ᠪᠠᠶᠠᠨᠬᠤᠸᠠ ᠪᠠᠯᠭᠠᠰᠤ ᠠᠶᠤᠯᠭᠦᠶ ᠦᠢᠯᠡᠳᠪᠦᠷᠢᠯᠡᠯ ᠤᠨ ᠶᠡᠭᠡ ᠰᠤᠷᠤᠯᠴᠠᠯᠭ᠎ᠠ ᠥᠷᠨᠢᠭᠦᠯᠪᠡ
ᠨᠡᠶᠢᠲᠡᠯᠡᠭᠰᠡᠨ ᠴᠠᠭ᠄
2022/5/16
    ᠠᠶᠤᠯᠭᠦᠶ ᠦᠢᠯᠡᠳᠪᠦᠷᠢᠯᠡᠯ ᠤᠨ ᠠᠵᠢᠯ ᠢ ᠴᠢᠩᠭᠠᠳᠬᠠᠨ᠂ ᠦᠢᠯᠡᠳᠪᠦᠷᠢᠯᠡᠯ ᠤᠨ ᠠᠮᠤᠷ ᠲᠦᠪᠰᠢᠨ ᠤ ᠠᠳᠡᠯ ᠢ ᠰᠡᠷᠭᠡᠶᠢᠯᠡᠨ ᠪᠠᠭᠠᠰᠬᠠᠵᠤ᠂ ᠤᠳᠤᠷᠢᠳᠬᠤ ᠺᠠᠳ᠋ᠷ ᠤᠨ ᠠᠶᠤᠯᠭᠦᠶ ᠦᠢᠯᠡᠳᠪᠦᠷᠢᠯᠡᠯ ᠤᠨ ᠤᠬᠠᠮᠰᠠᠷ ᠢ  ᠳᠡᠭᠡᠭᠰᠢᠯᠡᠬᠦᠯᠦᠨ᠂ ᠰᠢᠨ᠎ᠡ ︽ᠠᠶᠤᠯᠭᠦᠶ ᠦᠢᠯᠡᠳᠪᠦᠷᠢᠯᠡᠯ ᠤᠨ ᠬᠠᠤᠯᠢ︾ ᠶᠢ ᠭᠦᠨᠵᠡᠭᠡᠶ ᠲᠣᠭᠤᠰᠢᠯᠠᠭᠤᠯᠬᠤ ᠶᠢᠨ ᠲᠥᠯᠥᠭᠡ᠂ 5 ᠰᠠᠷ᠎ᠠ ᠶᠢᠨ 13 ᠤ ᠡᠳᠦᠷ ᠪᠠᠶᠠᠨᠬᠤᠸᠠ ᠪᠠᠯᠭᠠᠰᠤᠨ ᠳᠤ ᠠᠶᠤᠯᠭᠦᠶ ᠦᠢᠯᠡᠳᠪᠦᠷᠢᠯᠡᠯ ᠤᠨ ᠶᠡᠭᠡ ᠰᠤᠷᠤᠯᠴᠠᠯᠭ᠎ᠠ ᠶᠢᠨ ᠠᠵᠢᠯᠯᠠᠭ᠎ᠠ ᠥᠷᠨᠢᠭᠦᠯᠵᠦ᠂ ︽ᠠᠶᠤᠯᠭᠦᠶ  ᠦᠢᠯᠡᠳᠪᠦᠷᠢᠯᠡᠯ ᠤᠨ ᠬᠠᠤᠯᠢ︾ ᠵᠢᠴᠢ ︽ᠵᠠᠰᠠᠪᠤᠷᠢ ᠣᠷᠣᠭᠤᠯᠤᠭᠰᠠᠨ ᠲᠥᠰᠦᠯ ︵ᠠᠷᠪᠠᠨ ᠨᠢᠭᠡ︶︾ ᠢ ᠲᠥᠪᠯᠡᠷᠡᠭᠦᠯᠦᠨ ᠰᠤᠷᠤᠯᠴᠠᠵᠤ ᠲᠠᠶᠢᠯᠤᠮᠵᠢ ᠬᠢᠪᠠ᠃    ᠰᠤᠷᠤᠯᠴᠠᠯᠭ᠎ᠠ ᠨᠢ ᠸᠢᠳᠢᠣ᠋ ᠬᠡᠯᠪᠡᠷᠢ ᠪᠠᠷ ᠲᠠᠮᠵᠢᠭᠤᠯᠤᠨ᠂ ᠣᠳᠣᠬᠠᠨ ᠤ ᠠᠶᠤᠯᠭᠦᠶ ᠦᠢᠯᠡᠳᠪᠦᠷᠢᠯᠡᠯ ᠤᠨ ᠪᠠᠶᠢᠳᠠᠯ ᠢ ᠵᠠᠳᠠᠯᠵᠤ᠂ ᠰᠢᠨ᠎ᠡ ︽ᠠᠶᠤᠯᠭᠦᠶ ᠦᠢᠯᠡᠳᠪᠦᠷᠢᠯᠡᠯ ᠤᠨ ᠬᠠᠤᠯᠢ︾᠂ ︽ᠵᠠᠰᠠᠪᠤᠷᠢ ᠣᠷᠣᠭᠤᠯᠤᠭᠰᠠᠨ ᠲᠥᠰᠦᠯ ︵ᠠᠷᠪᠠᠨ ᠨᠢᠭᠡ︶︾ ᠳᠤ ᠵᠠᠰᠠᠪᠤᠷᠢ ᠣᠷᠣᠭᠤᠯᠤᠭᠰᠠᠨ ᠠᠬᠤᠶ ᠪᠠᠶᠢᠳᠠᠯ ᠪᠠ ᠠᠴᠢ ᠬᠤᠯᠪᠣᠭᠳᠠᠯ᠂ ᠶᠡᠷᠦᠩᠬᠡᠶ ᠰᠡᠳᠬᠢᠴᠡ᠂ ᠭᠤᠤᠯ ᠠᠭᠤᠯᠭ᠎ᠠ᠂ ᠭᠤᠤᠯ ᠬᠢᠯᠠᠰ ᠴᠡᠭ᠂ ᠵᠠᠰᠠᠪᠤᠷᠢ ᠣᠷᠣᠭᠤᠯᠬᠤ ᠠᠴᠠ ᠡᠮᠦᠨ᠎ᠡ ᠬᠤᠶᠢᠨᠠᠬᠢ ᠬᠠᠷᠢᠴᠠᠭᠤᠯᠤᠯ ᠵᠡᠷᠭᠡ ᠲᠠᠯ᠎ᠠ ᠪᠠᠷ ᠨᠠᠷᠢᠨ ᠲᠠᠶᠢᠯᠤᠮᠵᠢ ᠬᠢᠵᠦ᠂ ᠭᠤᠤᠯ ᠴᠣᠭᠴᠠ ᠶᠢᠨ ᠬᠠᠷᠢᠭᠤᠴᠠᠯᠭ᠎ᠠ᠂ ᠬᠠᠷᠢᠭᠤᠴᠠᠯᠭ᠎ᠠ ᠨᠡᠬᠡᠮᠵᠢᠯᠡᠬᠦ᠂ ᠰᠢᠳᠬᠡᠬᠦ ᠡᠷᠴᠢᠮ ᠵᠡᠷᠭᠡ ᠲᠠᠯ᠎ᠠ ᠶᠢᠨ ᠠᠭᠤᠯᠭ᠎ᠠ ᠶᠢ ᠭᠤᠤᠯᠳᠠᠯᠭ᠎ᠠ ᠲᠠᠢ ᠲᠠᠶᠢᠯᠪᠤᠷᠢᠯᠠᠪᠠ᠃     ᠲᠣᠰ ᠣᠳᠠᠭᠠᠨ ᠤ ᠰᠣᠷᠣᠯᠴᠠᠯᠭ᠎ᠠ ᠶᠢᠨ ᠠᠭᠤᠯᠭ᠎ᠠ ᠨᠢ ᠡᠯᠪᠡᠭ ᠪᠠᠶᠠᠯᠢᠭ᠂ ᠬᠠᠨᠳᠤᠯᠭᠠᠲᠤ ᠴᠢᠨᠠᠷ ᠢᠶᠠᠷ ᠴᠢᠩᠭ᠎ᠠ ᠪᠠᠶᠢᠵᠤ᠂ ᠰᠤᠷᠤᠯᠴᠠᠯᠭ᠎ᠠ ᠳᠤ ᠣᠷᠣᠯᠴᠠᠭᠰᠠᠨ ᠪᠥᠬᠦ ᠬᠡᠰᠢᠭᠦᠳ ᠲᠤ ᠰᠢᠨ᠎ᠡ ︽ᠠᠶᠤᠯ ᠥᠬᠡᠶ ᠦᠢᠯᠡᠳᠪᠦᠷᠢᠯᠡᠯ ᠤᠨ ᠬᠠᠤᠯᠢ︾ ᠶᠢᠨ ᠬᠠᠮᠤᠭ ᠤᠨ ᠰᠢᠨ᠎ᠡ ᠱᠠᠭᠠᠷᠳᠠᠯᠭ᠎ᠠ ᠶᠢ ᠨᠠᠩ ᠭᠦᠨᠵᠡᠭᠡᠶ ᠣᠶᠢᠯᠠᠭᠠᠭᠤᠯᠵᠤ᠂ ᠰᠢᠨ᠎ᠡ ᠰᠡᠳᠬᠢᠬᠦᠶ ᠪᠠ ᠰᠢᠨ᠎ᠡ ᠠᠷᠭ᠎ᠠ ᠪᠠᠷ ᠠᠶᠤᠯ ᠥᠬᠡᠶ ᠦᠢᠯᠡᠳᠪᠦᠷᠢᠯᠡᠯ ᠤᠨ ᠪᠣᠳᠠᠲᠠᠶ ᠠᠰᠠᠭᠤᠳᠠᠯ ᠢ ᠰᠢᠢᠳᠪᠦᠷᠢᠯᠡᠬᠦ ᠴᠢᠳᠠᠪᠤᠷᠢ ᠶᠢ ᠨᠢ ᠳᠡᠭᠡᠭᠰᠢᠯᠡᠭᠦᠯᠦᠨ᠂ ᠠᠶᠤᠯ ᠥᠬᠡᠶ  ᠦᠢᠯᠡᠳᠪᠦᠷᠢᠯᠡᠯ ᠤᠨ ᠠᠵᠢᠯ ᠤᠨ ᠦᠵᠡᠯ ᠤᠬᠠᠮᠰᠠᠷ ᠪᠠ ᠠᠶᠤᠯ ᠥᠬᠡᠶ ᠦᠢᠯᠡᠳᠪᠦᠷᠢᠯᠡᠯ ᠤᠨ ᠬᠢᠨᠠᠯᠲᠠ ᠬᠠᠮᠢᠶᠠᠷᠤᠯᠲᠠ ᠶᠢᠨ ᠠᠵᠢᠯ ᠤᠨ ᠬᠠᠷᠢᠭᠤᠴᠠᠯᠭᠠᠲᠤ ᠰᠡᠳᠬᠢᠯᠭᠡ ᠪᠠ ᠡᠭᠦᠷᠭᠡᠲᠦ ᠰᠡᠳᠬᠢᠯᠭᠡ ᠶᠢ ᠨᠢ  ᠴᠢᠩᠭᠠᠳᠬᠠᠪᠠ᠃
ᠢᠷᠡᠯᠲᠡ᠄ ᠤᠷᠠᠳ ᠤᠨ ᠡᠮᠦᠨᠡᠲᠦ ᠬᠤᠰᠢᠭᠤᠨ ᠤ ᠵᠠᠰᠠᠭ ᠤᠨ ᠣᠷᠳᠤᠨ ᠤ ᠮᠣᠩᠭᠤᠯ ᠰᠦᠯᠵᠢᠶ᠎ᠡ