ᠬᠠᠤᠯᠢ ᠪᠤᠰᠤ ᠪᠠᠷ ᠤᠢ ᠰᠢᠭᠤᠢ ᠡᠪᠡᠰᠦ ᠪᠡᠯᠴᠢᠭᠡᠷ ᠤᠨ ᠡᠬᠢ ᠪᠠᠶᠠᠯᠢᠭ ᠢ ᠡᠪᠳᠡᠬᠦ ᠶᠢ ᠴᠠᠭᠠᠵᠠᠯᠠᠬᠤ ᠲᠤᠬᠠᠢ ᠵᠠᠷᠯᠠᠯ
ᠨᠡᠶᠢᠲᠡᠯᠡᠭᠰᠡᠨ ᠴᠠᠭ᠄
2022/5/11
     ᠮᠠᠨ ᠤ ᠬᠤᠰᠢᠭᠤᠨ ᠤ ᠣᠶ ᠰᠢᠭᠤᠢ ᠡᠪᠡᠰᠦ ᠪᠡᠯᠴᠢᠭᠡᠷ ᠤᠨ ᠡᠬᠢ ᠪᠠᠶᠠᠯᠢᠭ ᠤᠨ ᠬᠠᠮᠠᠭᠠᠯᠠᠯᠲᠠ ᠬᠠᠮᠢᠶᠠᠷᠤᠯᠲᠠ ᠶᠢ ᠦᠨᠡᠨᠬᠦ ᠴᠢᠩᠭᠠᠳᠬᠠᠵᠤ᠂ ᠮᠠᠨ ᠤ ᠬᠤᠰᠢᠭᠤᠨ ᠤ ᠠᠮᠢ ᠠᠬᠤᠢ ᠶᠢᠨ ᠪᠦᠲᠦᠭᠡᠨ ᠪᠠᠶᠢᠭᠤᠯᠤᠯᠲᠠ ᠶᠢᠨ ᠦᠷ᠎ᠡ ᠪᠦᠲᠦᠭᠡᠯ ᠢ ᠪᠠᠬᠢᠵᠢᠭᠦᠯᠬᠦ ᠶᠢᠨ ᠲᠤᠰᠠᠳᠠ᠂ ︽ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠣᠶ ᠰᠢᠭᠤᠢ ᠶᠢᠨ ᠬᠠᠤᠯᠢ︾ ᠪᠠ ︽ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠨᠤᠲᠤᠭ ᠪᠡᠯᠴᠢᠭᠡᠷ ᠤᠨ ᠬᠠᠤᠯᠢ︾ ᠵᠡᠷᠭᠡ ᠬᠠᠤᠯᠢ ᠴᠠᠭᠠᠵᠠ ᠬᠠᠤᠯᠢ ᠲᠣᠭᠲᠠᠭᠠᠯ ᠢ ᠦᠨᠳᠦᠰᠦᠯᠡᠨ᠂ ᠣᠶ ᠰᠢᠭᠤᠢ ᠡᠪᠡᠰᠦ ᠪᠡᠯᠴᠢᠭᠡᠷ ᠤᠨ ᠡᠬᠢ ᠪᠠᠶᠠᠯᠢᠭ ᠤᠨ ᠬᠠᠮᠠᠭᠠᠯᠠᠯᠲᠠ ᠶᠢ ᠦᠨᠡᠨᠬᠦ  ᠴᠢᠩᠭᠠᠳᠬᠠᠵᠤ᠂ ᠬᠠᠤᠯᠢ ᠪᠤᠰᠤ ᠪᠠᠷ ᠣᠶ ᠰᠢᠭᠤᠢ ᠡᠪᠡᠰᠦ ᠪᠡᠯᠴᠢᠭᠡᠷ ᠤᠨ ᠡᠬᠢ ᠪᠠᠶᠠᠯᠢᠭ ᠢ ᠡᠪᠳᠡᠬᠦ ᠬᠠᠤᠯᠢ ᠠᠴᠠ ᠵᠥᠷᠢᠴᠡᠭᠰᠡᠨ ᠶᠠᠯᠠᠲᠤ ᠠᠵᠢᠯᠯᠠᠭ᠎ᠠ ᠳᠤ ᠴᠢᠩᠭ᠎ᠠ ᠴᠣᠬᠢᠯᠲᠠ ᠥᠭᠬᠦ ᠬᠤᠯᠪᠣᠭᠳᠠᠯ ᠪᠦᠬᠦᠢ ᠵᠦᠢᠯᠡᠰ ᠢ ᠳᠣᠣᠷᠠᠬᠢ ᠮᠡᠲᠦ ᠵᠠᠷᠯᠠᠶ᠎ᠠ᠄     ᠨᠢᠭᠡ᠂ ᠤᠢ ᠮᠣᠳᠣ ᠶᠢ ᠳᠤᠷ᠎ᠠ ᠪᠠᠷ ᠢᠶᠠᠨ ᠣᠭᠲᠣᠯᠬᠤ ᠶᠢ ᠴᠠᠭᠠᠵᠠᠯᠠᠨ᠎ᠠ᠃ ᠤᠢ ᠮᠣᠳᠣ ᠶᠢ ᠣᠭᠲᠣᠯᠬᠤ ᠳᠤ ᠡᠷᠬᠡᠪᠰᠢ ᠲᠣᠭᠲᠠᠭᠠᠯ ᠢ ᠴᠢᠩᠭ᠎ᠠ ᠵᠢᠷᠤᠮᠯᠠᠨ ᠤᠢ ᠮᠣᠳᠣ ᠣᠭᠲᠣᠯᠬᠤ ᠵᠥᠪᠰᠢᠶᠡᠷᠡᠯ ᠤᠨ ᠦᠨᠡᠮᠯᠡᠯ ᠭᠤᠶᠤᠴᠢᠯᠠᠵᠤ ᠠᠪᠬᠤ ᠬᠡᠷᠡᠭᠲᠡᠢ ᠪᠥᠭᠡᠳ ᠤᠢ ᠮᠣᠳᠣ ᠣᠭᠲᠣᠯᠬᠤ ᠵᠥᠪᠰᠢᠶᠡᠷᠡᠯ ᠤᠨ ᠦᠨᠡᠮᠯᠡᠯ ᠳᠤ ᠲᠣᠭᠲᠠᠭᠠᠭᠰᠠᠨ ᠲᠤᠭ᠎ᠠ ᠬᠡᠮᠵᠢᠶ᠎ᠡ ᠪᠠ ᠬᠦᠷᠢᠶ᠎ᠡ ᠬᠡᠪᠴᠢᠶ᠎ᠡ ᠵᠡᠷᠭᠡ ᠶᠢ ᠦᠨᠳᠦᠰᠦᠯᠡᠨ ᠣᠭᠲᠣᠯᠬᠤ ᠬᠡᠷᠡᠭᠲᠡᠢ᠃ ᠵᠥᠪᠰᠢᠶᠡᠷᠡᠭᠦᠯᠦᠭᠰᠡᠨ ᠤᠶᠢᠭᠡᠢ ᠪᠠᠷ ᠤᠢ ᠮᠣᠳᠣ ᠶᠢ ᠳᠤᠷ᠎ᠠ ᠪᠠᠷ ᠢᠶᠠᠨ ᠣᠭᠲᠣᠯᠣᠭᠰᠠᠨ ᠪᠤᠶᠤ ᠬᠤᠯᠠᠭᠠᠶᠢᠯᠠᠨ ᠣᠭᠲᠣᠯᠣᠭᠰᠠᠨ ᠪᠠ ᠳᠤᠷ᠎ᠠ ᠪᠠᠷ ᠢᠶᠠᠨ ᠣᠭᠲᠣᠯᠣᠭᠰᠠᠨ ᠤᠢ ᠮᠣᠳᠣ ᠪᠣᠯᠬᠤ ᠶᠢ ᠲᠣᠳᠣᠷᠬᠠᠢ ᠮᠡᠳᠡᠵᠦ ᠪᠠᠶᠢᠭᠠᠳ ᠬᠤᠳᠠᠯᠳᠤᠨ ᠠᠪᠤᠭᠰᠠᠨ ᠪᠠᠶᠢᠪᠠᠯ᠂ ᠬᠠᠤᠯᠢ ᠲᠣᠭᠲᠠᠭᠠᠯ ᠶᠣᠰᠣᠭᠠᠷ ᠬᠠᠤᠯᠢ ᠶᠢᠨ ᠬᠠᠷᠢᠭᠤᠴᠠᠯᠭ᠎ᠠ ᠨᠡᠬᠡᠮᠵᠢᠯᠡᠨ᠎ᠡ ;ᠦᠢᠯᠡ ᠪᠠᠶᠢᠳᠠᠯ ᠨᠢ ᠬᠦᠨᠳᠦ ᠨᠣᠴᠢᠲᠠᠢ ᠪᠠᠶᠢᠵᠤ ᠶᠠᠯ᠎ᠠ ᠬᠢᠭᠰᠡᠨ ᠳᠤ ᠲᠣᠭᠠᠴᠠᠭᠳᠠᠪᠠᠯ᠂ ᠬᠠᠤᠯᠢ ᠶᠣᠰᠣᠭᠠᠷ ᠡᠷᠡᠭᠦᠦ ᠶᠢᠨ ᠬᠠᠷᠢᠭᠤᠴᠠᠯᠭ᠎ᠠ ᠨᠡᠬᠡᠮᠵᠢᠯᠡᠨ᠎ᠡ᠃     ᠬᠤᠶᠠᠷ᠂ ᠨᠤᠲᠤᠭ ᠪᠡᠯᠴᠢᠭᠡᠷ ᠣᠶᠢᠲᠤ ᠭᠠᠵᠠᠷ ᠢ ᠬᠠᠤᠯᠢ ᠪᠤᠰᠤ ᠪᠠᠷ ᠡᠪᠳᠡᠵᠦ ᠡᠵᠡᠯᠡᠨ ᠬᠡᠷᠡᠭᠯᠡᠬᠦ ᠪᠠ ᠳᠤᠷ᠎ᠠ ᠪᠠᠷ ᠢᠶᠠᠨ ᠬᠠᠭᠠᠯᠪᠤᠷᠢᠯᠠᠬᠤ ᠶᠢ ᠴᠠᠭᠠᠵᠠᠯᠠᠨ᠎ᠠ᠃ ᠨᠤᠲᠤᠭ ᠪᠡᠯᠴᠢᠭᠡᠷ ᠣᠶᠢᠲᠤ ᠭᠠᠵᠠᠷ ᠢ ᠬᠡᠷᠡᠭᠯᠡᠬᠦ ᠳᠤ ᠡᠷᠬᠡᠪᠰᠢ ᠨᠤᠲᠤᠭ ᠪᠡᠯᠴᠢᠭᠡᠷ ᠣᠶᠢᠲᠤ ᠭᠠᠵᠠᠷ ᠢ ᠬᠡᠷᠡᠭᠯᠡᠬᠦ ᠬᠠᠮᠢᠶ᠎ᠠ ᠪᠦᠬᠦᠢ ᠭᠠᠷᠳᠠᠮ ᠢ ᠭᠦᠢᠴᠡᠳᠬᠡᠵᠦ᠂ ᠵᠥᠪᠰᠢᠶᠡᠷᠡᠭᠦᠯᠦᠭᠰᠡᠨ ᠦᠭᠡᠢ ᠪᠠᠷ ᠨᠤᠲᠤᠭ ᠪᠡᠯᠴᠢᠭᠡᠷ ᠣᠶᠢᠲᠤ ᠭᠠᠵᠠᠷ ᠢ ᠳᠤᠷ᠎ᠠ ᠪᠠᠷ ᠢᠶᠠᠨ ᠡᠪᠳᠡᠵᠦ ᠡᠵᠡᠯᠡᠨ ᠬᠡᠷᠡᠭᠯᠡᠭᠰᠡᠨ᠂ ᠨᠤᠲᠤᠭ ᠪᠡᠯᠴᠢᠭᠡᠷ ᠣᠶᠢᠲᠤ ᠭᠠᠵᠠᠷ ᠤᠨ ᠬᠡᠷᠡᠭᠴᠡᠭᠡ ᠶᠢ ᠬᠤᠪᠢᠷᠠᠭᠤᠯᠤᠭᠰᠠᠨ᠂ ᠣᠶ ᠰᠢᠭᠤᠢ ᠨᠤᠲᠤᠭ ᠪᠡᠯᠴᠢᠭᠡᠷ ᠢ ᠡᠪᠳᠡᠵᠦ ᠬᠠᠭᠠᠯᠪᠤᠷᠢᠯᠠᠭᠰᠠᠨ ᠪᠠᠶᠢᠪᠠᠯ᠂ ᠬᠠᠤᠯᠢ ᠲᠣᠭᠲᠠᠭᠠᠯ ᠶᠣᠰᠣᠭᠠᠷ ᠬᠠᠤᠯᠢ ᠴᠠᠭᠠᠵᠠ ᠶᠢᠨ ᠬᠠᠷᠢᠭᠤᠴᠠᠯᠭ᠎ᠠ ᠨᠡᠬᠡᠮᠵᠢᠯᠡᠨ᠎ᠡ︔ᠦᠢᠯᠡ ᠪᠠᠶᠢᠳᠠᠯ ᠨᠢ ᠬᠦᠨᠳᠦ ᠨᠣᠴᠢᠲᠠᠢ ᠪᠠᠶᠢᠵᠤ ᠶᠠᠯ᠎ᠠ ᠬᠢᠭᠰᠡᠨ ᠳᠤ ᠲᠣᠭᠠᠴᠠᠭᠳᠠᠪᠠᠯ᠂ ᠬᠠᠤᠯᠢ ᠶᠣᠰᠣᠭᠠᠷ ᠡᠷᠡᠭᠦᠦ ᠶᠢᠨ ᠬᠠᠷᠢᠭᠤᠴᠠᠯᠭ᠎ᠠ ᠨᠡᠬᠡᠮᠵᠢᠯᠡᠨ᠎ᠡ᠃     ᠭᠤᠷᠪᠠ᠂ ᠶᠠᠮᠠᠷᠪᠠ ᠨᠢᠭᠡᠴᠢ ᠪᠠ ᠬᠤᠪᠢ ᠬᠥᠮᠥᠨ ᠬᠠᠤᠯᠢ ᠪᠤᠰᠤ ᠪᠠᠷ ᠬᠡᠭᠡᠷ᠎ᠡ ᠶᠢᠨ ᠤᠷᠭᠤᠮᠠᠯ ᠢ ᠮᠠᠯᠲᠠᠬᠤ ᠪᠤᠶᠤ ᠲᠡᠭᠦᠨ ᠤ ᠥᠰᠦᠯᠲᠡ ᠶᠢᠨ ᠣᠷᠴᠢᠨ ᠲᠣᠭᠤᠷᠢᠨ ᠢ ᠡᠪᠳᠡᠬᠦ ᠶᠢ ᠴᠠᠭᠠᠵᠠᠯᠠᠨ᠎ᠠ᠃ ᠬᠠᠤᠯᠢ ᠪᠤᠰᠤ ᠪᠠᠷ ᠮᠠᠯᠲᠠᠭᠰᠠᠨ ᠪᠠᠶᠢᠪᠠᠯ᠂ ᠬᠠᠮᠢᠶ᠎ᠠ ᠪᠦᠬᠦᠢ ᠬᠠᠤᠯᠢ ᠴᠠᠭᠠᠵᠠ ᠬᠠᠤᠯᠢ ᠲᠣᠭᠲᠠᠭᠠᠯ ᠤᠨ ᠶᠣᠰᠣᠭᠠᠷ ᠬᠠᠤᠯᠢ ᠶᠣᠰᠣᠭᠠᠷ ᠬᠠᠤᠯᠢ ᠴᠠᠭᠠᠵᠠ ᠶᠢᠨ ᠬᠠᠷᠢᠭᠤᠴᠠᠯᠭ᠎ᠠ ᠨᠡᠬᠡᠮᠵᠢᠯᠡᠨ᠎ᠡ᠃ ᠬᠤᠪᠣᠷ ᠨᠠᠨᠳᠢᠨ ᠮᠣᠳᠣ ᠪᠤᠶᠤ ᠤᠯᠤᠰ ᠤᠨ ᠭᠤᠣᠯᠳᠠᠯᠭ᠎ᠠ ᠲᠠᠢ ᠬᠠᠮᠠᠭᠠᠯᠠᠯᠲᠠ ᠳᠤ ᠪᠠᠶᠢᠭ᠎ᠠ ᠪᠤᠰᠤᠳ ᠤᠷᠭᠤᠮᠠᠯ ᠢ ᠬᠠᠤᠯᠢ ᠪᠤᠰᠤ ᠪᠠᠷ ᠣᠭᠲᠣᠯᠣᠭᠰᠠᠨ᠂ ᠰᠦᠢᠳᠬᠡᠭᠰᠡᠨ᠂ ᠬᠤᠪᠣᠷ ᠨᠠᠨᠳᠢᠨ ᠮᠣᠳᠣ ᠪᠤᠶᠤ ᠤᠯᠤᠰ ᠤᠨ ᠭᠤᠣᠯᠳᠠᠯᠭ᠎ᠠ ᠲᠠᠢ ᠬᠠᠮᠠᠭᠠᠯᠠᠯᠲᠠ ᠳᠤ ᠪᠠᠶᠢᠭ᠎ᠠ ᠪᠤᠰᠤᠳ ᠤᠷᠭᠤᠮᠠᠯ ᠵᠢᠴᠢ ᠲᠡᠭᠦᠨ ᠤ ᠪᠦᠲᠦᠭᠡᠭᠳᠡᠬᠦᠨ ᠢ ᠬᠠᠤᠯᠢ ᠪᠤᠰᠤ ᠪᠠᠷ ᠬᠤᠳᠠᠯᠳᠤᠨ ᠠᠪᠤᠭᠰᠠᠨ᠂ ᠵᠥᠭᠡᠭᠡᠪᠦᠷᠢᠯᠡᠭᠰᠡᠨ᠂ ᠪᠣᠯᠪᠠᠰᠤᠷᠠᠭᠤᠯᠤᠭᠰᠠᠨ᠂ ᠬᠤᠳᠠᠯᠳᠤᠭᠰᠠᠨ ᠪᠠᠶᠢᠪᠠᠯ ᠬᠠᠤᠯᠢ ᠶᠣᠰᠣᠭᠠᠷ ᠡᠷᠡᠭᠦᠦ ᠶᠢᠨ ᠬᠠᠷᠢᠭᠤᠴᠠᠯᠭ᠎ᠠ ᠨᠡᠬᠡᠮᠵᠢᠯᠡᠨ᠎ᠡ᠃    ᠳᠥᠷᠪᠡ᠂ ᠲᠥᠷᠥ ᠶᠢᠨ ᠪᠠᠶᠢᠭᠤᠯᠭ᠎ᠠ ᠶᠢᠨ ᠠᠵᠢᠯᠲᠠᠨ ᠣᠶ ᠰᠢᠭᠤᠢ ᠡᠪᠡᠰᠦ ᠪᠡᠯᠴᠢᠭᠡᠷ ᠤᠨ ᠡᠬᠢ ᠪᠠᠶᠠᠯᠢᠭ ᠢ ᠡᠪᠳᠡᠭᠰᠡᠨ ᠬᠠᠤᠯᠢ ᠠᠴᠠ ᠵᠥᠷᠢᠴᠡᠭᠰᠡᠨ ᠶᠠᠯᠠᠲᠤ ᠠᠵᠢᠯᠯᠠᠭ᠎ᠠ ᠳᠤ ᠬᠠᠤᠯᠢ ᠶᠣᠰᠣᠭᠠᠷ ᠴᠣᠬᠢᠯᠲᠠ ᠥᠭᠬᠦ ᠶᠢ ᠬᠠᠷᠰᠢᠯᠠᠭᠰᠠᠨ ᠪᠠᠶᠢᠪᠠᠯ᠂ ᠬᠠᠤᠯᠢ ᠶᠣᠰᠣᠭᠠᠷ ᠬᠠᠤᠯᠢ ᠶᠢᠨ ᠬᠠᠷᠢᠭᠤᠴᠠᠯᠭ᠎ᠠ ᠨᠡᠬᠡᠮᠵᠢᠯᠡᠨ᠎ᠡ᠃                                                               ᠤᠷᠠᠳ  ᠤᠨ  ᠡᠮᠦᠨᠡᠲᠦ  ᠬᠤᠰᠢᠭᠤᠨ ᠤ ᠣᠢ                                                              ᠰᠢᠭᠤᠢ ᠪᠠ ᠨᠤᠲᠤᠭ ᠪᠡᠯᠴᠢᠭᠡᠷ ᠤᠨ ᠲᠣᠪᠴᠢᠶ᠎ᠠ                                                              2022 ᠣᠨ ᠤ 5 ᠰᠠᠷ᠎ᠠ ᠶᠢᠨ 5 ᠤ ᠡᠳᠦᠷ 
ᠢᠷᠡᠯᠲᠡ᠄ ᠤᠷᠠᠳ ᠤᠨ ᠡᠮᠦᠨᠡᠲᠦ ᠬᠤᠰᠢᠭᠤᠨ ᠤ ᠵᠠᠰᠠᠭ ᠤᠨ ᠣᠷᠳᠤᠨ ᠤ ᠮᠣᠩᠭᠤᠯ ᠰᠦᠯᠵᠢᠶ᠎ᠡ