ᠬᠤᠰᠢᠭᠤᠨ ᠤ ᠡᠷᠡᠬᠦᠯ ᠬᠠᠮᠠᠭᠠᠯᠠᠯ ᠡᠷᠡᠭᠦᠯ ᠮᠡᠨᠳᠦ ᠶᠢᠨ ᠶᠡᠷᠦᠩᠭᠡᠶᠢᠯᠡᠭᠰᠡᠨ ᠵᠠᠰᠠᠭ ᠵᠠᠬᠢᠷᠭᠠᠨ ᠤ ᠬᠠᠤᠯᠢ ᠬᠡᠷᠡᠭᠵᠢᠬᠦᠯᠬᠦ ᠶᠡᠭᠡ ᠠᠩᠭᠢ ᠨᠢ ᠪᠠᠶᠢᠴᠠᠭᠠᠯᠳᠠ ᠬᠢᠬᠦ ᠶᠤᠰᠤᠳᠠᠢ ᠪᠠᠶᠢᠳᠠᠯ᠎ᠠ ᠪᠠᠶᠢᠴᠠᠭᠠᠭᠰᠠᠨ ᠦᠬᠡᠢ ᠤᠷᠬᠢᠭᠳᠠᠭᠤᠯᠵᠤ ᠪᠠᠶᠢᠴᠠᠭᠠᠭᠰᠠᠨ ᠲᠠᠯᠠᠪᠤᠷ ᠪᠠ ᠠᠵᠢᠯᠳᠠᠨ ᠢ ᠰᠢᠳᠭᠡᠪᠡ
ᠨᠡᠶᠢᠲᠡᠯᠡᠭᠰᠡᠨ ᠴᠠᠭ᠄
2022/5/13
      5 ᠰᠠᠷ᠎ᠠ ᠶᠢᠨ 10 ᠤ ᠡᠳᠦᠷ᠂ ᠬᠤᠰᠢᠭᠤᠨ ᠤ ᠡᠷᠡᠬᠦᠯ ᠬᠠᠮᠠᠭᠠᠯᠠᠯ ᠡᠷᠡᠭᠦᠯ ᠮᠡᠨᠳᠦ ᠶᠢᠨ ᠶᠡᠷᠦᠩᠭᠡᠶᠢᠯᠡᠭᠰᠡᠨ ᠵᠠᠰᠠᠭ ᠵᠠᠬᠢᠷᠭᠠᠨ ᠤ ᠬᠠᠤᠯᠢ ᠬᠡᠷᠡᠭᠵᠢᠬᠦᠯᠬᠦ ᠶᠡᠭᠡ ᠠᠩᠭᠢ ᠬᠤᠳᠠ ᠶᠢᠨ ᠬᠢᠵᠢᠭ ᠤᠨ ᠪᠠᠶᠢᠳᠠᠯ ᠢ ᠰᠡᠷᠬᠡᠶᠢᠯᠡᠨ ᠡᠵᠡᠮᠳᠡᠬᠦ ᠵᠢᠯᠤᠭᠤᠳᠬᠤ ᠭᠠᠵᠠᠷ ᠤᠨ ᠵᠠᠷᠯᠠᠯ ᠢ ᠲᠤᠰᠴᠤ᠂ ᠪᠠᠶᠠᠨᠨᠠᠭᠤᠷ ᠬᠤᠳᠠ ᠶᠢᠨ ᠪᠠᠶᠢᠴᠠᠭᠠᠯᠳᠠ ᠬᠢᠬᠦ ᠶᠤᠰᠤᠳᠠᠢ ᠰᠢᠰᠲ᠋ᠧᠮ ᠤᠨ ᠪᠠᠶᠢᠴᠠᠭᠠᠬᠤ ᠠᠴᠠ ᠭᠤᠭᠤᠵᠢᠭᠳᠠᠭᠰᠠᠨ ᠰᠡᠵᠢᠭᠯᠡᠯᠳᠡᠢ ᠠᠵᠢᠯᠳᠠᠨ ᠤ ᠲᠤᠳᠤᠷ᠎ᠠ ᠡᠷᠡᠬᠦᠯ ᠬᠠᠮᠠᠭᠠᠯᠠᠯ ᠡᠷᠡᠭᠦᠯ ᠮᠡᠨᠳᠦ  ᠶᠢᠨ ᠶᠡᠷᠦᠩᠭᠡᠶᠢᠯᠡᠭᠰᠡᠨ ᠵᠠᠰᠠᠭ ᠵᠠᠬᠢᠷᠭᠠᠨ ᠤ ᠬᠠᠤᠯᠢ ᠬᠡᠷᠡᠭᠵᠢᠬᠦᠯᠬᠦ ᠶᠡᠭᠡ ᠠᠩᠭᠢ  ᠶᠢᠨ 4 ᠬᠦᠮᠦᠨ ᠪᠠᠶᠢᠴᠠᠭᠠᠬᠤ ᠠᠴᠠ ᠭᠤᠭᠤᠵᠢᠭᠳᠠᠭᠰᠠᠨ ᠢ ᠪᠠᠶᠢᠴᠠᠭᠠᠨ ᠭᠠᠷᠭᠠᠪᠠ᠃       ᠬᠤᠳᠠ ᠶᠢᠨ ᠬᠢᠵᠢᠭ ᠤᠨ ᠪᠠᠶᠢᠳᠠᠯ ᠢ ᠰᠡᠷᠬᠡᠶᠢᠯᠡᠨ ᠡᠵᠡᠮᠳᠡᠬᠦ ᠵᠢᠯᠤᠭᠤᠳᠬᠤ ᠭᠠᠵᠠᠷ ᠤᠨ ᠮᠡᠳᠡᠭᠳᠡᠯ ᠢ ᠤᠯᠤᠭᠰᠠᠨ ᠤ ᠲᠠᠷᠠᠭ᠎ᠠ  ᠬᠤᠰᠢᠭᠤᠨ ᠤ ᠡᠷᠡᠬᠦᠯ ᠬᠠᠮᠠᠭᠠᠯᠠᠯ ᠡᠷᠡᠭᠦᠯ ᠮᠡᠨᠳᠦ ᠶᠢᠨ ᠶᠡᠷᠦᠩᠭᠡᠶᠢᠯᠡᠭᠰᠡᠨ ᠵᠠᠰᠠᠭ ᠵᠠᠬᠢᠷᠭᠠᠨ ᠤ ᠬᠠᠤᠯᠢ ᠬᠡᠷᠡᠭᠵᠢᠬᠦᠯᠬᠦ ᠶᠡᠭᠡ ᠠᠩᠭᠢ ᠲᠡᠭᠡᠳᠦ ᠬᠡᠮᠵᠢᠶ᠎ᠡ ᠪᠠᠷ ᠴᠢᠬᠤᠯᠠᠴᠢᠯᠠᠨ ᠦᠵᠡᠵᠦ ᠬᠢᠵᠢᠭ ᠪᠠᠶᠢᠴᠠᠭᠠᠬᠤ ᠠᠴᠠ ᠭᠤᠭᠤᠵᠢᠭᠳᠠᠭᠰᠠᠨ 4 ᠠᠵᠢᠯᠳᠠᠨ ᠤ ᠪᠠᠶᠢᠳᠠᠯ ᠢ ᠲᠠᠷᠤᠶᠢᠬᠠᠨ ᠪᠠᠶᠢᠴᠠᠭᠠᠨ ᠬᠠᠷᠭᠤᠭᠤᠯᠵᠤ᠂ ᠨᠢᠬᠡ ᠨᠢ ᠡᠷᠡᠬᠦᠯ ᠬᠠᠮᠠᠭᠠᠯᠠᠯ ᠡᠷᠡᠭᠦᠯ ᠮᠡᠨᠳᠦ ᠶᠢᠨ ᠶᠡᠷᠦᠩᠭᠡᠶᠢᠯᠡᠭᠰᠡᠨ ᠵᠠᠰᠠᠭ ᠵᠠᠬᠢᠷᠭᠠᠨ ᠤ ᠬᠠᠤᠯᠢ ᠬᠡᠷᠡᠭᠵᠢᠬᠦᠯᠬᠦ ᠶᠡᠭᠡ ᠠᠩᠭᠢ ᠶᠢᠨ ᠠᠵᠢᠯᠳᠠᠨ ᠪᠠᠶᠢᠵᠤ᠂ ᠲᠤᠰᠠᠭᠠᠷᠯᠠᠬᠤ ᠲᠠᠯᠠᠪᠤᠷ ᠤᠨ ᠠᠷᠢᠭᠤᠳᠬᠠᠬᠤ ᠠᠵᠢᠯ ᠦᠷᠨᠢᠬᠦᠯᠬᠦ ᠠᠴᠠ ᠪᠤᠯᠵᠤ᠂ ᠪᠦᠬᠡᠮ ᠬᠦᠴᠢᠯ ᠤᠨ ᠰᠢᠯᠭᠠᠨ ᠪᠠᠶᠢᠴᠠᠭᠠᠯᠳᠠ ᠶᠢ ᠮᠠᠷᠳᠠᠭᠰᠠᠨ ᠪᠠᠶᠢᠨ᠎ᠠ︔ ᠬᠤᠶᠠᠷ ᠨᠢ ᠯᠢᠦ ᠯᠧ ᠠᠮᠠᠨ ᠬᠦᠨᠳᠡᠢ ᠶᠢᠨ ᠡᠮᠴᠢᠯᠡᠬᠡᠨ ᠤ ᠭᠠᠵᠠᠷ ᠤᠨ ᠠᠵᠢᠯᠳᠠᠨ ᠪᠤᠯᠤᠭᠰᠠᠨ ᠤ ᠬᠤᠪᠢ ᠳᠤ ᠲᠤᠭᠳᠠᠭᠠᠯ ᠶᠤᠰᠤᠭᠠᠷ ᠪᠦᠬᠡᠮ ᠬᠦᠴᠢᠯ ᠤᠨ ᠰᠢᠯᠭᠠᠨ ᠪᠠᠶᠢᠴᠠᠭᠠᠯᠳᠠ ᠬᠢᠭᠰᠡᠨ ᠦᠬᠡᠢ ︔ ᠦᠯᠡᠳᠡᠭᠰᠡᠨ ᠨᠢᠬᠡ ᠨᠢ ᠰᠦᠨ ᠼᠦᠢ ᠫᠢᠩ ᠠᠮᠠᠨ ᠬᠦᠨᠳᠡᠢ ᠶᠢᠨ ᠡᠮᠴᠢᠯᠡᠬᠡᠨ ᠤ ᠭᠠᠵᠠᠷ ᠤᠨ ᠲᠤᠰᠢᠶᠠᠯ ᠠᠴᠠ ᠪᠠᠨ  ᠪᠠᠭᠤᠭᠰᠠᠨ ᠠᠵᠢᠯᠳᠠᠨ ᠪᠠᠶᠢᠵᠤ᠂ ᠭᠤᠤᠯᠳᠠᠯᠠᠭ᠎ᠠ ᠲᠠᠢ ᠬᠦᠮᠦᠰ ᠤᠨ ᠬᠡᠪᠴᠢᠶᠡᠨ ᠳᠤ ᠪᠠᠭᠳᠠᠬᠤ ᠦᠬᠡᠢ ᠪᠤᠯᠵᠠᠢ᠂ ᠬᠡᠪᠡᠴᠦ ᠡᠮᠨᠡᠯᠬᠡ ᠶᠢᠨ ᠭᠠᠵᠠᠷ ᠤᠨ ᠬᠠᠷᠢᠭᠤᠴᠠᠯᠭᠠᠳᠠᠨ ᠴᠠᠭ ᠲᠤᠬᠠᠢ ᠲᠤᠨᠢ ᠡᠷᠡᠬᠦᠯ ᠬᠠᠮᠠᠭᠠᠯᠠᠯ ᠡᠷᠡᠭᠦᠯ ᠮᠡᠨᠳᠦ ᠶᠢᠨ ᠶᠡᠷᠦᠩᠭᠡᠶᠢᠯᠡᠭᠰᠡᠨ ᠵᠠᠰᠠᠭ ᠵᠠᠬᠢᠷᠭᠠᠨ ᠤ ᠬᠠᠤᠯᠢ ᠬᠡᠷᠡᠭᠵᠢᠬᠦᠯᠬᠦ ᠶᠡᠭᠡ ᠠᠩᠭᠢ ᠳᠤ ᠮᠡᠳᠡᠭᠳᠡᠭᠰᠡᠨ ᠦᠬᠡᠢ᠃ ᠲᠡᠭᠡᠷᠡᠬᠢ ᠭᠤᠤᠯᠳᠠᠯᠠᠭ᠎ᠠ  ᠲᠠᠢ ᠪᠠᠶᠢᠴᠠᠭᠠᠯᠳᠠ ᠬᠢᠬᠦ ᠶᠤᠰᠤᠳᠠᠢ ᠪᠤᠯᠪᠠᠴᠤ ᠪᠦᠬᠡᠮ ᠬᠦᠴᠢᠯ ᠤᠨ ᠰᠢᠯᠭᠠᠨ ᠪᠠᠶᠢᠴᠠᠭᠠᠯᠳᠠ  ᠬᠢᠭᠰᠡᠨ ᠦᠬᠡᠢ ᠬᠦᠮᠦᠰ ᠢ ᠬᠤᠰᠢᠭᠤᠨ ᠤ  ᠬᠢᠵᠢᠭ ᠤᠨ ᠪᠠᠶᠢᠳᠠᠯ ᠢ ᠰᠡᠷᠬᠡᠶᠢᠯᠡᠨ ᠡᠵᠡᠮᠳᠡᠬᠦ ᠵᠢᠯᠤᠭᠤᠳᠬᠤ ᠭᠠᠵᠠᠷ ᠤᠨ ᠱᠠᠭᠠᠷᠳᠠᠯᠠᠭ᠎ᠠ ᠶᠤᠰᠤᠭᠠᠷ᠂ ᠯᠢᠦ ᠯᠧ ᠠᠮᠠᠨ ᠬᠦᠨᠳᠡᠢ ᠶᠢᠨ ᠡᠮᠴᠢᠯᠡᠬᠡᠨ ᠤ ᠭᠠᠵᠠᠷ ᠢ 1000 ᠲᠦᠬᠦᠷᠢᠭ ᠢᠶᠠᠷ ᠲᠤᠷᠭᠠᠵᠤ᠂ ᠨᠢᠬᠡ ᠡᠳᠦᠷ ᠠᠵᠢᠯ ᠢ ᠨᠢ ᠵᠤᠭᠰᠤᠭᠠᠨ ᠴᠡᠭᠴᠡᠯᠡᠵᠦ᠂ ᠬᠤᠶᠠᠷ ᠠᠵᠢᠯᠳᠠᠨ ᠢ 500 ᠲᠦᠬᠦᠷᠢᠭ ᠢᠶᠠᠷ ᠲᠤᠷᠭᠠᠵᠤ᠂ ᠰᠦᠨ ᠼᠦᠢ ᠫᠢᠩ ᠠᠮᠠᠨ ᠬᠦᠨᠳᠡᠢ ᠶᠢᠨ ᠡᠮᠴᠢᠯᠡᠬᠡᠨ ᠤ ᠭᠠᠵᠠᠷ  ᠤᠨ ᠬᠠᠷᠢᠭᠤᠴᠠᠯᠭᠠᠳᠠᠨ ᠢ ᠰᠡᠷᠡᠮᠵᠢ ᠦᠭᠴᠡᠢ︔ ᠡᠷᠡᠬᠦᠯ ᠬᠠᠮᠠᠭᠠᠯᠠᠯ ᠡᠷᠡᠭᠦᠯ ᠮᠡᠨᠳᠦ ᠶᠢᠨ ᠶᠡᠷᠦᠩᠭᠡᠶᠢᠯᠡᠭᠰᠡᠨ ᠵᠠᠰᠠᠭ ᠵᠠᠬᠢᠷᠭᠠᠨ ᠤ ᠬᠠᠤᠯᠢ ᠬᠡᠷᠡᠭᠵᠢᠬᠦᠯᠬᠦ ᠶᠡᠭᠡ ᠠᠩᠭᠢ ᠶᠢᠨ ᠠᠵᠢᠯᠳᠠᠨ  ᠢ 500 ᠲᠦᠬᠦᠷᠢᠭ ᠢᠶᠠᠷ ᠲᠤᠷᠭᠠᠵᠤ᠂ ᠬᠤᠯᠪᠤᠭᠳᠠᠯ ᠪᠦᠬᠦᠢ ᠰᠢᠳᠬᠡᠭᠰᠡᠨ ᠪᠠᠶᠢᠳᠠᠯ ᠢᠶᠠᠨ ᠡᠷᠡᠬᠦᠯ ᠬᠠᠮᠠᠭᠠᠯᠠᠯ ᠡᠷᠡᠭᠦᠯ ᠮᠡᠨᠳᠦ ᠶᠢᠨ ᠶᠡᠷᠦᠩᠭᠡᠶᠢᠯᠡᠭᠰᠡᠨ ᠵᠠᠰᠠᠭ ᠵᠠᠬᠢᠷᠭᠠᠨ ᠤ ᠬᠠᠤᠯᠢ ᠬᠡᠷᠡᠭᠵᠢᠬᠦᠯᠬᠦ  ᠰᠢᠰᠲ᠋ᠧᠮ ᠪᠠ ᠡᠯ᠎ᠡ ᠪᠠᠶᠢᠴᠠᠭᠠᠯᠳᠠ ᠬᠢᠬᠦ ᠶᠤᠰᠤᠳᠠᠢ ᠭᠤᠤᠯᠳᠠᠯᠠᠭ᠎ᠠ ᠲᠠᠢ ᠲᠠᠯᠠᠪᠤᠷ ᠭᠠᠵᠠᠷ ᠲᠤ ᠵᠠᠷᠯᠠᠨ ᠮᠡᠳᠡᠭᠳᠡᠪᠡ᠃       ᠲᠠᠷᠡᠠᠭᠠᠴᠢ ᠶᠢᠨ ᠠᠯᠬᠤᠮ ᠳᠤ  ᠬᠤᠰᠢᠭᠤᠨ ᠤ ᠡᠷᠡᠬᠦᠯ ᠬᠠᠮᠠᠭᠠᠯᠠᠯ ᠡᠷᠡᠭᠦᠯ ᠮᠡᠨᠳᠦ ᠶᠢᠨ ᠶᠡᠷᠦᠩᠭᠡᠶᠢᠯᠡᠭᠰᠡᠨ ᠵᠠᠰᠠᠭ ᠵᠠᠬᠢᠷᠭᠠᠨ ᠤ ᠬᠠᠤᠯᠢ ᠬᠡᠷᠡᠭᠵᠢᠬᠦᠯᠬᠦ ᠶᠡᠭᠡ ᠠᠩᠭᠢ ᠨᠢ ᠭᠤᠤᠯᠳᠠᠯᠠᠭ᠎ᠠ ᠲᠠᠢ ᠬᠦᠮᠦᠰ ᠤᠨ ᠪᠠᠶᠢᠴᠠᠭᠠᠯᠳᠠ ᠬᠢᠬᠦ ᠶᠤᠰᠤᠳᠠᠢ ᠶᠢ ᠨᠢ ᠪᠦᠬᠦᠨ ᠢ ᠪᠠᠶᠢᠴᠠᠭᠠᠬᠤ ᠠᠵᠢᠯ ᠢ ᠴᠢᠩᠭ᠎ᠠ ᠵᠢᠷᠤᠮᠵᠢᠭᠤᠯᠵᠤ᠂ ᠬᠠᠤᠯᠢ ᠬᠡᠷᠡᠭᠵᠢᠬᠦᠯᠦᠯᠳᠡ ᠳᠤ ᠬᠢᠨᠠᠯᠳᠠ ᠲᠠᠯᠪᠢᠬᠤ ᠪᠠ ᠮᠡᠳᠡᠭᠳᠡᠵᠦ ᠰᠠᠨᠠᠭᠤᠯᠬᠤ ᠡᠷᠴᠢᠮ ᠵᠢᠴᠢ ᠲᠠᠪᠳᠠᠮᠵᠢ ᠣᠳᠠᠭ᠎ᠠ ᠪᠠᠨ ᠨᠡᠮᠡᠭᠳᠡᠭᠦᠯᠵᠦ᠂ ᠪᠠᠶᠢᠴᠠᠭᠠᠯᠳᠠ ᠬᠢᠬᠦ ᠶᠤᠰᠤᠳᠠᠢ  ᠶᠢ ᠨᠢ ᠪᠦᠬᠦᠨ ᠢ ᠪᠠᠶᠢᠴᠠᠭᠠᠬᠤ ᠠᠵᠢᠯ ᠢ ᠴᠢᠩᠭ᠎ᠠ ᠨᠠᠶᠢᠳᠠᠪᠤᠷᠢᠵᠢᠭᠤᠯᠵᠤ᠂ ᠠᠵᠢᠯ ᠢᠶᠠᠨ ᠬᠠᠶᠠᠵᠤ ᠲᠠᠯᠠᠪᠤᠷ ᠭᠠᠵᠠᠷ ᠠᠴᠠ ᠰᠠᠯᠬᠤ ᠬᠦᠮᠦᠰ ᠢ ᠲᠡᠷᠡ ᠲᠠᠷᠤᠢ ᠳᠤᠨᠢ ᠡᠷᠡᠬᠦᠯ ᠬᠠᠮᠠᠭᠠᠯᠠᠯ ᠡᠷᠡᠭᠦᠯ ᠮᠡᠨᠳᠦ ᠶᠢᠨ ᠶᠡᠷᠦᠩᠭᠡᠶᠢᠯᠡᠭᠰᠡᠨ ᠵᠠᠰᠠᠭ ᠵᠠᠬᠢᠷᠭᠠᠨ ᠤ ᠬᠠᠤᠯᠢ ᠬᠡᠷᠡᠭᠵᠢᠬᠦᠯᠬᠦ ᠶᠡᠭᠡ ᠠᠩᠭᠢ ᠳᠤ ᠮᠡᠳᠡᠭᠳᠡᠵᠦ᠂ ᠲᠤᠭᠳᠠᠭᠰᠠᠨ ᠴᠠᠭ ᠲᠤ ᠪᠦᠬᠡᠮ ᠬᠦᠴᠢᠯ ᠤᠨ ᠰᠢᠯᠭᠠᠨ ᠪᠠᠶᠢᠴᠠᠭᠠᠯᠳᠠ ᠬᠢᠬᠦ ᠦᠬᠡᠢ ᠲᠠᠯᠠᠪᠤᠷ ᠭᠠᠵᠠᠷ ᠪᠠ ᠬᠤᠪᠢ ᠬᠦᠮᠦᠨ ᠢ ᠡᠷᠡᠬᠦᠯ ᠬᠠᠮᠠᠭᠠᠯᠠᠯ ᠡᠷᠡᠭᠦᠯ ᠮᠡᠨᠳᠦ ᠶᠢᠨ ᠶᠡᠷᠦᠩᠭᠡᠶᠢᠯᠡᠭᠰᠡᠨ ᠵᠠᠰᠠᠭ ᠵᠠᠬᠢᠷᠭᠠᠨ ᠤ ᠬᠠᠤᠯᠢ ᠬᠡᠷᠡᠭᠵᠢᠬᠦᠯᠬᠦ ᠶᠡᠭᠡ ᠠᠩᠭᠢ ᠠᠴᠠ ᠴᠢᠩᠭ᠎ᠠ ᠰᠢᠳᠬᠡᠵᠦ ᠪᠠᠶᠢᠴᠠᠭᠠᠯᠳᠠ ᠬᠢᠬᠦ ᠶᠤᠰᠤᠳᠠᠢ ᠶᠢ  ᠨᠢᠬᠡ ᠶᠢ ᠴᠤ ᠤᠷᠬᠢᠭᠳᠠᠭᠤᠯᠬᠤ ᠦᠬᠡᠢ ᠪᠠᠶᠢᠬᠤ ᠶᠢ ᠦᠨᠡᠨ ᠬᠦ᠋ ᠪᠠᠳᠤᠯᠠᠬᠤ ᠶᠢ ᠱᠠᠭᠠᠷᠳᠠᠵᠠᠢ᠃
ᠢᠷᠡᠯᠲᠡ᠄ ᠤᠷᠠᠳ ᠤᠨ ᠡᠮᠦᠨᠡᠲᠦ ᠬᠤᠰᠢᠭᠤᠨ ᠤ ᠵᠠᠰᠠᠭ ᠤᠨ ᠣᠷᠳᠤᠨ ᠤ ᠮᠣᠩᠭᠤᠯ ᠰᠦᠯᠵᠢᠶ᠎ᠡ