ᠰᠠᠭᠠᠳᠠᠭ ᠰᠤᠮᠤ᠄ ᠨᠢᠭᠡᠳᠦᠮᠡᠯ ᠹᠷᠣᠨᠲ ᠤᠨ ᠰᠤᠷᠤᠯᠴᠠᠯᠭ᠎ᠠ ᠶᠢ ᠴᠢᠩᠭᠠᠳᠬᠠᠵᠤ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ  ᠴᠣᠭᠴᠠ ᠶᠢᠨ ᠤᠬᠠᠮᠰᠠᠷ ᠢ ᠪᠠᠬᠢᠵᠢᠬᠦᠯᠵᠦ ᠪᠠᠶᠢᠨ᠎ᠠ
ᠨᠡᠶᠢᠲᠡᠯᠡᠭᠰᠡᠨ ᠴᠠᠭ᠄
2022/5/16
    ᠶᠡᠷᠦᠩᠬᠡᠶ ᠱᠦᠵᠢ ᠰᠢ ᠶᠢᠨ ᠫᠢᠩ ᠤᠨ ᠦᠨᠳᠦᠰᠦᠲᠡᠨ ᠤ ᠠᠵᠢᠯ ᠢ ᠴᠢᠩᠭᠠᠳᠬᠠᠨ ᠰᠠᠶᠢᠵᠢᠷᠠᠭᠤᠯᠬᠤ ᠲᠤᠬᠠᠶ ᠴᠢᠬᠤᠯᠠ ᠦᠵᠡᠯ ᠰᠠᠨᠠᠭ᠎ᠠ ᠶᠢ ᠭᠦᠨᠵᠡᠭᠡᠶ ᠰᠤᠷᠤᠯᠴᠠᠨ ᠲᠤᠭᠤᠰᠢᠯᠠᠭᠤᠯᠬᠤ ᠶᠢᠨ ᠲᠥᠯᠥᠭᠡ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠴᠣᠭᠴᠠᠯᠠᠵᠤ᠂ ᠤᠳᠤᠷᠢᠳᠬᠤ ᠺᠠᠳ᠋ᠷᠴᠤᠳ ᠤᠨ ᠨᠢᠭᠡᠳᠦᠮᠡᠯ ᠹᠷᠣᠨᠲ ᠤᠨ ᠤᠨᠤᠯ ᠤᠨ ᠬᠢᠷᠢ ᠬᠡᠮᠵᠢᠶ᠎ᠡ ᠪᠠ ᠲᠤᠰᠢᠶᠠᠯ ᠬᠠᠷᠢᠭᠤᠴᠠᠯᠭ᠎ᠠ ᠪᠠᠨ ᠭᠦᠢᠴᠡᠳᠬᠡᠬᠦ ᠴᠢᠳᠠᠪᠤᠷᠢ ᠶᠢ ᠤᠯᠠᠮ ᠨᠢᠭᠡ ᠠᠯᠬᠤᠮ ᠳᠡᠭᠡᠭᠰᠢᠯᠡᠬᠦᠯᠦᠨ᠂ ᠨᠢᠭᠡᠳᠦᠮᠡᠯ ᠹᠷᠣᠨᠲ ᠤᠨ ᠰᠢᠯᠢᠳᠡᠭ ᠤᠯᠠᠮᠵᠢᠯᠠᠯ ᠢ ᠵᠠᠯᠭᠠᠮᠵᠢᠯᠠᠨ  ᠪᠠᠳᠠᠷᠠᠭᠤᠯᠬᠤ ᠶᠢᠨ ᠲᠦᠯᠦᠭᠡ᠂ ᠰᠠᠭᠠᠳᠠᠭ ᠰᠤᠮᠤ ᠣᠶᠢᠷ᠎ᠠ ᠶᠢᠨ ᠡᠳᠦᠷ᠂ ᠤᠷᠢᠳ ᠬᠤᠵᠢᠳ 3 ᠤᠳᠠᠭ᠎ᠠ ᠪᠦᠬᠦ ᠤᠳᠤᠷᠢᠳᠬᠤ ᠺᠠᠳ᠋ᠷ ᠢ ᠵᠣᠬᠢᠶᠠᠨ ᠪᠠᠶᠢᠭᠤᠯᠵᠤ ᠲᠥᠪᠯᠡᠷᠡᠭᠦᠯᠦᠨ  ᠰᠣᠷᠣᠯᠴᠠᠪᠠ᠃
沙德格.jpg
    ᠰᠣᠷᠣᠯᠴᠠᠯᠭ᠎ᠠ ᠳᠤ᠂ ᠪᠦᠬᠦ ᠰᠣᠮᠣᠨ ᠤ ᠺᠠᠳ᠋ᠷ ᠠᠵᠢᠯᠲᠠᠳ ᠲᠤ ᠰᠢᠨ᠎ᠡ ᠴᠠᠭ ᠦᠶ᠎ᠡ ᠶᠢᠨ ᠨᠢᠭᠡᠳᠦᠮᠡᠯ ᠹᠷᠣᠨᠲ ᠤᠨ ᠪᠠᠶᠢᠷᠢ ᠰᠠᠭᠤᠷᠢ ᠪᠠ ᠦᠢᠯᠡᠳᠦᠯ ᠢ ᠭᠦᠨᠵᠡᠭᠡᠶ ᠡᠵᠡᠮᠰᠢᠨ ᠨᠢᠭᠡᠳᠦᠮᠡᠯ ᠹᠷᠣᠨᠲ ᠤᠨ ᠠᠵᠢᠯ ᠳᠠᠬᠢ ᠨᠠᠮ ᠤᠨ ᠲᠥᠪᠯᠡᠷᠡᠩᠭᠦᠢ ᠨᠢᠭᠡᠳᠦᠯᠲᠡᠢ ᠤᠳᠤᠷᠢᠳᠤᠯᠭ᠎ᠠ ᠶᠢ ᠴᠢᠩᠭᠠᠳᠬᠠᠵᠤ᠂ ᠡᠯ᠎ᠡ ᠬᠦᠷᠢᠶᠡᠨ ᠳᠠᠬᠢ ᠨᠢᠭᠡᠳᠦᠮᠡᠯ ᠹᠷᠣᠨᠲ ᠤᠨ ᠠᠵᠢᠯ ᠤᠨ ᠭᠤᠣᠯ ᠡᠭᠦᠷᠭᠡ ᠪᠠ ᠬᠦᠴᠦᠯᠡᠬᠦ ᠭᠤᠣᠯᠳᠠᠯᠭ᠎ᠠ ᠵᠡᠷᠭᠡ ᠲᠠᠯ᠎ᠠ ᠶᠢ ᠭᠦᠨᠵᠡᠭᠡᠢ ᠡᠵᠡᠮᠰᠢᠬᠦ ᠶᠢ ᠱᠠᠭᠠᠷᠳᠠᠬᠤ ᠶᠢᠨ ᠬᠠᠮᠲᠣ ᠪᠠᠰᠠ ᠰᠢᠨ᠎ᠡ ᠪᠠᠷ ᠵᠠᠰᠠᠪᠤᠷᠢ ᠣᠷᠣᠭᠤᠯᠤᠭᠰᠠᠨ ︽ᠳᠤᠮᠳᠠᠳᠤ ᠤᠯᠤᠰ ᠤᠨ ᠡᠪ ᠬᠠᠮᠲᠤ ᠨᠠᠮ ᠤᠨ ᠨᠢᠭᠡᠳᠦᠮᠡᠯ ᠹᠷᠣᠨᠲ ᠤᠨ ᠠᠵᠢᠯ ᠤᠨ ᠳᠦᠷᠢᠮ︾᠂ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢ ᠠᠬᠢᠭᠤᠯᠬᠤ ᠲᠦᠷᠢᠮ︾᠂ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠨᠡᠶᠢᠳᠡᠮ ᠬᠡᠷᠡᠭᠯᠡᠬᠦ ᠦᠭᠡ ᠬᠡᠯᠡ ᠦᠰᠦᠭ ᠪᠢᠴᠢᠭ ᠤᠨ ᠬᠠᠤᠯᠢ︾ ᠵᠡᠷᠭᠡ ᠬᠠᠤᠯᠢ ᠲᠣᠭᠲᠠᠭᠠᠯ᠂ ᠠᠷᠭ᠎ᠠ ᠳᠤ ᠪᠥᠬᠦ ᠲᠠᠯ᠎ᠠ ᠪᠠᠷ ᠲᠠᠶᠢᠯᠤᠮᠵᠢ ᠬᠢᠪᠠ᠃    ᠨᠢᠭᠡᠳᠦᠮᠡᠯ ᠹᠷᠣᠨᠲ ᠪᠣᠯ ᠳᠤᠮᠳᠠᠳᠤ ᠤᠯᠤᠰ ᠤᠨ ᠡᠪ ᠬᠠᠮᠲᠤ ᠨᠠᠮ ᠤᠨ ᠬᠥᠮᠦᠰ ᠤᠨ ᠰᠡᠳᠬᠢᠯ ᠢ ᠨᠢᠭᠲᠠᠷᠠᠭᠤᠯᠬᠤ᠂ ᠬᠦᠴᠦᠨ ᠴᠢᠳᠠᠯ ᠢ ᠨᠢᠭᠲᠠᠷᠠᠭᠤᠯᠬᠤ ᠤᠯᠤᠰ ᠲᠦᠷᠦ ᠶᠢᠨ ᠳᠠᠪᠠᠭᠤᠯᠢᠭ ᠪᠠ ᠪᠠᠶᠢᠯᠳᠤᠬᠤ ᠪᠤᠳᠤᠯᠭ᠎ᠠ ᠶᠢᠨ ᠴᠢᠭᠯᠡᠯᠲᠡ ᠮᠥᠨ᠂  ᠪᠠᠰᠠ ᠴᠣ᠋ ᠴᠢᠨᠡᠭᠡᠯᠢᠭ ᠨᠡᠶᠢᠭᠡᠮ ᠢ ᠪᠦᠬᠦ ᠲᠠᠯ᠎ᠠ ᠪᠠᠷ ᠪᠠᠶᠢᠭᠤᠯᠤᠨ ᠪᠦᠲᠦᠭᠡᠬᠦ᠂ ᠨᠡᠶᠢᠭᠡᠮ ᠵᠢᠷᠤᠮ ᠤᠨ ᠣᠳᠣᠬᠢᠴᠢᠯᠠᠯᠲᠠ ᠶᠢ ᠠᠬᠢᠭᠤᠯᠬᠤ᠂ ᠳᠤᠮᠳᠠᠳᠤ ᠶᠢᠨ ᠦᠨᠳᠦᠰᠦᠲᠡᠨ ᠤ ᠠᠭᠤᠤ ᠶᠡᠭᠡ ᠰᠡᠷᠭᠦᠨ ᠮᠠᠨᠳᠤᠯᠲᠠ ᠶᠢᠨ ᠳᠤᠮᠳᠠᠳᠤ ᠤᠯᠤᠰ ᠤᠨ ᠵᠡᠭᠦᠳᠦ ᠶᠢ ᠪᠡᠶᠡᠯᠡᠭᠦᠯᠬᠦ ᠶᠢᠨ ᠴᠢᠬᠤᠯᠠ ᠡᠷᠳᠡᠨᠢ ᠮᠥᠨ᠃ ᠰᠠᠭᠠᠳᠠᠭ ᠰᠣᠮᠣ ᠶᠢᠨ ᠬᠢᠨ ᠲᠤᠬᠠᠢ ᠶᠢᠨ ᠭᠠᠵᠠᠷ ᠤᠨ ᠪᠣᠳᠠᠲᠠᠢ ᠪᠠᠶᠢᠳᠠᠯ ᠲᠠᠢ  ᠪᠠᠨ ᠤᠶᠠᠯᠳᠤᠭᠤᠯᠤᠨ᠂ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢᠨ ᠠᠵᠢᠯ  ᠢ ᠴᠢᠬᠤᠯᠠᠴᠢᠯᠠᠵᠤ᠂ ᠨᠠᠮ ‍ᠤᠨ‌ᠦᠨᠳᠦᠰᠦᠲᠡᠨ ᠤ ᠲᠥᠷᠥ ᠶᠢᠨ ᠪᠣᠳᠣᠯᠭ᠎ᠠ ᠶᠢ ᠴᠢᠩᠭ᠎ᠠ ᠬᠡᠷᠡᠭᠵᠢᠭᠦᠯᠵᠦ᠂ ᠦᠨᠳᠦᠰᠦᠲᠡᠨ ᠤ ᠪᠦᠯᠬᠦᠮᠳᠡᠯ ᠤᠨ ᠠᠵᠢᠯ ᠤᠨ ᠯᠠᠪᠳᠠᠭᠤᠨ ᠢᠶᠠᠷ ᠠᠬᠢᠭᠤᠯᠤᠨ᠂ ᠨᠢᠭᠡᠳᠦᠮᠡᠯ ᠹᠷᠣᠨᠲ ᠤᠨ ᠠᠵᠢᠯ ᠤᠨ ᠪᠠᠶᠢᠷᠢ ᠶᠢᠨ ︽ᠶᠡᠭᠡ ᠲᠠᠪᠴᠠᠩ︾ ᠢ ᠢᠮᠠᠭᠲᠠ ᠰᠠᠶᠢᠲᠤᠷ ᠰᠠᠬᠢᠵᠤ᠂ ᠭᠤᠣᠯ ᠠᠵᠢᠯ ᠤᠨ ᠲᠣᠭᠤᠷᠢᠨ ᠳᠤ᠂ ᠶᠡᠭᠡ ᠲᠠᠯ᠎ᠠ ᠳᠤ ᠦᠢᠯᠡᠴᠢᠯᠡᠬᠦ ᠳᠤᠮᠳᠠ ᠣᠷᠣᠨ ᠪᠠᠶᠢᠷᠢ ᠲᠠᠢ ᠪᠠᠶᠢᠵᠤ᠂ ᠨᠢᠭᠡᠳᠦᠮᠡᠯ ᠹᠷᠣᠨᠲ ᠤᠨ ᠤᠬᠠᠭᠤᠯᠭ᠎ᠠ᠂ ᠨᠡᠶᠢᠭᠡᠮ ᠤᠨ ᠦᠢᠯᠡᠴᠢᠯᠡᠭᠡ᠂ ᠲᠦᠷᠦᠯ ᠲᠡᠮᠳᠡᠭ ᠢ ᠡᠭᠦᠳᠦᠨ ᠪᠠᠶᠢᠭᠤᠯᠬᠤ ᠵᠡᠷᠭᠡ ᠠᠵᠢᠯ  ᠢᠶᠠᠷ ᠰᠢᠨ᠎ᠡ ᠶᠢ ᠡᠭᠦᠳᠦᠨ ᠥᠷᠨᠢᠭᠦᠯᠵᠦ᠂ ᠠᠭᠤᠤ ᠶᠡᠭᠡ ᠬᠦᠰᠡᠯ ᠵᠡᠭᠦᠳᠦ ᠶᠢ ᠪᠡᠶᠡᠯᠡᠭᠦᠯᠬᠦ ᠳᠤ ᠪᠦᠯᠬᠦᠮᠳᠡᠯ ᠲᠠᠢ᠂ ᠤᠷᠮᠠᠰᠢᠨ ᠵᠣᠷᠢᠭᠵᠢᠭᠰᠠᠨ᠂ ᠬᠥᠭᠵᠢᠶᠡᠨᠲᠡᠢ ᠰᠠᠶᠢᠨ ᠰᠠᠶᠢᠬᠠᠨ ᠠᠭᠤᠷ ᠠᠮᠢᠰᠬᠤᠯ ᠢ ᠡᠬᠦᠳᠴᠦ ᠪᠣᠢ᠃
ᠢᠷᠡᠯᠲᠡ᠄ ᠤᠷᠠᠳ ᠤᠨ ᠡᠮᠦᠨᠡᠲᠦ ᠬᠤᠰᠢᠭᠤᠨ ᠤ ᠵᠠᠰᠠᠭ ᠤᠨ ᠣᠷᠳᠤᠨ ᠤ ᠮᠣᠩᠭᠤᠯ ᠰᠦᠯᠵᠢᠶ᠎ᠡ