ᠣᠶᠢᠷ᠎ᠠ ᠶᠢᠨ ᠬᠤᠭᠤᠴᠠᠭᠠᠨ ᠳᠤ᠂ ᠮᠠᠨ ᠤ ᠬᠤᠰᠢᠭᠤᠨ ᠤ ᠪᠠᠶᠠᠨᠬᠤᠸᠠ ᠪᠠᠯᠭᠠᠰᠤ᠂ ᠰᠠᠭᠠᠳᠠᠭ ᠰᠤᠮᠤ᠂ ᠡᠷᠳᠡᠨᠢᠪᠤᠯᠠᠭ ᠰᠤᠮᠤ ᠶᠢᠨ ᠨᠤᠲᠤᠭ ᠪᠡᠯᠴᠢᠭᠡᠷ ᠲᠤ | ᠬᠤᠷᠣᠬᠠᠶ ᠶᠢᠨ ᠭᠠᠮᠰᠢᠭ ᠡᠬᠦᠰᠴᠣ᠂ ᠪᠠᠶᠢᠭᠠᠯᠢ ᠶᠢᠨ ᠨᠤᠲᠤᠭ ᠪᠡᠯᠴᠢᠭᠡᠷ ᠤᠨ ᠤᠷᠭᠤᠮᠠᠯ ᠤᠨ ᠬᠤᠴᠢᠯᠭ᠎ᠠ ᠡᠪᠳᠡᠭᠳᠡᠪᠡ᠃ ᠬᠤᠷᠣᠬᠠᠶ ᠶᠢᠨ ᠬᠥᠨᠥᠭᠡᠯ ᠠᠴᠠ ᠨᠤᠲᠤᠭ | ᠪᠡᠯᠴᠢᠭᠡᠷ ᠤᠨ ᠠᠮᠢ ᠠᠬᠤᠶ ᠶᠢᠨ ᠣᠷᠴᠢᠨ ᠲᠣᠭᠤᠷᠢᠨ ᠳᠤ ᠤᠴᠠᠷᠠᠭᠤᠯᠬᠤ ᠬᠤᠤᠷ ᠬᠥᠨᠥᠭᠡᠯ ᠢ ᠪᠠᠭᠠᠰᠬᠠᠬᠤ ᠪᠠ ᠬᠢᠵᠠᠭᠠᠷᠯᠠᠬᠤ ᠶᠢᠨ ᠲᠥᠯᠥᠭᠡ᠂ ᠬᠤᠰᠢᠭᠤᠨ ᠤ | ᠠᠷᠠᠳ ᠤᠨ ᠵᠠᠰᠠᠭ ᠤᠨ ᠣᠷᠳᠣᠨ ᠠᠴᠠ ᠣᠶᠢᠷ᠎ᠠ ᠶᠢᠨ ᠬᠤᠭᠤᠴᠠᠭᠠᠨ ᠳᠤ ᠪᠥᠬᠦ ᠬᠤᠰᠢᠭᠤᠨ ᠤ ᠬᠡᠪᠴᠢᠶᠡᠨ ᠳᠠᠬᠢ ᠨᠤᠲᠤᠭ ᠪᠡᠯᠴᠢᠭᠡᠷ ᠤᠨ ᠬᠤᠷᠣᠬᠠᠶ ᠶᠢᠨ ᠭᠠᠮᠰᠢᠭ | ᠡᠭᠦᠰᠦᠭᠰᠡᠨ ᠣᠷᠣᠨ ᠳᠤ ᠡᠮ ᠢᠶᠠᠷ ᠬᠤᠷᠣᠬᠠᠶ ᠤᠰᠠᠳᠬᠠᠬᠤ ᠠᠵᠢᠯ ᠥᠷᠨᠢᠭᠦᠯᠬᠦ ᠪᠠᠷ ᠲᠣᠭᠲᠠᠪᠠ᠃ | ᠡᠳᠦᠭᠡ ᠬᠤᠯᠪᠣᠭᠳᠠᠯ ᠪᠥᠬᠦᠶ ᠤᠴᠢᠷ ᠢ ᠳᠤᠤᠷᠠᠬᠢ ᠮᠡᠲᠦ ᠮᠡᠳᠡᠭᠳᠡᠶ᠎ᠡ᠄ | ᠨᠢᠭᠡ᠂ ᠰᠡᠷᠭᠡᠶᠢᠯᠡᠨ ᠵᠠᠰᠠᠬᠤ ᠴᠠᠭ᠄ | 2022 ᠣᠨ ᠤ 5 ᠰᠠᠷ᠎ᠠ ᠶᠢᠨ 10 ᠤ ᠡᠳᠦᠷ ᠠᠴᠠ 5 ᠰᠠᠷ᠎ᠠ ᠶᠢᠨ 20 ᠤ ᠡᠳᠦᠷ ᠪᠣᠯᠲᠠᠯ᠎ᠠ | ᠬᠤᠶᠠᠷ᠂ ᠡᠮ ᠨᠠᠶᠢᠷᠠᠯᠭ᠎ᠠ ᠶᠢᠨ ᠨᠡᠷᠡᠶᠢᠳᠦᠯ᠄ ᠠᠮᠢᠳᠤ ᠪᠣᠳᠠᠰ ᠤᠨ ᠡᠮ ︵生物制剂苦参碱︶ | ᠭᠤᠷᠪᠠ᠂ ᠡᠮ ᠲᠠᠯᠪᠢᠬᠤ ᠭᠠᠵᠠᠷ᠄ ᠪᠠᠶᠠᠨᠬᠤᠸᠠ ᠪᠠᠯᠭᠠᠰᠤᠨ ᠤ ᠴᠠᠭᠠᠭᠬᠠᠳᠠ ᠭᠠᠴᠠᠭ᠎ᠠ᠂ ᠰᠠᠭᠠᠳᠠᠭ ᠰᠣᠮᠣᠨ ᠤ ᠰᠤᠮᠤ ᠰᠠᠭᠠᠳᠠᠭ ᠭᠠᠴᠠᠭ᠎ᠠ᠂ | ᠬᠠᠶᠢᠯᠠᠰᠤᠲᠠᠶ ᠭᠠᠴᠠᠭ᠎ᠠ᠂ ᠡᠷᠳᠡᠨᠢᠪᠤᠯᠠᠭ ᠰᠣᠮᠣᠨ ᠤ ᠠᠷᠴᠠ ᠭᠠᠴᠠᠭ᠎ᠠ᠂ ᠬᠦᠨᠬᠤᠳᠳᠤᠭ ᠭᠠᠴᠠᠭᠠᠨ ᠤ ᠬᠡᠪᠴᠢᠶᠡᠨ ᠳᠤ ᠬᠤᠷᠣᠬᠠᠶ ᠶᠢᠨ ᠬᠥᠨᠥᠭᠡᠯ ᠡᠭᠦᠰᠦᠭᠰᠡᠨ | ᠨᠤᠲᠤᠭ ᠪᠡᠯᠴᠢᠭᠡᠷ ᠲᠤ ᠃ | ᠳᠥᠷᠪᠡ᠂ ᠥᠷᠭᠡᠨ ᠣᠯᠠᠨ ᠮᠠᠯᠴᠢᠨ ᠲᠠᠷᠢᠶᠠᠴᠢᠨ ᠵᠢᠴᠢ ᠮᠠᠯ ᠤᠨᠤᠭ᠎ᠠ ᠶᠢᠨ ᠠᠮᠤᠷ ᠲᠦᠪᠰᠢᠨ ᠢ ᠦᠨᠡᠨᠬᠦ ᠪᠠᠲᠤᠯᠠᠬᠤ ᠶᠢᠨ ᠲᠤᠰᠠᠳᠠ᠂ ᠰᠡᠷᠭᠡᠶᠢᠯᠡᠨ ᠵᠠᠰᠠᠬᠤ | ᠬᠤᠭᠤᠴᠠᠭᠠᠨ ᠳᠤ ᠳᠣᠣᠷᠠᠬᠢ ᠲᠣᠭᠲᠠᠭᠠᠯ ᠢ ᠴᠢᠩᠭ᠎ᠠ ᠵᠢᠷᠤᠮᠯᠠᠬᠤ ᠬᠡᠷᠡᠭᠲᠡᠶ᠃ | 1. ᠲᠠᠷᠢᠶᠠᠨ ᠡᠮ ᠲᠠᠯᠪᠢᠭᠰᠠᠨ 20 ᠡᠳᠦᠷ ᠤᠨ ᠳᠣᠲᠣᠷ᠎ᠠ᠂ ᠲᠠᠷᠢᠶᠠᠨ ᠡᠮ ᠲᠠᠯᠪᠢᠭᠰᠠᠨ ᠣᠷᠣᠨ ᠪᠦᠰᠡ ᠳᠤ ᠮᠠᠯ ᠬᠠᠷᠢᠭᠤᠯᠬᠤ ᠪᠠ ᠬᠥᠮᠦᠨ ᠤ | ᠠᠵᠢᠯᠯᠠᠭ᠎ᠠ ᠶᠢ ᠪᠠᠭᠠᠰᠬᠠᠬᠤ ᠶᠢ ᠴᠢᠩᠭ᠎ᠠ ᠴᠠᠭᠠᠵᠠᠯᠠᠵᠤ᠂ ᠬᠥᠮᠦᠨ ᠮᠠᠯ ᠳᠤ ᠬᠤᠤᠷᠳᠠᠭᠳᠠᠬᠤ ᠬᠡᠷᠡᠭ ᠭᠠᠷᠬᠤ ᠠᠴᠠ ᠵᠠᠶᠢᠯᠠᠰᠬᠢᠬᠦ ᠬᠡᠷᠡᠭᠲᠡᠶ᠃ | 2. ᠬᠤᠯᠪᠣᠭᠳᠠᠯ ᠪᠦᠬᠦᠢ ᠰᠤᠮᠤ ᠪᠠᠯᠭᠠᠰᠤ᠂ ᠭᠠᠴᠠᠭ᠎ᠠ ᠲᠣᠰᠬᠤᠨ ᠨᠤᠭᠤᠳ ᠲᠤᠬᠠᠶ ᠶᠢᠨ ᠭᠠᠵᠠᠷ ᠤᠨ ᠮᠠᠯᠴᠢᠨ ᠲᠠᠷᠢᠶᠠᠴᠢᠳ ᠢ ᠤᠬᠠᠭᠤᠯᠤᠨ ᠳᠠᠶᠢᠴᠢᠯᠠᠵᠤ | ᠪᠠᠶᠢᠭᠠᠳ ᠬᠤᠷᠣᠬᠠᠶ ᠤᠰᠠᠳᠬᠠᠬᠤ ᠳᠤ ᠢᠳᠡᠪᠬᠢᠲᠡᠶ ᠬᠠᠮᠵᠢᠯᠴᠠᠭᠤᠯᠬᠤ ᠶᠢᠨ ᠬᠠᠮᠲᠤ ᠰᠡᠷᠭᠡᠶᠢᠯᠡᠨ ᠬᠠᠮᠠᠭᠠᠯᠠᠬᠤ ᠠᠵᠢᠯ ᠢ ᠰᠠᠶᠢᠲᠤᠷ ᠬᠢᠵᠦ᠂ ᠬᠡᠭᠡᠷ᠎ᠡ ᠭᠠᠳᠠᠨ᠎ᠠ | ᠬᠦᠮᠡᠯᠢ᠂ ᠭᠠᠰᠢᠭᠤᠨ ᠨᠣᠭᠤᠭ᠎ᠠ ᠲᠡᠭᠦᠵᠦ ᠢᠳᠡᠬᠦ ᠶᠢ ᠴᠢᠩᠭ᠎ᠠ ᠴᠠᠭᠠᠵᠠᠯᠠᠬᠤ ᠬᠡᠷᠡᠭᠲᠡᠶ᠃ | ᠤᠷᠠᠳ ᠤᠨ ᠡᠮᠦᠨᠡᠲᠦ ᠬᠤᠰᠢᠭᠤᠨ ᠤ ᠠᠷᠠᠳ ᠤᠨ ᠵᠠᠰᠠᠭ ᠤᠨ ᠣᠷᠳᠣᠨ | 2022 ᠣᠨ ᠤ 5 ᠰᠠᠷ᠎ᠠ ᠶᠢᠨ 9 ᠤ ᠡᠳᠦᠷ |