯ ᠢᠶᠠᠨ ᠬᠡᠷᠡᠭᠯᠡᠵᠦ ᠳᠠᠩᠰᠠᠯᠠᠭᠤᠯᠤᠭᠰᠠᠨ ᠪᠠᠶᠢᠪᠠᠯ᠂ ᠣᠲᠣ ᠶᠢᠨ ᠪᠠᠶᠢᠭ᠎ᠠ ᠣᠷᠤᠭ ᠤᠨ ᠦᠨᠡᠮᠯᠡᠯ᠂ ᠪᠡᠶ᠎ᠡ ᠶᠢᠨ ᠦᠨᠡᠮᠯᠡᠯ ᠤᠨ ᠣᠭ ᠦᠨᠡᠮᠯᠡᠯ ᠢᠶᠠᠨ ᠠᠪᠴᠤ ᠡᠷᠦᠬᠡ ᠠᠮᠠ ᠶᠢᠨ ᠲᠠᠩᠰᠠ ᠪᠠᠶᠢᠭ᠎ᠠ ᠭᠠᠵᠠᠷ ᠲᠠᠭᠠᠨ ᠬᠦᠷᠴᠦ ᠰᠢᠨ᠎ᠡ ᠣᠷᠤᠭ ᠤᠨ ᠦᠨᠡᠮᠯᠡᠯ ᠨᠥᠬᠦᠨ  ᠬᠦᠢᠴᠡᠳᠭᠡᠭᠦ ᠬᠡᠷᠡᠭᠲᠡᠶ᠃     ᠬᠦᠢᠴᠡᠳᠭᠡᠭᠦ ᠴᠠᠭ᠄  ᠭᠠᠷᠠᠭ ᠤᠨ ᠨᠢᠭᠡᠨ ᠠᠴᠠ ᠭᠠᠷᠠᠭ ᠤᠨ ᠲᠠᠪᠤᠨ     ᠬᠦᠢᠴᠡᠳᠭᠡᠭᠦ ᠭᠠᠵᠠᠷ᠄ ᠤᠷᠠᠳ ᠤᠨ ᠡᠮᠦᠨᠡᠲᠦ ᠬᠤᠰᠢᠭᠤᠨ ᠤ ᠠᠷᠠᠳ ᠤᠨ                 ᠶᠠᠪᠤᠳᠠᠯ ᠤᠨ ᠲᠣᠪᠴᠢᠶᠠᠨ ᠤ ᠣᠷᠤᠭ ᠳᠠᠩᠰᠠᠯᠠᠬᠤ ᠭᠠᠵᠠᠷ᠃      ᠬᠠᠷᠢᠯᠴᠠᠬᠤ ᠣᠲᠠᠰᠣ᠄ 0478 - 326294᠃
ᠢᠷᠡᠯᠲᠡ᠄ ᠤᠷᠠᠳ ᠤᠨ ᠡᠮᠦᠨᠡᠲᠦ ᠬᠤᠰᠢᠭᠤᠨ ᠤ ᠵᠠᠰᠠᠭ ᠤᠨ ᠣᠷᠳᠤᠨ ᠤ ᠮᠣᠩᠭᠤᠯ ᠰᠦᠯᠵᠢᠶ᠎ᠡ