ᠦᠷᠭᠦᠯᠵᠢ ᠠᠭᠤᠯᠠ ᠠᠪᠠᠷᠢᠬᠤ ᠨᠢ ᠵᠢᠷᠦᠭᠡᠨ ᠳᠤ ᠰᠠᠶᠢᠨ
ᠨᠡᠶᠢᠲᠡᠯᠡᠭᠰᠡᠨ ᠴᠠᠭ᠄
2022/5/13
     ᠠᠮᠧᠷᠢᠺᠠ ᠶᠢᠨ ︽ᠾᠧᠹᠧᠨᠲ᠋ᠤᠨ ᠰᠢᠤᠳᠠᠨ ᠰᠤᠨᠢᠨ︾ ᠳᠤ ᠮᠡᠳᠡᠬᠡᠯᠡᠭᠰᠡᠨ ᠢᠶᠠᠷ᠂ ᠦᠷᠬᠦᠯᠵᠢ ᠲᠠᠯᠠᠢ ᠶᠢᠨ ᠲᠦᠪᠰᠢᠨ ᠠᠴᠠ ᠦᠨᠳᠦᠷ ᠭᠠᠵᠠᠷ ᠤᠷᠤᠨ ᠢᠶᠠᠷ ᠲᠠᠮᠢᠷ ᠤᠨ ᠬᠦᠳᠡᠯᠬᠡᠬᠡᠨ ᠬᠢᠳᠡᠭ ᠬᠦᠮᠦᠨ ᠴᠢᠰᠤ ᠲᠤᠳᠠᠬᠳᠠᠬᠤ ᠵᠢᠷᠦᠬᠡᠨ ᠡᠪᠡᠳᠴᠢᠨ ᠳᠤ ᠨᠡᠷᠪᠡᠭᠳᠡᠬᠦ ᠨᠤᠷᠮ᠎ᠠ ᠬᠠᠷᠢᠴᠠᠩᠭᠤᠢ ᠲᠤᠤᠷ᠎ᠠ ᠪᠠᠶᠢᠳᠠᠭ᠃ ᠦᠨᠳᠦᠷ ᠡᠷᠬᠦᠭᠳᠡᠴᠡ ᠲᠠᠢ ᠭᠠᠵᠠᠷ ᠤᠷᠤᠨ ᠳᠤ ᠬᠦᠴᠢᠯᠳᠦ᠋ᠷᠦᠭᠴᠢ ᠶᠢᠨ ᠠᠭᠤᠯᠤᠬᠳᠠᠴᠠ ᠲᠤᠤᠷ᠎ᠠ ᠪᠠᠶᠢᠵᠤ᠂ ᠤᠨᠴᠠᠭᠠᠢ ᠭᠧᠨ ᠤ ᠠᠵᠢᠯᠯᠠᠭ᠎ᠠ ᠶᠢ ᠠᠬᠢᠭᠤᠯᠤᠨ ᠵᠢᠷᠦᠬᠡᠨ ᠪᠤᠯᠴᠢᠩ ᠤᠨ ᠠᠵᠢᠯᠯᠠᠭ᠎ᠠ ᠶᠢᠨ ᠬᠡᠯᠪᠡᠷᠢ ᠶᠢ ᠰᠠᠶᠢᠵᠢᠷᠠᠭᠤᠯᠤᠨ᠎ᠠ᠃ ᠡᠶᠢᠮᠦ ᠠᠴᠠ ᠲᠠᠯᠠᠢ ᠶᠢᠨ ᠲᠦᠪᠰᠢᠨ ᠠᠴᠠ ᠦᠨᠳᠦᠷ ᠡᠷᠬᠦᠭᠳᠡᠴᠡ ᠲᠠᠢ ᠭᠠᠵᠠᠷ ᠤᠷᠤᠨ ᠢᠶᠠᠷ ᠬᠦᠷᠴᠦ ᠠᠭᠤᠯᠠ ᠠᠪᠠᠷᠢᠪᠠᠯ ᠰᠢᠨ᠎ᠡ ᠰᠤᠷᠭᠤᠭ ᠠᠭᠤᠷ ᠠᠮᠢᠰᠬᠤᠯ ᠢ ᠠᠮᠢᠰᠬᠤᠵᠤ ᠰᠡᠳᠬᠢᠯ ᠤᠨ ᠲᠠᠷᠤᠭᠠᠰᠤ ᠶᠢ ᠬᠦᠩᠬᠡᠷᠡᠬᠦᠯᠬᠦ ᠪᠦᠬᠡᠳ ᠵᠢᠷᠦᠬᠡᠨ ᠲᠠᠮᠢᠷ ᠢ ᠰᠠᠶᠢᠵᠢᠷᠠᠭᠤᠯᠵᠤ᠂ ᠨᠦᠢᠷ ᠰᠠᠶᠢᠵᠢᠷᠠᠭᠤᠯᠬᠤ ᠦᠢᠯᠡᠳᠦᠯ ᠲᠠᠢ᠃
ᠢᠷᠡᠯᠲᠡ᠄ ᠲᠣᠲᠣᠷᠬᠠᠢ ᠦᠭᠡᠢ