ᠡᠷᠳᠡᠨᠢᠪᠤᠯᠠᠭ ᠰᠤᠮᠤ ︽ᠵᠠᠬᠢᠳᠠᠯ ᠰᠣᠷᠪᠣᠯᠵᠢᠯᠠᠯ ᠤᠨ ᠠᠵᠢᠯ ᠤᠨ ᠳᠦᠷᠢᠮ︾ ᠢ ᠤᠬᠠᠭᠤᠯᠬᠤ ᠠᠵᠢᠯᠯᠠᠭ᠎ᠠ ᠶᠢ ᠢᠳᠡᠪᠬᠢᠲᠡᠶ ᠥᠷᠨᠢᠭᠦᠯᠪᠡ
ᠨᠡᠶᠢᠲᠡᠯᠡᠭᠰᠡᠨ ᠴᠠᠭ᠄
2022/5/13
     ︽ᠵᠠᠬᠢᠳᠠᠯ ᠰᠣᠷᠪᠣᠯᠵᠢᠯᠠᠯ ᠤᠨ ᠠᠵᠢᠯ ᠤᠨ ᠲᠦᠷᠢᠮ︾ ᠢ 2022 ᠣᠨ ᠤ 1 ᠰᠠᠷ᠎ᠠ ᠶᠢᠨ 24 ᠤ ᠡᠳᠦᠷ ᠳᠤᠮᠳᠠᠳᠤ ᠤᠯᠤᠰ ᠤᠨ ᠡᠪ ᠬᠠᠮᠲᠤ ᠨᠠᠮ ᠤᠨ ᠲᠥᠪ ᠬᠤᠷᠢᠶᠠᠨ ᠤ ᠤᠯᠤᠰ ᠲᠥᠷᠥ ᠶᠢᠨ ᠲᠣᠪᠴᠢᠶᠠᠨ ᠤ ᠬᠤᠷᠠᠯ ᠢᠶᠠᠷ ᠬᠢᠨᠠᠨ ᠵᠥᠪᠯᠡᠵᠦ ᠵᠥᠪᠰᠢᠶᠡᠷᠡᠭᠦᠯᠦᠭᠡᠳ᠂ 2022 ᠣᠨ ᠤ 5 ᠰᠠᠷ᠎ᠠ ᠶᠢᠨ 1 ᠤ ᠡᠳᠦᠷ ᠠᠴᠠ ᠡᠬᠢᠯᠡᠵᠦ  ᠬᠡᠷᠡᠭᠵᠢᠭᠦᠯᠪᠡ᠃ ᠵᠠᠬᠢᠳᠠᠯ ᠰᠤᠷᠪᠤᠯᠵᠢᠯᠠᠯ ᠤᠨ ᠲᠥᠷᠥ ᠶᠢᠨ ᠪᠣᠳᠣᠯᠭ᠎ᠠ ᠬᠠᠤᠯᠢ ᠲᠣᠭᠲᠠᠭᠠᠯ ᠢ ᠰᠤᠷᠤᠯᠴᠠᠨ ᠤᠬᠠᠭᠤᠯᠬᠤ ᠪᠠ ᠲᠣᠭᠤᠰᠢᠯᠠᠭᠤᠯᠤᠨ ᠨᠠᠶᠢᠳᠠᠪᠤᠷᠢᠵᠢᠭᠤᠯᠬᠤ ᠠᠵᠢᠯ ᠢ ᠰᠠᠶᠢᠲᠤᠷ ᠠᠳᠬᠤᠵᠤ᠂ ᠵᠠᠬᠢᠳᠠᠯ ᠰᠤᠷᠪᠤᠯᠵᠢᠯᠠᠯ ᠤᠨ ᠠᠵᠢᠯ ᠤᠨ ᠬᠠᠤᠯᠢ ᠪᠠᠷ ᠵᠠᠰᠠᠬᠤ ᠬᠢᠷᠢ ᠬᠡᠮᠵᠢᠶ᠎ᠡ ᠶᠢ ᠦᠨᠡᠨᠬᠦ ᠳᠡᠭᠡᠭᠰᠢᠯᠡᠭᠦᠯᠬᠦ ᠶᠢᠨ ᠲᠤᠰᠠᠳᠠ᠂ 5 ᠰᠠᠷ᠎ᠠ ᠶᠢᠨ 12 ᠤᠨ ᠡᠳᠦᠷ ᠡᠷᠳᠡᠨᠢᠪᠤᠯᠠᠭ ᠰᠤᠮᠤ ︽ᠵᠠᠬᠢᠳᠠᠯ ᠰᠤᠷᠪᠤᠯᠵᠢᠯᠠᠯ ᠤᠨ ᠠᠵᠢᠯ ᠤᠨ ᠳᠦᠷᠢᠮ︾ ᠢ ᠤᠬᠠᠭᠤᠯᠬᠤ ᠠᠵᠢᠯᠯᠠᠭ᠎ᠠ ᠶᠢ ᠵᠣᠬᠢᠶᠠᠨ ᠪᠠᠶᠢᠭᠤᠯᠤᠨ ᠥᠷᠨᠢᠭᠦᠯᠪᠡ᠃    ᠡᠷᠳᠡᠨᠢᠪᠣᠯᠠᠭ ᠰᠣᠮᠣ ᠶᠢᠨ ᠶᠡᠷᠦᠩᠬᠡᠶᠢᠯᠡᠨ ᠵᠠᠰᠠᠵᠤ ᠲᠣᠭᠲᠠᠭᠤᠨ ᠪᠠᠶᠢᠳᠠᠯ ᠢ ᠬᠠᠮᠠᠭᠠᠯᠠᠬᠤ᠂ ᠵᠠᠬᠢᠳᠠᠯ ᠰᠣᠷᠪᠣᠯᠵᠢᠯᠠᠯ ᠵᠡᠷᠭᠡ ᠰᠠᠯᠠᠭ᠎ᠠ ᠮᠥᠴᠢᠷ ᠤᠨ ᠠᠵᠢᠯᠲᠠᠳ ᠤᠬᠠᠭᠤᠯᠭ᠎ᠠ ᠶᠢᠨ ᠮᠠᠲ᠋ᠧᠷᠢᠶᠠᠯ ᠲᠠᠷᠬᠠᠭᠠᠬᠤ ᠠᠷᠭ᠎ᠠ ᠮᠠᠶ᠋ᠢᠭ ᠢᠶᠠᠷ ᠳᠠᠮᠵᠢᠭᠤᠯᠤᠨ᠂  ᠲᠣᠬᠠᠢ ᠶᠢᠨ ᠭᠠᠵᠠᠷ ᠤᠨ ᠠᠷᠠᠳ ᠲᠤ ᠳᠥᠭᠦᠮ ᠣᠶᠢᠯᠠᠭᠠᠮᠵᠢᠲᠠᠶ ᠦᠭᠡ ᠬᠡᠯᠡ ᠪᠠᠷ ᠠᠮᠢᠳᠤᠷᠠᠯ ᠳᠤ ᠣᠶᠢᠷᠠᠲᠤᠭᠰᠠᠨ ᠪᠣᠳᠠᠲᠤ ᠵᠢᠱᠢᠶ᠎ᠡ ᠪᠠᠷ ︽ᠵᠠᠬᠢᠳᠠᠯ ᠰᠣᠷᠪᠣᠯᠵᠢᠯᠠᠯ ᠤᠨ ᠠᠵᠢᠯ ᠤᠨ ᠳᠦᠷᠢᠮ︾ ᠤᠨ ᠬᠤᠯᠪᠣᠭᠳᠠᠯ ᠪᠦᠬᠦᠢ ᠮᠡᠳᠡᠯᠭᠡ ᠶᠢ ᠲᠡᠶᠢᠯᠪᠣᠷᠢᠯᠠᠵᠤ ᠦᠭᠭᠦᠭᠰᠡᠨ ᠪᠠᠶᠢᠨ᠎ᠠ᠃    ᠲᠣᠰ ᠤᠳᠠᠭᠠᠨ ᠤ ᠤᠬᠠᠭᠤᠯᠭ᠎ᠠ ᠶᠢᠨ ᠠᠵᠢᠯᠯᠠᠭ᠎ᠠ ᠳᠤ ᠨᠡᠶᠢᠲᠡ 300 ᠭᠠᠷᠤᠶ ᠬᠤᠪᠢ ᠤᠬᠠᠭᠤᠯᠭ᠎ᠠ ᠶᠢᠨ ᠳᠡᠪᠲᠡᠷ᠂ ᠢᠯᠡ ᠺᠠᠷᠲ ᠢ ᠲᠠᠷᠬᠠᠭᠠᠵᠤ᠂ ᠣᠯᠠᠨ ᠲᠦᠮᠡᠨ ᠤ ᠬᠠᠤᠯᠢ ᠶᠣᠰᠣᠭᠠᠷ ᠵᠠᠬᠢᠳᠠᠯ ᠰᠣᠷᠪᠣᠯᠵᠢᠯᠠᠯ ᠬᠢᠬᠦ᠂ ᠬᠠᠤᠯᠢ ᠶᠣᠰᠣᠭᠠᠷ ᠡᠷᠬᠡ ᠪᠠᠨ ᠬᠠᠮᠠᠭᠠᠯᠠᠬᠤ᠂ ᠬᠠᠤᠯᠢ ᠶᠣᠰᠣᠭᠠᠷ ᠠᠰᠢᠭ ᠲᠤᠰᠠ ᠶᠢᠨ ᠭᠤᠮᠣᠳᠠᠯ ᠱᠠᠭᠠᠷᠳᠠᠯᠭ᠎ᠠ ᠪᠠᠨ ᠢᠯᠡᠳᠬᠡᠬᠦ ᠣᠶᠢᠯᠠᠭᠠᠭᠳᠠᠬᠤᠨ ᠢ ᠤᠬᠠᠮᠰᠠᠷ ᠠᠴᠠ ᠪᠠᠨ ᠪᠣᠶ ᠪᠣᠯᠭᠠᠬᠤ ᠶᠢ ᠤᠯᠠᠮ ᠨᠢᠭᠡ ᠠᠯᠬᠤᠮ ᠬᠥᠲᠥᠯᠥᠨ ᠵᠢᠯᠣᠭᠤᠳᠴᠤ᠂ ᠵᠠᠬᠢᠳᠠᠯ ᠰᠣᠷᠪᠣᠯᠵᠢᠯᠠᠯ ᠤᠨ ᠡᠮᠬᠢ ᠵᠢᠷᠤᠮ ᠢ ᠵᠢᠷᠤᠮᠵᠢᠭᠤᠯᠬᠤ᠂ ᠨᠡᠶᠢᠭᠡᠮ ᠤᠨ ᠡᠶ᠎ᠡ ᠵᠣᠬᠢᠴᠠᠯ ᠪᠠ ᠲᠣᠭᠲᠠᠭᠤᠨ ᠪᠠᠶᠢᠳᠠᠯ ᠢ ᠠᠬᠢᠭᠤᠯᠬᠤ ᠳᠤ ᠠᠰᠢᠭᠲᠠᠶ ᠨᠥᠬᠦᠴᠡᠯ ᠢ ᠪᠦᠷᠢᠯᠳᠦᠭᠦᠯᠵᠦ ᠥᠭᠭᠦᠭᠰᠡᠨ ᠪᠠᠶᠢᠨ᠎ᠠ᠃
ᠢᠷᠡᠯᠲᠡ᠄ ᠤᠷᠠᠳ ᠤᠨ ᠡᠮᠦᠨᠡᠲᠦ ᠬᠤᠰᠢᠭᠤᠨ ᠤ ᠵᠠᠰᠠᠭ ᠤᠨ ᠣᠷᠳᠤᠨ ᠤ ᠮᠣᠩᠭᠤᠯ ᠰᠦᠯᠵᠢᠶ᠎ᠡ