ᠮ᠊ᠠᠨ ᠤ ᠤᠯᠤᠰ ᠲᠤ ᠵᠢᠯ ᠪᠦᠷᠢ ᠭᠡᠨᠡᠳᠲᠡ ᠦᠬᠦᠬᠦ ᠬᠥᠮᠦᠨ ᠤ ᠲᠤᠭ᠎ᠠ ᠪᠠᠷᠤᠭ 50 ᠲᠦᠮᠡ ᠪᠠᠶᠢᠵᠤ᠂ ᠡᠭᠦᠨ ᠤ ᠳᠤ ᠳᠣᠲᠣᠷᠠᠬᠢ 80 % ᠨᠢ ᠴᠥᠮ ᠭᠡᠷ | ᠪᠦᠯᠢ ᠪᠤᠶᠤ ᠣᠯᠠᠨ ᠨᠡᠶᠢᠳᠡ ᠶᠢᠨ ᠲᠠᠯᠠᠪᠤᠷ ᠲᠤ ᠡᠭᠦᠰᠳᠡᠭ᠃ ᠬᠡᠷᠪᠡ ᠴᠠᠭ ᠲᠤᠬᠠᠶ ᠳᠤᠨᠢ ᠵᠢᠷᠦᠬᠡ ᠠᠭᠤᠰᠬᠢᠨ ᠰᠡᠷᠭᠦᠭᠡᠯᠲᠡ ᠬᠢᠪᠡᠯ 35 % ~ 40 % ᠶᠢᠨ | ᠭᠡᠨᠡᠳᠲᠡ ᠦᠬᠦᠭᠰᠡᠳ ᠤᠨ ᠠᠮᠢ ᠨᠠᠰᠤ ᠶᠢ ᠠᠪᠤᠷᠠᠵᠤ ᠲᠠᠶᠢᠯᠤᠨ᠎ᠠ᠃ ᠵᠢᠷᠦᠬᠡ ᠠᠭᠤᠰᠬᠢ ᠶᠢ ᠰᠡᠷᠭᠦᠭᠡᠬᠦ ᠮᠡᠷᠭᠡᠵᠢᠯ ᠪᠣᠯ ᠳᠠᠷᠤᠶ ᠠᠮᠢ ᠠᠪᠤᠷᠠᠬᠤ ᠮᠡᠷᠭᠡᠵᠢᠯ ᠮᠥᠨ᠂ | ᠣᠯᠠᠨ ᠳᠤ ᠨᠠᠰᠤᠨ ᠳᠤ ᠬᠦᠷᠦᠭᠰᠡᠳ ᠤᠨ ᠵᠢᠷᠦᠬᠡ ᠠᠭᠤᠰᠬᠢ ᠶᠢ ᠰᠡᠷᠭᠦᠭᠡᠬᠦ ᠮᠡᠷᠭᠡᠵᠢᠯ ᠢ ᠲᠦᠭᠡᠮᠡᠯᠵᠢᠭᠦᠯᠬᠦ ᠠᠯᠬᠤᠮ ᠳᠠᠷᠠᠭ᠎ᠠ ᠪᠠ ᠠᠷᠭ᠎ᠠ ᠶᠢ ᠵᠢᠭᠠᠵᠤ ᠦᠭᠬᠦᠶ᠎ᠡ᠃ | 1. ᠡᠪᠡᠳᠴᠢᠲᠡᠨ ᠤ ᠮᠡᠳᠡᠷᠡᠮᠵᠢ ᠪᠠᠶᠢᠬᠤ ᠡᠰᠡᠭᠦ ᠶᠢ ᠮᠠᠭᠠᠳᠯᠠᠬᠤ ᠵᠠᠷᠢᠮ ᠬᠥᠮᠦᠨ ᠮᠠᠨᠠᠷᠠᠵᠤ ᠤᠨᠠᠭᠰᠠᠨ ᠢ ᠣᠯᠵᠤ ᠮᠡᠳᠡᠪᠡᠯ᠂ ᠡᠩ ᠲᠡᠷᠢᠭᠦᠨ ᠳᠤ | ᠡᠪᠡᠳᠴᠢᠲᠡᠨ ᠤ ᠮᠥᠷᠥ ᠶᠢ ᠬᠦᠴᠦᠲᠡᠶ ᠠᠯᠠᠭᠠᠳᠠᠬᠤ ᠶᠢᠨ ᠬᠠᠮᠲᠤ ᠶᠡᠭᠡ ᠳᠠᠭᠤᠨ ᠢᠶᠠᠷ᠄ ︽ᠲᠠ ᠶᠠᠭᠠᠬᠢᠭᠰᠠᠨ ᠪᠤᠢ᠂ ᠰᠡᠷᠡᠭᠡᠴᠢ︕ ᠬᠡᠷᠪᠡ ᠬᠠᠷᠢᠭᠤᠯᠲᠠ | ᠥᠭᠭᠦᠭᠰᠡᠨ ᠦᠭᠡᠢ ᠪᠣᠯ᠂ ᠡᠪᠡᠳᠴᠢᠲᠡᠨ ᠤ ᠬᠦᠵᠦᠭᠦᠨ ᠯᠤᠭᠰᠢᠭᠤᠨ ᠰᠤᠳᠠᠯ ᠢ ᠲᠡᠮᠲᠡᠷᠢᠵᠦ᠂ ᠯᠤᠭᠰᠢᠯᠲᠠ ᠪᠠᠶᠢᠬᠤ ᠡᠰᠡᠬᠦ ᠶᠢ ᠮᠡᠳᠡᠬᠦ ᠶᠢᠨ ᠬᠠᠮᠲᠤ᠂ | ᠡᠪᠡᠳᠴᠢᠲᠡᠨ ᠤ ᠪᠡᠶ᠎ᠡ ᠪᠠᠨ ᠳᠠᠭᠠᠭᠠᠵᠤ ᠠᠮᠢᠰᠬᠤᠵᠤ ᠪᠠᠶᠢᠬᠤ ᠡᠰᠡᠬᠦ ᠶᠢ ᠮᠡᠳᠡᠬᠦ ᠶᠢᠨ ᠬᠠᠮᠲᠤ ᠴᠡᠭᠡᠵᠢ ᠶᠢ ᠠᠵᠢᠭᠯᠠᠵᠤ᠂ ᠬᠡᠷᠪᠡ ᠯᠤᠭᠰᠢᠭᠤᠨ ᠰᠤᠳᠠᠯ ᠤᠨ | ᠯᠤᠭᠰᠢᠯᠲᠠ᠂ ᠠᠮᠢᠰᠬᠤᠯ ᠲᠠᠢ ᠪᠠᠶᠢᠬᠤ ᠡᠰᠡᠭᠦ᠂ ᠵᠢᠷᠦᠬᠡᠨ ᠴᠣᠬᠢᠯᠭ᠎ᠠ ᠶᠢ ᠰᠡᠷᠡᠵᠦ ᠣᠯᠬᠤ ᠦᠭᠡᠢ ᠪᠣᠯ᠂ ᠤᠬᠠᠭᠠᠨ ᠮᠡᠳᠡᠷᠡᠯ ᠠᠯᠳᠠᠭᠰᠠᠨ ᠪᠠᠶᠢᠳᠠᠯ ᠲᠠᠢ ᠭᠡᠵᠦ | ᠮᠠᠭᠠᠳᠯᠠᠪᠠᠯ᠂ ᠳᠠᠷᠤᠶ ᠲᠦᠷᠭᠡᠨ ᠵᠢᠷᠦᠬᠡ ᠠᠭᠤᠰᠬᠢᠨ ᠰᠡᠷᠭᠦᠭᠡᠯᠲᠡ ᠬᠢᠨ᠎ᠡ᠃ | 2. ᠴᠡᠭᠡᠵᠢᠨ ᠳᠡᠭᠡᠷ᠎ᠡ ᠳᠠᠷᠤᠬᠤ ᠪᠡᠯᠡᠳᠬᠡᠬᠦ ᠨᠢ᠄ ᠡᠪᠡᠳᠴᠢᠲᠡᠨ ᠢ ᠬᠠᠲᠠᠭᠤ ᠬᠠᠪᠲᠠᠰᠤᠨ ᠣᠷᠣ ᠪᠤᠶᠤ ᠭᠠᠵᠠᠷ ᠳᠡᠭᠡᠷ᠎ᠡ ᠲᠡᠭᠰᠢᠬᠡᠨ ᠲᠠᠯᠪᠢᠵᠤ᠂ ᠬᠤᠪᠴᠠᠰᠤ | ᠬᠤᠨᠠᠷ ᠢ ᠨᠢ ᠲᠠᠶᠢᠯᠤᠨ᠎ᠠ᠃ ᠳᠠᠷᠤᠬᠤ ᠬᠡᠰᠡᠭ᠄ ᠬᠤᠶᠠᠷ ᠬᠥᠬᠦᠨ ᠲᠣᠪᠴᠢ ᠶᠢᠨ ᠬᠤᠯᠪᠣᠬᠤ ᠱᠤᠭᠤᠮ ᠤᠨ ᠳᠤᠮᠳᠠ ᠴᠡᠭ᠃ ᠳᠠᠷᠤᠬᠤ ᠠᠷᠭ᠎ᠠ᠄ ᠳᠠᠪᠬᠤᠴᠠᠭᠤᠯᠤᠨ | ᠬᠥᠮᠥᠷᠢᠵᠦ᠂ ᠬᠤᠶᠠᠷ ᠭᠠᠷ ᠢᠶᠠᠨ ᠠᠰᠬᠠᠨ ᠰᠤᠩᠭᠠᠨ᠎ᠠ᠂ ᠲᠣᠬᠤᠢ ᠶᠢᠨ ᠦᠶ᠎ᠡ ᠮᠤᠷᠦ᠋ᠢᠵᠤ ᠪᠣᠯᠬᠤ ᠦᠭᠡᠢ᠂ ᠪᠡᠶ᠎ᠡ ᠶᠢᠨ ᠬᠦᠨᠳᠦ ᠶᠢᠨ ᠬᠦᠴᠦ ᠶᠢ ᠠᠰᠢᠭᠯᠠᠨ | ᠡᠭᠴᠡ ᠪᠠᠷ ᠳᠣᠷᠣᠭᠰᠢ ᠬᠦᠴᠦᠯᠡᠨ ᠳᠠᠷᠤᠨ᠎ᠠ᠃ ᠳᠠᠷᠤᠬᠤ ᠬᠡᠮᠵᠢᠶ᠎ᠡ᠄ ᠴᠡᠭᠡᠵᠢᠨ ᠶᠠᠰᠤᠨ ᠤ ᠬᠤᠲᠦ᠋ᠢᠭ᠌ᠰᠠᠨ ᠨᠢ ᠠᠳᠠᠭ ᠲᠤ ᠪᠠᠨ 5 c m᠂ ᠤᠳᠠᠭ᠎ᠠ ᠪᠦᠷᠢ | ᠳᠠᠷᠤᠭᠰᠠᠨ ᠤ ᠳᠠᠷᠠᠭ᠎ᠠ ᠴᠡᠭᠡᠵᠢᠨ ᠬᠡᠭᠦᠳᠡᠩ ᠢᠶᠠᠨ ᠭᠦᠢᠴᠡᠳ ᠰᠡᠷᠭᠦᠭᠡᠬᠦ ᠬᠡᠷᠡᠭᠲᠡᠢ᠂ ᠭᠡᠪᠡᠴᠦ ᠭᠠᠷ ᠤᠨ ᠠᠯᠠᠭ᠎ᠠ ᠶᠡᠷᠦ ᠨᠢ ᠳᠠᠷᠤᠬᠤ ᠬᠡᠰᠡᠭ ᠠᠴᠠ ᠰᠠᠯᠬᠤ ᠦᠭᠡᠢ᠃ | ᠳᠠᠷᠤᠬᠤ ᠪᠠ ᠰᠤᠯᠠᠳᠬᠠᠬᠤ ᠴᠠᠭ ᠨᠢ ᠶᠡᠭᠡ ᠲᠥᠯᠥᠪ ᠲᠡᠩᠴᠡᠭᠦᠤ ᠪᠠᠶᠢᠬᠤ ᠬᠡᠷᠡᠭᠲᠡᠶ᠃ ᠳᠠᠷᠤᠴᠠ ᠶᠢᠨ ᠳᠠᠪᠲᠠᠮᠵᠢ᠄ ᠮᠢᠨᠦ᠋ᠲ ᠪᠦᠷᠢ 100 — 120 | ᠤᠳᠠᠭ᠎ᠠ᠃ ᠬᠠᠷᠢᠴᠠᠯ᠄ 30 ᠤᠳᠠᠭ᠎ᠠ ᠴᠡᠭᠡᠵᠢᠨ ᠭᠠᠳᠠᠨ᠎ᠠ ᠠᠴᠠ ᠳᠠᠷᠤᠵᠤ᠂ 2 ᠤᠳᠠᠭ᠎ᠠ ᠬᠥᠮᠦᠨ ᠤ ᠬᠦᠴᠦ ᠪᠠᠷ ᠠᠮᠢᠰᠬᠤᠭᠤᠯᠬᠤ᠃ | 3. ᠠᠮᠢᠰᠬᠤᠯ ᠤᠨ ᠵᠠᠮ ᠢ ᠨᠡᠭᠡᠭᠡᠬᠦ ᠴᠡᠭᠡᠵᠢᠨ ᠳᠡᠭᠡᠷ᠎ᠡ ᠳᠠᠷᠤᠭᠰᠠᠨ ᠤ ᠳᠠᠷᠠᠭ᠎ᠠ᠂ ᠡᠪᠡᠳᠴᠢᠲᠡᠨ ᠪᠥᠭᠡᠯᠵᠢᠬᠦ ᠪᠠᠶᠢᠳᠠᠯ ᠭᠠᠷᠴᠤ ᠮᠡᠳᠡᠨ᠎ᠡ᠂ ᠡᠨᠡ ᠦᠶ᠎ᠡ ᠳᠤ | ᠡᠷᠬᠡᠪᠰᠢ ᠲᠣᠯᠣᠭᠠᠶ ᠪᠠᠨ ᠨᠢᠭᠡ ᠲᠡᠶᠢᠰᠢ ᠬᠠᠵᠠᠶᠢᠯᠭᠠᠵᠤ᠂ ᠠᠮᠠ ᠬᠠᠮᠠᠷ ᠤᠨ ᠬᠥᠨᠳᠡᠶ ᠶᠢᠨ ᠬᠠᠪᠴᠢᠭᠤᠯᠤᠭᠰᠠᠨ ᠡᠳ᠋ ᠢ ᠴᠡᠪᠡᠷᠯᠡᠨ ᠠᠷᠢᠯᠭᠠᠬᠤ ᠬᠡᠷᠡᠭᠲᠡᠶ᠃ ᠬᠡᠷᠪᠡ | ᠭᠡᠮᠲᠦᠬᠦ ᠦᠭᠡᠢ ᠪᠣᠯ᠂ ᠳᠡᠭᠡᠭᠰᠢ ᠬᠠᠨᠳᠤᠨ ᠡᠷᠡᠤ ᠶᠢ ᠡᠷᠭᠦᠬᠦ ᠠᠷᠭ᠎ᠠ ᠪᠠᠷ ᠠᠮᠢᠰᠬᠤᠯ ᠤᠨ ᠵᠠᠮ ᠢ ᠨᠡᠭᠡᠭᠡᠨ᠎ᠡ᠃ ᠬᠡᠷᠪᠡ ᠭᠡᠮᠲᠦᠪᠡᠯ ᠬᠤᠶᠠᠷ ᠭᠠᠷ ᠢᠶᠠᠷ ᠢᠶᠠᠨ ᠡᠷᠡᠤ ᠶᠢ | ᠲᠤᠯᠬᠤ ᠵᠠᠰᠠᠯ ᠬᠢᠨ᠎ᠡ᠃ | 4. ᠬᠥᠮᠦᠨ ᠤ ᠬᠦᠴᠦ ᠪᠠᠷ ᠠᠮᠢᠰᠬᠤᠭᠤᠯᠬᠤ ᠠᠮᠢᠰᠬᠤᠯ ᠤᠨ ᠵᠠᠮ ᠨᠡᠪᠲᠡᠷᠡᠭᠰᠡᠨ ᠤ ᠳᠠᠷᠠᠭ᠎ᠠ ᠳᠠᠷᠤᠶ ᠲᠦᠷᠭᠡᠨ ᠬᠥᠮᠦᠨ ᠤ ᠬᠦᠴᠦ ᠪᠠᠷ ᠠᠮᠢᠰᠬᠤᠭᠤᠯᠬᠤ | ᠬᠡᠷᠡᠭᠲᠡᠶ᠃ ᠡᠪᠡᠳᠴᠢᠲᠡᠨ ᠢ ᠳᠡᠭᠡᠭᠰᠢ ᠬᠠᠨᠳᠤᠭᠤᠯᠤᠨ ᠬᠡᠪᠲᠡᠭᠦᠯᠵᠦ᠂ ᠨᠢᠭᠡ ᠭᠠᠷ ᠢᠶᠠᠷ ᠢᠶᠠᠨ ᠳᠣᠣᠷᠠᠳᠤ ᠡᠷᠡᠤ ᠶᠢ ᠨᠢ ᠡᠷᠭᠦᠨ ᠲᠣᠯᠣᠭᠠᠶ ᠶᠢ ᠨᠢ ᠭᠡᠳᠡᠶᠢᠯᠭᠡᠵᠦ᠂ | ᠨᠥᠭᠦᠭᠡ ᠭᠠᠷ ᠢᠶᠠᠷ ᠢᠶᠠᠨ ᠬᠠᠮᠠᠷ ᠢ ᠨᠢ ᠴᠢᠮᠬᠢᠵᠦ ᠭᠠᠷ ᠤᠨ ᠠᠯᠠᠭᠠᠨ ᠤ ᠬᠥᠪᠡᠭᠡ ᠪᠠᠷ ᠮᠠᠩᠨᠠᠶ ᠶᠢ ᠨᠢ ᠳᠠᠷᠤᠵᠤ᠂ ᠠᠮᠢᠰᠬᠤᠭ᠎ᠠ ᠠᠪᠤᠭᠰᠠᠨ ᠤ ᠳᠠᠷᠠᠭ᠎ᠠ ᠡᠪᠡᠳᠴᠢᠨ ᠤ | ᠠᠮᠠᠨ ᠳᠣᠲᠣᠷ᠎ᠠ ᠬᠦᠴᠦᠲᠡᠶ ᠬᠡᠢ ᠦᠯᠢᠶᠡᠵᠦ᠂ ᠳᠠᠷᠠᠭ᠎ᠠ ᠨᠢ ᠬᠠᠮᠠᠷ ᠢ ᠨᠢ ᠲᠠᠯᠪᠢᠵᠤ᠂ ᠴᠡᠭᠡᠵᠢ ᠪᠠᠨ ᠠᠪᠴᠢᠵᠤ ᠠᠮᠢᠰᠬᠤᠭ᠎ᠠ ᠭᠠᠷᠭᠠᠨ᠎ᠠ᠃ ᠵᠠᠯᠭᠠᠭ᠎ᠠ ᠪᠠᠷ 2 | ᠤᠳᠠᠭ᠎ᠠ ᠬᠡᠢ ᠦᠯᠢᠶᠡᠵᠦ᠂ ᠤᠳᠠᠭ᠎ᠠ ᠪᠦᠷᠢ ᠴᠡᠭᠡᠵᠢᠨ ᠬᠡᠨᠭᠬᠦᠳᠡᠭ ᠢᠶᠠᠨ ᠲᠣᠳᠣᠷᠬᠠᠶ ᠣᠯᠵᠤ ᠦᠵᠡᠪᠡᠯ ᠰᠠᠶ᠋ᠢ ᠬᠦᠴᠦᠨ ᠲᠠᠢ ᠪᠣᠯᠤᠨ᠎ᠠ᠃ ᠡᠨᠡ ᠮᠡᠲᠦ ᠪᠠᠷ 5 | ᠤᠳᠠᠭ᠎ᠠ ᠳᠠᠪᠲᠠᠵᠤ᠂ ᠡᠪᠡᠳᠴᠢᠲᠡᠨ ᠤ ᠪᠠᠶᠢᠳᠠᠯ ᠢ ᠮᠠᠭᠠᠳᠯᠠᠨ᠎ᠠ᠂ ᠬᠡᠷᠪᠡ ᠰᠡᠷᠭᠦᠬᠦ ᠨᠢ ᠬᠦᠴᠦᠨ ᠦᠭᠡᠢ ᠪᠣᠯ ᠦᠷᠭᠦᠯᠵᠢᠯᠡᠨ ᠳᠠᠷᠤᠬᠤ ᠬᠡᠷᠡᠭᠲᠡᠶ᠃ ᠴᠡᠭᠡᠵᠢᠨ | ᠭᠠᠳᠠᠨᠠᠬᠢ ᠵᠢᠷᠦᠬᠡᠨ ᠳᠤ ᠳᠠᠷᠤᠯᠲᠠ ᠥᠭᠬᠦ ᠬᠦᠴᠦᠨ ᠪᠦᠬᠦᠢ ᠰᠢᠨᠵᠢ ᠲᠡᠮᠳᠡᠭ᠄ ᠡᠪᠡᠳᠴᠢᠲᠡᠨ ᠤ ᠬᠡᠤᠬᠡᠨ ᠬᠠᠷᠠᠭ᠎ᠠ ᠪᠠᠭᠠᠰᠬᠤ᠂ ᠪᠡᠶ᠎ᠡ ᠪᠠᠨ ᠳᠠᠭᠠᠭᠠᠨ | ᠠᠮᠢᠰᠬᠤᠯ ᠢᠶᠠᠨ ᠰᠡᠷᠭᠦᠭᠡᠬᠦ᠃ ᠵᠢᠷᠦᠬᠡ ᠠᠭᠤᠰᠬᠢᠨ ᠰᠡᠷᠭᠦᠭᠡᠯᠲᠡ ᠶᠢᠨ ᠴᠠᠭ ᠤᠨ ᠬᠢᠵᠠᠭᠠᠷ ᠨᠢ ᠮᠠᠰᠢ ᠴᠢᠬᠤᠯᠠ ᠪᠠᠶᠢᠵᠤ᠂ 4 ᠮᠢᠨᠦ᠋ᠲ ᠳᠣᠲᠣᠷ᠎ᠠ ᠪᠠᠷᠤᠭ 50 | % ᠶᠢᠨ ᠠᠮᠢᠳᠤᠷᠠᠬᠤ ᠨᠣᠷᠮ᠎ᠠ ᠲᠠᠢ ᠪᠠᠶᠢᠳᠠᠭ᠃ ᠡᠶᠢᠮᠦ ᠠᠴᠠ ᠣᠯᠠᠨ ᠨᠡᠶᠢᠳᠡ ᠶᠢᠨ ᠵᠢᠷᠦᠬᠡ ᠠᠭᠤᠰᠬᠢᠨ ᠰᠡᠷᠭᠦᠭᠡᠯᠲᠡ ᠶᠢᠨ ᠮᠡᠷᠭᠡᠵᠢᠯ ᠢ ᠡᠵᠡᠮᠰᠢᠬᠦ ᠨᠢ ᠵᠢᠷᠦᠬᠡ | ᠠᠭᠤᠰᠬᠢᠨ ᠰᠡᠷᠭᠦᠭᠡᠯᠲᠡ ᠶᠢᠨ ᠠᠮᠵᠢᠯᠲᠠ ᠣᠯᠬᠤ ᠨᠣᠷᠮ᠎ᠠ ᠶᠢᠨ ᠳᠡᠭᠡᠭᠰᠢᠯᠡᠭᠦᠯᠬᠦ ᠳᠤ ᠲᠦᠢᠯ ᠤᠨ ᠴᠢᠬᠤᠯᠠ ᠪᠠᠶᠢᠳᠠᠭ᠃ | | |