ᠰᠢᠨᠵᠢᠯᠡᠬᠦ ᠤᠬᠠᠭᠠᠨᠴᠢᠯᠠᠯ ᠢᠶᠠᠷ ᠰᠠᠭᠠᠯᠢ ᠶᠢᠨ ᠦᠨᠢᠶ᠎ᠡ ᠲᠡᠵᠢᠭᠡᠵᠦ  ᠰᠦ ᠶᠢᠨ ᠦᠢᠯᠡᠰ ᠤᠨ ᠬᠦᠭᠵᠢᠯᠲᠡ ᠶᠢ ᠲᠦᠷᠭᠡᠳᠭᠡᠨ᠎ᠡ
ᠨᠡᠶᠢᠲᠡᠯᠡᠭᠰᠡᠨ ᠴᠠᠭ᠄
2022/5/13
     ᠤᠷᠠᠳ ᠤᠨ ᠡᠮᠦᠨᠡᠲᠦ ᠬᠤᠰᠢᠭᠤᠨ ᠤ ᠶᠡᠭᠡ ᠰᠢᠭᠡᠲᠡᠢ ᠪᠠᠯᠭᠠᠰᠤᠨ ᠤ ᠥᠪᠥᠷ ᠮᠣᠩᠭᠤᠯ ᠤᠨ ᠯᠦᠩ ᠬᠤᠸᠠ ᠶᠢᠨ ᠶᠤᠸᠠᠨ ᠲᠠᠷᠢᠶᠠᠯᠠᠩ ᠮᠠᠯ ᠠᠵᠤ ᠠᠬᠤᠢ ᠶᠢᠨ ᠬᠢᠵᠠᠭᠠᠷᠲᠤ ᠬᠠᠷᠢᠭᠤᠴᠠᠯᠭᠠᠲᠤ ᠺᠣᠮᠫᠠᠨᠢ ᠶᠢᠨ ᠰᠦ ᠰᠠᠭᠠᠬᠤ ᠶᠡᠭᠡ ᠲᠢᠩᠬᠢᠮ ᠳᠤ᠂ ᠰᠠᠭᠠᠯᠢ ᠶᠢᠨ ᠦᠨᠢᠶ᠎ᠡ ᠶᠢᠨ ᠰᠦᠷᠦᠭ ᠢ ᠪᠦᠷᠢᠨ ᠠᠦ᠋ᠲ᠋ᠣ᠋ ᠡᠷᠭᠢᠭᠦᠯᠭᠡᠲᠦ ᠰᠦ ᠰᠠᠭᠠᠬᠤ ᠮᠠᠰᠢᠨ ᠳᠤ ᠡᠮᠬᠢ ᠵᠢᠷᠤᠮ ᠲᠠᠢ ᠪᠠᠷ ᠣᠷᠤᠭᠤᠯᠵᠤ᠂ ᠦᠨᠢᠶᠡᠨ ᠰᠦ ᠶᠢ ᠪᠢᠲᠡᠭᠦᠮᠵᠢᠯᠡᠭᠰᠡᠨ ᠬᠤᠭᠤᠯᠠᠢ ᠪᠠᠷ ᠲᠠᠰᠤᠷᠠᠯᠲᠠ ᠦᠭᠡᠢ ᠰᠠᠭᠠᠯᠢ ᠶᠢᠨ ᠰᠠᠪᠠᠨ ᠳᠤ ᠬᠦᠷᠭᠡᠵᠦ᠂ ᠬᠠᠳᠠᠭᠠᠯᠠᠵᠤ ᠬᠥᠷᠥᠭᠡᠭᠰᠡᠨ ᠤ ᠳᠠᠷᠠᠭ᠎ᠠ ᠰᠦ ᠰᠠᠪᠠᠯᠠᠬᠤ ᠲᠡᠷᠭᠡᠨ ᠳᠤ  ᠰᠠᠪᠠᠯᠠᠭᠠᠳ᠂ ᠪᠠᠺᠲ᠋ᠧᠷᠢ ᠦᠭᠡᠢ ᠪᠢᠲᠡᠭᠦᠮᠵᠢᠯᠡᠬᠦ ᠪᠥᠬᠦ ᠶᠠᠪᠤᠴᠠ ᠶᠢ  ᠪᠡᠶᠡᠯᠡᠭᠦᠯᠦᠭᠰᠡᠨ ᠪᠠᠶᠢᠨ᠎ᠠ᠃

隆华金源2.jpg

隆华金源3.jpg

隆华金源1.jpg

     ᠺᠣᠮᠫᠠᠨᠢ ᠶᠢᠨ ᠰᠠᠭᠠᠯᠢ ᠶᠢᠨ ᠦᠨᠢᠶ᠎ᠡ ᠲᠡᠵᠢᠭᠡᠨ ᠦᠷᠡᠵᠢᠭᠦᠯᠬᠦ ᠬᠦᠷᠢᠶᠡᠯᠡᠩ ᠳᠤ᠂ ᠦᠬᠡᠷ ᠨᠢᠭᠡᠪᠦᠷᠢ ᠳᠤ ᠴᠥᠮ ᠲᠣᠭᠠᠨ ᠤ ᠳ᠋ᠤᠭᠠᠷ ᠲᠠᠢ ︽ᠴᠢᠬᠢᠨ ᠬᠠᠳᠠᠭᠠᠰᠤ

︾ ᠪᠠ ︽ᠬᠦᠵᠦᠭᠦᠪᠴᠢ︾  ᠵᠡᠭᠦᠯᠭᠡᠵᠦ ᠪᠣᠶ᠂ ᠲᠠᠨᠢᠯᠴᠠᠭᠤᠯᠤᠭᠰᠠᠨ ᠢᠶᠠᠷ᠂ ᠡᠨᠡ ᠪᠣᠯ ᠰᠠᠭᠠᠯᠢ ᠶᠢᠨ ᠦᠨᠢᠶ᠎ᠡ ᠶᠢᠨ ᠪᠡᠶ᠎ᠡ ᠳᠡᠭᠡᠨ ᠠᠪᠴᠤ ᠶᠠᠪᠤᠭ᠎ᠠ ︽ᠡᠷᠡᠭᠦᠯ

ᠮᠡᠨᠳᠦ ᠶᠢᠨ ᠬᠠᠮᠢᠶᠠᠷᠤᠯᠲᠠ ᠶᠢᠨ ᠲᠤᠰᠬᠠᠢ ᠮᠡᠷᠭᠡᠵᠢᠯᠲᠡᠨ︾ ᠮᠥᠨ᠂ ᠲᠡᠷᠢᠭᠦᠨ ᠤ ᠡᠷᠡᠭᠦᠯ ᠮᠡᠨᠳᠦ ᠶᠢᠨ ᠬᠠᠮᠢᠶᠠᠷᠤᠯᠲᠠ ᠶᠢᠨ ᠰᠢᠰᠲ᠋ᠧᠮ ᠢᠶᠠᠷ ᠳᠠᠮᠵᠢᠭᠤᠯᠤᠨ᠂

ᠣᠳᠣᠬᠢᠴᠢᠯᠠᠭᠰᠠᠨ ᠰᠠᠭᠠᠯᠢ ᠶᠢᠨ ᠦᠨᠢᠶ᠎ᠡ ᠲᠡᠵᠢᠭᠡᠨ ᠦᠷᠡᠵᠢᠭᠦᠯᠬᠦ ᠶᠢ ᠨᠠᠩ ᠡᠷᠡᠭᠦᠯ ᠪᠥᠭᠡᠳ ᠥᠨᠳᠥᠷ ᠪᠦᠲᠦᠮᠵᠢᠲᠡᠶ ᠪᠣᠯᠭᠠᠵᠠᠢ᠃

     ᠺᠣᠮᠫᠠᠨᠢ ᠶᠢᠨ ᠬᠠᠷᠢᠭᠤᠴᠠᠯᠭᠠᠲᠠᠨ ᠶᠣᠣ ᠰᠢᠨ ᠢᠦᠢ ᠰᠤᠷᠪᠤᠯᠵᠢᠯᠠᠭᠴᠢ ᠳᠤ ᠬᠡᠯᠡᠬᠦ ᠳᠡᠭᠡᠨ᠂ ᠦᠬᠡᠷ ᠲᠡᠵᠢᠭᠡᠬᠦ ᠳᠤ ᠲᠤᠰᠬᠠᠶᠢᠵᠢᠭᠰᠠᠨ᠂ ᠰᠢᠨᠵᠢᠯᠡᠬᠦ

ᠤᠬᠠᠭᠠᠨᠴᠢᠯᠠᠭᠰᠠᠨ ᠬᠠᠮᠢᠶᠠᠷᠤᠯᠲᠠ ᠲᠤᠲᠠᠭᠳᠠᠵᠤ ᠪᠣᠯᠣᠰᠢ ᠦᠭᠡᠢ ᠶᠤᠮ ᠭᠡᠵᠡᠢ᠃ ᠣᠳᠣᠬᠠᠨ ᠳᠤ ᠦᠬᠡᠷ ᠤᠨ ᠬᠦᠵᠦᠭᠦᠨ ᠳᠤ ᠵᠡᠭᠦᠭᠰᠡᠨ ᠣᠶᠤᠨᠲᠤ ᠬᠦᠵᠦᠭᠦᠨ ᠤ

ᠴᠠᠭᠠᠷᠢᠭ ᠨᠢ ᠨᠢᠭᠡᠨᠲᠡ ᠭᠤᠷᠪᠠᠳᠤᠭᠠᠷ ᠦᠶ᠎ᠡ ᠶᠢᠨ ᠬᠢ ᠪᠣᠯᠤᠭᠰᠠᠨ ᠲᠤᠯᠠ ᠰᠦ ᠶᠢᠨ ᠬᠡᠮᠵᠢᠶ᠎ᠡ ᠶᠢ ᠬᠢᠨᠠᠨ ᠡᠵᠡᠮᠳᠡᠬᠦ᠂ ᠬᠡᠪᠢᠬᠦ ᠬᠡᠮᠵᠢᠶ᠎ᠡ ᠶᠢ ᠬᠢᠨᠠᠨ ᠡᠵᠡᠮᠳᠡᠬᠦ᠂

ᠬᠥᠳᠡᠯᠭᠡᠭᠡᠨ ᠤ ᠬᠡᠮᠵᠢᠶ᠎ᠡ ᠶᠢ ᠬᠢᠨᠠᠨ ᠡᠵᠡᠮᠳᠡᠬᠦ ᠪᠠ ᠲᠠᠶᠢᠪᠤᠩ ᠬᠡᠪᠲᠡᠬᠦ ᠴᠠᠭ ᠢ ᠬᠢᠨᠠᠨ ᠡᠵᠡᠮᠳᠡᠬᠦ ᠵᠡᠷᠭᠡ ᠶᠢ ᠪᠡᠶᠡᠯᠡᠭᠦᠯᠵᠦ ᠴᠢᠳᠠᠨ᠎ᠠ᠃

隆华金源4.jpg

     ᠡᠨᠡ ᠬᠦ ᠬᠢᠨᠠᠨ ᠡᠵᠡᠮᠳᠡᠬᠦ ᠰᠢᠰᠲ᠋ᠧᠮ ᠲᠠᠢ ᠪᠣᠯᠤᠭᠰᠠᠨ ᠶᠣᠣ ᠰᠢᠨ ᠢᠦᠢ ᠡᠳᠦᠷ ᠪᠦᠷᠢ ᠺᠣᠮᠫᠢᠦ᠋ᠲ᠋ᠧᠷ ᠤᠨ ᠡᠮᠦᠨ᠎ᠡ ᠰᠠᠭᠤᠭᠠᠳ ᠡᠭᠡᠯᠵᠢ ᠪᠦᠷᠢ ᠶᠢᠨ

ᠦᠨᠢᠶ᠎ᠡ ᠶᠢ ᠰᠠᠭᠠᠬᠤ ᠬᠡᠮᠵᠢᠶ᠎ᠡ ᠶᠢ ᠬᠢᠨᠠᠨ ᠡᠵᠡᠮᠳᠡᠵᠦ᠂ ᠰᠠᠭᠠᠯᠢ ᠶᠢᠨ ᠦᠨᠢᠶ᠎ᠡ ᠶᠢᠨ ᠣᠷᠤᠭ᠎ᠠ ᠣᠷᠣᠬᠤ ᠡᠰᠡᠬᠦ ᠶᠢ ᠮᠠᠭᠠᠳᠯᠠᠵᠤ᠂ ᠰᠠᠭᠠᠯᠢ ᠶᠢᠨ ᠦᠨᠢᠶ᠎ᠡ ᠶᠢ ᠴᠠᠭ

ᠲᠤᠬᠠᠢ ᠳᠤᠨᠢ ᠬᠡᠭᠡᠯᠲᠦᠭᠦᠯᠬᠦ ᠶᠢ ᠪᠠᠲᠤᠯᠠᠬᠤ ᠪᠠᠷ ᠪᠠᠷᠠᠬᠤ ᠦᠭᠡᠢ᠂ ᠪᠠᠰᠠ ᠰᠠᠭᠠᠯᠢ ᠶᠢᠨ ᠦᠨᠢᠶ᠎ᠡ ᠶᠢᠨ ᠠᠮᠠᠷᠠᠬᠤ ᠴᠠᠭ ᠭᠦᠢᠴᠡᠳ ᠡᠰᠡᠬᠦ ᠶᠢ ᠮᠠᠭᠠᠳᠯᠠᠵᠤ ᠪᠣᠯᠣᠨ᠎ᠠ᠃

ᠡᠨᠡ ᠬᠦ ᠡᠷᠡᠭᠦᠯ ᠮᠡᠨᠳᠦ ᠶᠢᠨ ᠬᠠᠮᠢᠶᠠᠷᠤᠯᠲᠠ ᠶᠢᠨ ᠰᠢᠰᠲ᠋ᠧᠮ ᠨᠢ ᠬᠥᠮᠥᠨ ᠤ ᠬᠦᠴᠦᠨ ᠤ ᠥᠪᠡᠷ ᠤᠨ ᠥᠷᠲᠡᠭ ᠢ ᠪᠠᠭᠠᠰᠬᠠᠭᠰᠠᠨ ᠢᠶᠠᠷ ᠪᠠᠷᠠᠬᠤ ᠦᠭᠡᠢ᠂

ᠰᠠᠭᠠᠯᠢ ᠶᠢᠨ ᠦᠨᠢᠶ᠎ᠡ ᠨᠢᠭᠡᠪᠦᠷᠢ ᠶᠢᠨ ᠰᠦ ᠶᠢᠨ ᠭᠠᠷᠤᠯᠲᠠ ᠶᠢᠨ ᠦᠷ᠎ᠡ ᠠᠰᠢᠭ ᠢ ᠴᠤ ᠬᠠᠮᠤᠭ ᠤᠨ ᠶᠡᠭᠡ ᠬᠡᠮᠵᠢᠶᠡᠨ ᠳᠤ ᠬᠦᠷᠭᠡᠭᠰᠡᠨ ᠪᠠᠶᠢᠨ᠎ᠠ᠃

隆华金源5.jpg

隆华金源6.jpg

     ᠣᠶᠢᠯᠠᠭᠠᠭᠰᠠᠨ ᠢᠶᠠᠷ᠂ ᠥᠪᠥᠷ ᠮᠣᠩᠭᠤᠯ ᠤᠨ ᠯᠦᠩ ᠬᠤᠸᠠ ᠶᠢᠨ ᠶᠤᠸᠠᠨ ᠲᠠᠷᠢᠶᠠᠯᠠᠩ ᠮᠠᠯ ᠠᠵᠤ ᠠᠬᠤᠢ ᠶᠢᠨ ᠬᠢᠵᠠᠭᠠᠷᠲᠤ ᠬᠠᠷᠢᠭᠤᠴᠠᠯᠭᠠᠲᠤ ᠺᠣᠮᠫᠠᠨᠢ

2017 ᠣᠨ ᠤ 9 ᠰᠠᠷ᠎ᠠ ᠳᠤ ᠪᠠᠶᠢᠭᠤᠯᠤᠭᠳᠠᠵᠤ᠂ ᠭᠤᠣᠯ ᠡᠵᠡᠩᠨᠡᠯᠲᠡ ᠶᠢᠨ ᠬᠡᠪᠴᠢᠶ᠎ᠡ ᠨᠢ ᠰᠠᠭᠠᠯᠢ ᠶᠢᠨ ᠦᠨᠢᠶ᠎ᠡ᠂ ᠠᠯᠠᠰᠢᠨ ᠦᠬᠡᠷ ᠲᠡᠵᠢᠭᠡᠨ ᠦᠷᠡᠵᠢᠭᠦᠯᠬᠦ᠂

ᠦᠨᠢᠶᠡᠨ ᠰᠦ ᠪᠣᠷᠣᠯᠠᠭᠤᠯᠬᠤ ᠪᠠ ᠲᠠᠷᠢᠮᠠᠯ ᠤᠨ ᠵᠦᠢᠯ ᠳᠠᠷᠢᠬᠤ ᠪᠣᠯᠣᠨ᠎ᠠ᠃ ᠮᠦᠨᠴᠦ ᠮᠧᠩ ᠨᠢᠦ ᠺᠣᠮᠫᠠᠨᠢ ᠶᠢᠨ ᠲᠣᠭᠲᠠᠭᠰᠠᠨ ᠴᠡᠭ ᠲᠤ ᠰᠦ ᠬᠠᠩᠭᠠᠬᠤ

ᠪᠠᠷᠢᠮᠵᠢᠶᠠᠵᠢᠭᠤᠯᠤᠭᠰᠠᠨ ᠮᠠᠯᠵᠢᠯ ᠤᠨ ᠲᠠᠯᠠᠪᠠᠶ᠂ ᠲᠡᠷᠢᠭᠦᠨ ᠰᠦ ᠶᠢᠨ ᠴᠢᠨᠠᠷ ᠰᠠᠶᠢᠲᠠᠢ ᠬᠠᠩᠭᠠᠯᠭ᠎ᠠ  ᠶᠢᠨ ᠰᠠᠭᠤᠷᠢᠨ ᠭᠠᠵᠠᠷ ᠪᠣᠯᠣᠨ᠎ᠠ᠃ ᠺᠣᠮᠫᠠᠨᠢ ᠨᠢ 240 ᠮᠦ

ᠭᠠᠵᠠᠷ ᠡᠵᠡᠯᠡᠵᠦ᠂ ᠪᠠᠷᠢᠯᠭ᠎ᠠ ᠶᠢᠨ ᠲᠠᠯᠠᠪᠠᠶ ᠨᠢ 3 ᠲᠦᠮᠡᠨ ᠲᠡᠭᠰᠢ ᠳᠥᠷᠪᠡᠯᠵᠢᠨ ᠮᠧᠲᠷ ᠪᠠᠶᠢᠵᠤ᠂ ᠣᠲᠣ ᠪᠥᠬᠦ ᠰᠦᠷᠦᠭ ᠦᠬᠡᠷ ᠨᠢ ᠨᠡᠶᠢᠲᠡ 2300 ᠣᠷᠴᠢᠮ

ᠪᠠᠶᠢᠨ᠎ᠠ᠃ ᠺᠣᠮᠫᠠᠨᠢ ᠪᠠᠶᠢᠭᠤᠯᠤᠭᠳᠠᠭᠰᠠᠨ ᠠᠴᠠ ᠨᠠᠰᠢ᠂ ︽ᠪᠠᠷᠢᠮᠵᠢᠶᠠᠵᠢᠭᠰᠠᠨ᠂ ᠰᠢᠨᠵᠢᠯᠡᠬᠦ ᠤᠬᠠᠭᠠᠨᠴᠢᠯᠠᠭᠰᠠᠨ᠂ ᠵᠢᠷᠤᠮᠵᠢᠭᠤᠯᠤᠭᠰᠠᠨ᠂ ᠳᠠᠭᠠᠳᠬᠠᠯᠴᠢᠯᠠᠭᠰᠠᠨ︾

ᠬᠠᠮᠢᠶᠠᠷᠤᠯᠲᠠ ᠶᠢᠨ ᠵᠠᠭᠪᠤᠷ  ᠢ ᠪᠥᠬᠦ ᠲᠠᠯ᠎ᠠ ᠪᠠᠷ ᠬᠡᠷᠡᠭᠵᠢᠭᠦᠯᠵᠦ᠂ ᠠᠷᠠᠴᠢᠯᠠᠵᠤ ᠲᠡᠵᠢᠭᠡᠬᠦ ᠬᠠᠮᠢᠶᠠᠷᠤᠯᠲᠠ ᠳᠤ ᠴᠥᠮ ᠦᠢᠯᠡᠳᠦᠯᠭᠡ ᠶᠢᠨ ᠲᠤᠷᠰᠢᠯᠭ᠎ᠠ ᠲᠠᠢ ᠬᠥᠮᠥᠰ 

 ᠢ ᠰᠣᠩᠭᠤᠨ ᠬᠡᠷᠡᠭᠯᠡᠵᠦ᠂ ᠰᠢᠨᠵᠢᠯᠡᠬᠦ ᠤᠬᠠᠭᠠᠨᠴᠢ ᠪᠠᠷ ᠬᠠᠮᠢᠶᠠᠷᠴᠤ᠂ ᠰᠢᠨᠵᠢᠯᠡᠬᠦ ᠤᠬᠠᠭᠠᠨᠴᠢ ᠪᠠᠷ ᠠᠷᠠᠴᠢᠯᠠᠵᠤ ᠲᠡᠵᠢᠭᠡᠬᠦ ᠶᠢ ᠪᠡᠶᠡᠯᠡᠭᠦᠯᠪᠡ᠃

     ︽ᠪᠢᠳᠡ ᠡᠨᠡ ᠵᠢᠯ 6400 ᠮᠧᠲᠷ ᠤᠨ ᠪᠢᠲᠡᠭᠦᠮᠵᠢᠯᠡᠭᠰᠡᠨ ᠦᠬᠡᠷ ᠤᠨ ᠬᠠᠰᠢᠶ᠎ᠠ ᠶᠢ ᠰᠢᠨ᠎ᠡ ᠪᠠᠷ ᠪᠠᠶᠢᠭᠤᠯᠬᠤ ᠪᠠᠷ ᠲᠥᠯᠥᠪᠯᠡᠵᠦ ᠪᠠᠶᠢᠨ᠎ᠠ᠂ ᠪᠠᠰᠠ ᠡᠪᠡᠰᠦ

ᠪᠣᠷᠳᠣᠭᠠᠨ ᠤ ᠬᠥᠮᠥᠷᠭᠡ ᠶᠢ ᠰᠢᠨ᠎ᠡ ᠪᠠᠷ ᠪᠠᠶᠢᠭᠤᠯᠬᠤ ᠪᠠᠷ ᠪᠠᠶᠢᠨ᠎ᠠ᠂ ᠡᠭᠦᠨ ᠤ ᠬᠠᠮᠲᠤ᠂ ᠮᠠᠨ ᠤ ᠣᠲᠣ ᠶᠢᠨ ᠡᠨᠡ ᠦᠢᠯᠡᠳᠪᠦᠷᠢ ᠪᠠᠷ ᠭᠤᠣᠯ ᠴᠣᠭᠴᠠ ᠪᠣᠯᠭᠠᠵᠤ᠂

ᠡᠷᠳᠡᠨᠢᠪᠤᠯᠠᠭ ᠰᠤᠮᠤᠨ ᠳᠤ ᠲᠦᠮᠡᠨ ᠦᠨᠢᠶ᠎ᠡ ᠲᠡᠵᠢᠭᠡᠨ ᠦᠷᠡᠵᠢᠭᠦᠯᠬᠦ ᠰᠠᠭᠤᠷᠢᠨ ᠭᠠᠵᠠᠷ ᠪᠠᠶᠢᠭᠤᠯᠤᠨ᠎ᠠ᠂ ᠣᠲᠣ ᠰᠠᠭᠠᠯᠢ ᠶᠢᠨ ᠦᠨᠢᠶ᠎ᠡ 650  ᠪᠠᠶᠢᠵᠤ᠂ 

ᠦᠨᠢᠶ᠎ᠡ ᠪᠦᠷᠢ ᠠᠴᠠ ᠳᠤᠮᠳᠠᠴᠢ ᠪᠠᠷ ᠡᠳᠦᠷ ᠲᠤ 35 ᠺᠢᠯᠣᠭ᠍ᠷᠠᠮ ᠣᠷᠴᠢᠮ ᠰᠦ ᠭᠠᠷᠤᠨ᠎ᠠ᠂ ᠪᠥᠬᠦ ᠡᠳᠦᠷ ᠲᠤ ᠨᠡᠶᠢᠲᠡ 22 ᠲᠣᠨ ᠰᠦ ᠭᠠᠷᠤᠨ᠎ᠠ᠃

ᠵᠢᠱᠢᠯᠲᠡ ᠪᠠᠷ 2023 ᠣᠨ ᠤ ᠡᠬᠢᠨ ᠳᠤ ᠬᠦᠷᠬᠦ ᠳᠤ᠂ ᠪᠥᠬᠦ ᠦᠢᠯᠡᠳᠪᠦᠷᠢ ᠶᠢᠨ ᠰᠠᠭᠠᠯᠢ ᠶᠢᠨ ᠦᠨᠢᠶ᠎ᠡ 800 ᠬᠦᠷᠴᠦ᠂ ᠡᠳᠦᠷ ᠪᠦᠷᠢ ᠶᠢᠨ  ᠰᠦ ᠶᠢᠨ

ᠭᠠᠷᠤᠯᠲᠠ 40 ᠲᠣᠨ ᠣᠷᠴᠢᠮ ᠳᠤ ᠬᠦᠷᠦᠨ᠎ᠡ ︾  ᠭᠡᠵᠦ ᠺᠣᠮᠫᠠᠨᠢ ᠶᠢᠨ ᠢᠷᠡᠭᠡᠳᠦᠢ ᠶᠢᠨ ᠬᠥᠭᠵᠢᠯᠲᠡ ᠶᠢᠨ ᠲᠤᠬᠠᠢ ᠶᠠᠷᠢᠬᠤ ᠳᠤ ᠶᠣᠣ ᠰᠢᠨ ᠢᠦᠢ ᠢᠲᠡᠭᠡᠯ

ᠳᠦᠭᠦᠷᠡᠩ ᠪᠠᠶᠢᠯ᠎ᠠ᠃

隆华金源7.jpg

 

ᠢᠷᠡᠯᠲᠡ᠄ ᠤᠷᠠᠳ ᠤᠨ ᠡᠮᠦᠨᠡᠲᠦ ᠬᠤᠰᠢᠭᠤᠨ ᠤ ᠵᠠᠰᠠᠭ ᠤᠨ ᠣᠷᠳᠤᠨ ᠤ ᠮᠣᠩᠭᠤᠯ ᠰᠦᠯᠵᠢᠶ᠎ᠡ