ᠶᠠᠮᠠᠷ ᠮᠠᠲ᠋ᠧᠷᠢᠶᠠᠯ ᠤᠨ ᠴᠣᠮᠣ ᠨᠢ ᠬᠥᠮᠦᠨ ᠤ ᠪᠡᠶ᠎ᠡ ᠳᠤ ᠬᠤᠤᠷᠲᠠᠶ ᠪᠣᠶ︖
ᠨᠡᠶᠢᠲᠡᠯᠡᠭᠰᠡᠨ ᠴᠠᠭ᠄
2022/5/13
     ᠬᠥᠮᠦᠨ ᠤ ᠪᠡᠶ᠎ᠡ ᠳᠤ ᠬᠤᠣᠷᠲᠠᠢ ᠴᠣᠮᠣ ᠶᠢ ᠬᠡᠯᠡᠪᠡᠯ᠂ ᠲᠠ ᠤᠷᠢᠳ ᠢᠶᠠᠷ ᠰᠦᠯᠢᠶᠣᠣ  ᠴᠣᠮᠣ ᠶᠢ ᠪᠤᠳᠤᠵᠤ ᠤᠯᠬᠤ ᠪᠠᠶᠢᠬ᠎ᠠ︖ ᠭᠡᠪᠡᠴᠦ ᠰᠦᠯᠢᠶᠣᠣ ᠶᠢᠨ ᠲᠦᠷᠦᠯ ᠵᠦᠢᠯ ᠮᠠᠰᠢ ᠤᠯᠠᠨ ᠪᠠᠶᠢᠨ᠎ᠠ᠂ ᠪᠤᠢ ᠪᠦᠬᠦᠢ ᠰᠦᠯᠢᠶᠣᠣ  ᠴᠣᠮᠣ ᠪᠦᠷ ᠬᠥᠮᠦᠨ ᠤ ᠪᠡᠶ᠎ᠡ ᠳᠤ ᠬᠤᠣᠷᠲᠠᠢ ᠪᠢᠰᠢ᠃               ᠣᠯᠠᠩᠬᠢ ᠰᠦᠯᠢᠶᠣᠣ ᠴᠣᠮᠣ ᠨᠢ ᠶᠡᠭᠡ ᠬᠠᠯᠠᠭᠤᠨ ᠳᠤ ᠲᠡᠰᠪᠦᠷᠢ ᠦᠭᠡᠢ᠂ ᠵᠢᠱᠢᠶᠡᠯᠡᠪᠡᠯ ᠪᠥᠭᠡᠭᠡᠨᠡᠷᠡᠯ ᠹᠧᠨᠢᠯ ᠡᠲ᠋ᠧᠨ ᠪᠥᠭᠡᠭᠡᠨᠡᠷᠡᠯ ᠹᠧᠨᠢᠯ ᠬᠤᠶᠠᠷ ᠮᠧᠲ᠋ᠢᠯᠲᠦ ᠬᠦᠴᠢᠯ ᠤᠨ ᠡᠲ᠋ᠢᠯ ᠬᠤᠶᠠᠷᠴᠢ ᠡᠰᠲ᠋ᠧᠷ ᠵᠡᠷᠭᠡ ᠪᠣᠯᠤᠨ᠎ᠠ᠂ ᠳᠡᠭᠡᠷᠡᠬᠢ ᠮᠠᠲ᠋ᠧᠷᠢᠶᠠᠯ ᠢᠶᠠᠷ ᠬᠢᠭᠰᠡᠨ ᠰᠦᠯᠢᠶᠣᠣ ᠴᠣᠮᠣᠨ ᠳᠤ ᠬᠠᠯᠠᠭᠤᠨ ᠤᠮᠳᠠᠭᠠᠨ ᠰᠠᠪᠠᠯᠠᠪᠠᠯ᠂ ᠹᠧᠨᠢᠯ ᠡᠲ᠋ᠧᠨ ᠤ ᠲᠠᠩ ᠪᠡᠶ᠎ᠡ  ᠵᠡᠷᠭᠡ ᠬᠤᠣᠷᠲᠤ ᠪᠣᠳᠠᠰ ᠡᠭᠦᠰᠦᠨ᠎ᠡ᠃ ᠭᠡᠪᠡᠴᠦ ᠡᠮ ᠤᠨ ᠬᠡᠮᠵᠢᠶ᠎ᠡ ᠶᠢ ᠲᠠᠶᠠᠭᠳᠠᠵᠤ ᠬᠤᠣᠷᠲᠤ ᠴᠢᠨᠠᠷ ᠤᠨ  ᠲᠤᠬᠠᠢ  ᠶᠠᠷᠢᠬᠤ ᠨᠢ  ᠪᠠᠰᠠ ᠰᠢᠨᠵᠢᠯᠡᠬᠦ ᠤᠬᠠᠭᠠᠨᠴᠢ ᠪᠢᠰᠢ ᠶᠤᠮ᠂ ᠹᠧᠨᠢᠯ ᠡᠲ᠋ᠧᠨ ᠤ ᠳᠠᠩ ᠪᠡᠶ᠎ᠡ ᠶᠢᠨ ᠰᠢᠯᠵᠢᠬᠦ ᠬᠡᠮᠵᠢᠶ᠎ᠡ ᠨᠢ ᠭᠤᠣᠯᠳᠠᠭᠤ ᠬᠦᠷᠦᠯᠴᠡᠭᠰᠡᠨ ᠳᠤᠯᠠᠭᠠᠨ ᠤ ᠬᠡᠮᠵᠢᠶ᠎ᠡ᠂ ᠤᠮᠳᠠᠭᠠᠨ ᠳᠣᠲᠣᠷᠠᠬᠢ ᠥᠭᠡᠬᠦᠯᠢᠭ  ᠡᠳ᠋ ᠤᠨ ᠠᠭᠤᠯᠤᠭᠳᠠᠴᠠ ᠶᠢᠨ ᠶᠡᠭᠡ ᠪᠠᠭ᠎ᠠ  ᠵᠢᠴᠢ  ᠤᠮᠳᠠᠭᠠᠨ  ᠰᠠᠪᠠᠯᠠᠬᠰᠠᠨ ᠴᠠᠭ ᠢᠶᠠᠷ ᠲᠤᠭᠲᠠᠭᠠᠭᠳᠠᠨ᠎ᠠ᠃                     ᠹᠧᠨᠢᠯ ᠡᠲ᠋ᠧᠨ ᠤ ᠳᠠᠩ ᠪᠡᠶ᠎ᠡ ᠶᠢᠨ ᠰᠢᠯᠵᠢᠬᠦ ᠬᠡᠮᠵᠢᠶ᠎ᠡ ᠨᠢ ᠶᠡᠷᠦ ᠳᠡᠭᠡᠨ ᠲᠡᠭᠦᠨ ᠤ ᠠᠭᠤᠯᠤᠭᠳᠠᠴᠠ ᠶᠢᠨ 0 . 025% ᠠᠴᠠ ᠬᠡᠲᠦᠷᠡᠬᠦ ᠦᠭᠡᠢ ᠶᠤᠮ᠂ ᠬᠡᠷᠪᠡ ᠨᠢᠭᠡ ᠡᠳᠦᠷ  ᠵᠠᠭᠤᠨ  ᠴᠣᠮᠣ  ᠬᠠᠯᠠᠭᠤᠨ  ᠤᠮᠳᠠᠭᠠᠨ  ᠤᠤᠭᠤᠬᠤ  ᠦᠭᠡᠢ  ᠪᠣᠯ ᠬᠥᠮᠦᠨ ᠤ ᠪᠡᠶ᠎ᠡ ᠳᠤ ᠨᠥᠯᠥᠭᠡ ᠪᠣᠯᠬᠤ ᠦᠭᠡᠢ ᠶᠤᠮ᠃                ᠴᠠᠭᠠᠷᠢᠭ ᠬᠦᠴᠢᠯᠲᠥ᠋ᠷᠥᠭᠴᠢᠲᠦ ᠳᠠᠪᠠᠷᠬᠠᠢ ᠪᠠᠷ ᠦᠢᠯᠡᠳᠦᠭᠰᠡᠨ ᠰᠠᠨᠰᠠᠷ ᠤᠨ ᠴᠣᠮᠣ ᠨᠢ ᠶᠡᠭᠡ ᠬᠠᠯᠠᠭᠤᠨ  ᠪᠤᠶᠤ ᠭᠡᠷᠡᠯ ᠤᠨ ᠲᠣᠰᠣᠯᠳᠠ ᠳᠣᠣᠷ᠎ᠠ ᠲᠡᠭᠦᠨ ᠤ ᠳᠠᠩ ᠪᠡᠶ᠎ᠡ ᠶᠢᠨ  ᠬᠤᠣᠰ  ᠹᠧᠨᠣᠯ  A ᠶᠢ ᠡᠭᠦᠰᠭᠡᠳᠡᠭ᠂ ᠡᠨᠡ ᠨᠢ ᠬᠥᠮᠦᠨ ‍ᠤ‌‍ᠪᠡᠶ᠎ᠡ ᠳᠤ ᠬᠤᠣᠷᠲᠠᠢ᠂ ᠡᠶᠢᠮᠦ ᠠᠴᠠ ᠤᠳᠤ ᠣᠯᠠᠩᠬᠢ ᠰᠦᠨ ᠤ ᠯᠣᠩᠬᠤ ᠨᠢ ᠴᠠᠭᠠᠷᠢᠭ   ᠬᠦᠴᠢᠯᠲᠥ᠋ᠷᠥᠭᠴᠢᠲᠦ  ᠳᠠᠪᠠᠷᠬᠠᠢ ᠵᠢᠨ‌ᠮᠠᠲ᠋ᠧᠷᠢᠶᠠᠯ ᠢ ᠬᠡᠷᠡᠭᠯᠡᠬᠦ ᠦᠭᠡᠢ ᠪᠣᠯᠵᠠᠶ᠃                 ᠪᠠᠰᠠ ᠵᠠᠷᠢᠮ ᠬᠥᠮᠦᠨ ᠭᠠᠭᠴᠠ ᠤᠳᠠᠭ᠎ᠠ ᠬᠡᠷᠡᠭᠯᠡᠬᠦ ᠴᠠᠭᠠᠰᠤᠨ ᠴᠣᠮᠣ ᠨᠢ ᠬᠥᠮᠦᠨ ᠤ ᠪᠡᠶ᠎ᠡ ᠳᠤ ᠬᠤᠣᠷᠲᠠᠢ  ᠭᠡᠵᠦ ᠦᠵᠡᠳᠡᠭ᠂ ᠦᠨᠡᠨ ᠳ᠋ᠡᠭᠡᠨ‌ᠭᠠᠭᠴᠠ ᠤᠳᠠᠭ᠎ᠠ ᠬᠡᠷᠡᠭᠯᠡᠬᠦ ᠴᠠᠭᠠᠰᠤᠨ ᠴᠣᠮᠣ ᠳᠤ  ᠤᠳᠠᠭᠠᠨ  ᠰᠠᠪᠠᠯᠠᠬᠤ ᠦᠭᠡᠶ᠂ ᠬᠡᠲᠦᠷᠬᠡᠶ ᠬᠠᠯᠠᠭᠤᠨ ᠤᠮᠳᠠᠭᠠᠨ ᠢ ᠰᠠᠪᠠᠯᠠᠬᠤ ᠦᠭᠡᠶ ᠪᠣᠯ ᠲᠡᠶᠢᠮᠦ ᠶᠡᠭᠡ ᠠᠰᠠᠭᠤᠳᠠᠯ ᠭᠠᠷᠬᠤ ᠦᠭᠡᠶ  ᠶᠤᠮ᠃                   ᠲᠡᠭᠡᠪᠡᠯ ᠵᠢᠪᠡᠷᠡᠬᠦ ᠦᠭᠡᠢ ᠪᠣᠯᠣᠳ ᠴᠣᠮᠣ ᠶᠢᠨ ᠬᠦᠨᠳᠦ ᠲᠡᠮᠦᠷᠯᠢᠭ ᠪᠠᠷᠢᠮᠵᠢᠶ᠎ᠠ ᠠᠴᠠ ᠬᠡᠲᠦᠷᠡᠬᠦ ᠦᠦ︖ ᠵᠢᠪᠡᠷᠡᠬᠦ ᠦᠭᠡᠢ ᠪᠤᠯᠤᠳ ᠴᠣᠮᠣ ᠶᠢ ᠵᠢᠪᠡᠷᠡᠬᠦ ᠠᠴᠠ ᠰᠡᠷᠭᠡᠶᠢᠯᠡᠬᠦ ᠶᠢᠨ ᠲᠤᠯᠠᠲᠠ 10 % ᠠᠴᠠ ᠳᠡᠭᠡᠭᠰᠢᠬᠢ ᠨᠢᠺᠤᠯ᠂  ᠮᠠᠩᠭᠠᠨ᠂ ᠾᠷᠣᠮ ᠡᠯᠧᠮᠧᠨ᠋ᠲ ᠢ ᠨᠡᠮᠡᠭᠡᠳ ᠳᠣᠣᠷ᠎ᠠ ᠨᠡᠭᠦᠷᠡᠰᠦᠲᠥ᠋ᠷᠥᠭᠴᠢᠲᠦ ᠪᠤᠯᠤᠳ ᠢ ᠪᠤᠢ ᠪᠤᠯᠭᠠᠳᠠᠭ᠂  ᠭᠡᠪᠡᠴᠦ ᠡᠳᠡᠭᠡᠷ ᠡᠯᠧᠮᠧᠨ᠋ᠲ ᠨᠢ‌‍ᠬᠥ᠋ᠮᠦᠨ ᠤ ᠪᠡᠶ᠎ᠡ ᠳᠤ ᠴᠥᠮ ᠬᠤᠣᠷ ᠲᠠᠢ᠃ ᠲᠡᠭᠡᠪᠡᠯ ᠵᠢᠪᠡᠷᠡᠬᠦ ᠦᠭᠡᠢ ᠪᠤᠯᠤᠳ  ᠴᠣᠮᠣ ᠨᠢ ᠴᠦ ᠬᠤᠣᠷ ᠲᠠᠢ  ᠦᠦ︖  ᠴᠢᠨᠠᠷ ᠰᠠᠶᠢᠲᠠᠢ ᠵᠢᠪᠡᠷᠡᠬᠦ ᠤᠢᠭᠡᠢ ᠪᠤᠯᠤᠤᠠ ᠴᠣᠮᠣ ᠪᠣᠯ  ᠴᠥᠮ ᠤᠯᠤᠰ ᠤᠨ ᠲᠣᠭᠲᠠᠭᠠᠯ ᠳᠤ ᠨᠡᠶᠢᠴᠡᠵᠦ ᠪᠠᠶᠢᠨ᠎ᠠ᠂ ᠾᠷᠣᠮ ‍ᠤᠨ‌‍ᠰᠢᠯᠵᠢᠬᠦ ᠬᠡᠮᠵᠢᠶ᠎ᠡ ᠨᠢ 04 ᠮᠢᠯᠢᠭᠷᠡᠮ /  ᠺᠦᠸᠠᠳ᠋ ᠮᠧᠲᠷ ᠠᠴᠠ ᠬᠡᠲᠦᠷᠡᠬᠦ ᠤᠢᠭᠡᠢ ᠪᠣᠯ ᠤᠷᠳᠦ ᠬᠤᠭᠤᠴᠠᠭ᠎ᠠ ᠪᠠᠷ ᠬᠦᠴᠢᠯᠯᠢᠭ ᠣᠷᠴᠢᠨ ᠲᠣᠭᠤᠷᠢᠨ ᠳᠤ  ᠪᠠᠶᠢᠯ᠎ᠠ ᠴᠤ ᠭᠡᠰᠡᠨ ᠾᠷᠣᠮ ᠤᠨ ᠢᠶᠣᠨ ᠤ ᠰᠢᠯᠵᠢᠬᠦ  ᠬᠡᠮᠵᠢᠶ᠎ᠡ  ᠨᠢ  ᠪᠠᠷᠢᠮᠵᠢᠶ᠎ᠠ ᠠᠴᠠ ᠬᠡᠲᠦᠷᠡᠬᠦ ᠤᠢᠭᠡᠢ ᠶᠤᠮ᠃                     ᠱᠠᠭᠠᠵᠠᠩ ᠴᠣᠮᠣ  ᠪᠤᠶᠤ ᠰᠢᠯ  ᠴᠣᠮᠣ  ᠬᠡᠷᠡᠭᠯᠡᠬᠦ ᠶᠢ  ᠰᠠᠨᠠᠭᠠᠴᠢᠯᠠᠨ᠎ᠠ᠂ ᠡᠨᠡ ᠬᠤᠶᠠᠷ  ᠵᠦᠢᠯ  ᠤᠨ  ᠴᠣᠮᠣ ᠦᠨᠳᠦᠰᠦᠨ ᠳᠡᠭᠡᠨ ᠬᠤᠤᠷᠲᠤ ᠪᠣᠳᠠᠰ ᠣᠷᠣᠰᠢᠬᠤ ᠦᠭᠡᠢ᠃       
ᠢᠷᠡᠯᠲᠡ᠄ ᠤᠷᠠᠳ ᠤᠨ ᠡᠮᠦᠨᠡᠲᠦ ᠬᠤᠰᠢᠭᠤᠨ ᠤ ᠵᠠᠰᠠᠭ ᠤᠨ ᠣᠷᠳᠤᠨ ᠤ ᠮᠣᠩᠭᠤᠯ ᠰᠦᠯᠵᠢᠶ᠎ᠡ