ᠪᠠᠭ᠎ᠠ ᠰᠢᠭᠡᠲᠡᠢ ᠪᠠᠯᠭᠠᠰᠤ ᠲᠥᠪ ᠤᠨ ᠠᠮᠢ ᠠᠬᠤᠶ ᠣᠷᠴᠢᠨ ᠲᠣᠭᠤᠷᠢᠨ ᠤ ᠬᠠᠮᠠᠭᠠᠯᠠᠯᠲᠠ ᠶᠢᠨ ᠱᠠᠯᠠᠪᠳᠠᠭᠤᠯᠤᠨ ᠪᠠᠶᠢᠴᠠᠭᠠᠯᠲᠠ ᠳᠤ ᠮᠡᠳᠡᠭᠳᠡᠭᠰᠡᠨ ᠨᠡᠶᠢᠲᠡᠯᠢᠭ ᠬᠡᠷᠡᠭ ᠤᠨ ᠵᠢᠱᠢᠶ᠎ᠡ ᠶᠢᠨ ︽ᠬᠡᠷᠡᠭ ᠢᠶᠠᠷ ᠥᠭᠡᠷᠡᠴᠢᠯᠡᠯᠲᠡ ᠶᠢ ᠠᠬᠢᠭᠤᠯᠵᠤ︾ ᠠᠮᠢ ᠠᠬᠤᠶ ᠶᠢ ᠤᠷᠢᠳ ᠢᠶᠠᠷ ᠪᠣᠳᠣᠯᠬᠢᠯᠠᠬᠤ ᠪᠣᠬᠢᠷᠲᠤᠯ ᠥᠬᠡᠶ ᠬᠥᠭᠵᠢᠯᠲᠡ ᠶᠢ ᠠᠬᠢᠭᠤᠯᠬᠤ ᠰᠤᠳᠤᠯᠤᠨ ᠶᠠᠷᠢᠯᠴᠠᠬᠤ ᠬᠤᠷᠠᠯ  ᠬᠤᠷᠠᠯᠳᠣᠪᠠ
ᠨᠡᠶᠢᠲᠡᠯᠡᠭᠰᠡᠨ ᠴᠠᠭ᠄
2022/5/16
    5 ᠰᠠᠷ᠎ᠠ ᠶᠢᠨ 12 ᠤᠨ ᠡᠳᠦᠷ ᠤᠨ ᠦᠳᠡ ᠶᠢᠨ ᠡᠮᠦᠨ᠎ᠡ᠂ ᠪᠠᠭ᠎ᠠ ᠰᠢᠭᠡᠲᠡᠢ ᠪᠠᠯᠭᠠᠰᠤᠨ ᠤ ᠨᠠᠮ ᠤᠨ ᠬᠤᠷᠢᠶᠠᠨ ᠤ ᠣᠨᠣᠯ ᠰᠤᠷᠤᠯᠴᠠᠬᠤ ᠳᠤᠭᠤᠶᠢᠯᠠᠩ ᠲᠤᠰᠬᠠᠶ ᠰᠡᠳᠦᠪᠲᠦ ᠰᠤᠳᠤᠯᠤᠨ ᠶᠠᠷᠢᠯᠴᠠᠬᠤ ᠬᠤᠷᠠᠯ ᠬᠤᠷᠠᠯᠳᠣᠵᠣ᠂ ︽ᠬᠡᠷᠡᠭ ᠢᠶᠠᠷ ᠥᠭᠡᠷᠡᠴᠢᠯᠡᠯᠲᠡ ᠶᠢ ᠠᠬᠢᠭᠤᠯᠬᠤ︾ ᠶᠢᠨ ᠲᠣᠭᠤᠷᠢᠨ ᠳᠤ ᠠᠮᠢ ᠠᠬᠤᠶ ᠶᠢ ᠤᠷᠢᠳ ᠢᠶᠠᠷ ᠪᠣᠳᠣᠯᠬᠢᠯᠠᠬᠤ᠂ ᠪᠣᠬᠢᠷᠲᠤᠯ ᠥᠬᠡᠶ ᠬᠥᠭᠵᠢᠭᠦᠯᠬᠦ ᠶᠢ ᠠᠬᠢᠭᠤᠯᠬᠤ ᠲᠣᠭᠤᠷᠢᠨ ᠳᠤ ᠲᠥᠪᠯᠡᠷᠡᠭᠦᠯᠦᠨ ᠰᠤᠷᠤᠯᠴᠠᠵᠤ ᠰᠤᠳᠤᠯᠤᠨ ᠶᠠᠷᠢᠯᠴᠠᠪᠠ᠃ ᠨᠠᠮ ᠤᠨ ᠬᠤᠷᠢᠶᠠᠨ ᠤ ᠱᠦᠵᠢ ᠵᠧᠩ ᠰᠢᠨ ᠱᠧᠩ ᠬᠤᠷᠠᠯ ᠢ ᠡᠷᠬᠢᠯᠡᠵᠦ᠂ ᠨᠠᠮ ᠵᠠᠰᠠᠭ ᠤᠨ ᠤᠳᠤᠷᠢᠳᠬᠤ ᠪᠠᠭ ᠤᠨ ᠪᠦᠬᠦ ᠪᠦᠷᠢᠯᠳᠦᠬᠦᠨ ᠬᠤᠷᠠᠯ ᠳᠤ ᠣᠷᠣᠯᠴᠠᠪᠠ᠃    ᠬᠤᠷᠠᠯ ᠠᠴᠠ ᠶᠡᠷᠦᠩᠬᠡᠶ ᠱᠦᠵᠢ ᠰᠢ ᠶᠢᠨ ᠫᠢᠩ ᠤᠨ ᠠᠷᠪᠠᠨ ᠭᠤᠷᠪᠠᠳᠤᠭᠠᠷ ᠬᠤᠭᠤᠴᠠᠭᠠᠨ ᠤ ᠪᠥᠬᠦ ᠤᠯᠤᠰ ᠤᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠲᠠᠪᠤᠳᠤᠭᠠᠷ ᠬᠤᠷᠠᠯ ᠤᠨ ᠥᠪᠥᠷ ᠮᠣᠩᠭᠤᠯ ᠤᠨ ᠲᠥᠯᠥᠭᠡᠯᠡᠭᠴᠢᠳ ᠤᠨ ᠪᠦᠯᠬᠦᠮ ᠤᠨ ᠬᠢᠨᠠᠨ ᠵᠥᠪᠯᠡᠬᠦ ᠳᠤ ᠣᠷᠣᠯᠴᠠᠬᠤ ᠦᠶ᠎ᠡ ᠶᠢᠨ ᠴᠢᠬᠤᠯᠠ ᠶᠠᠷᠢᠶᠠᠨ ᠤ ᠵᠣᠷᠢᠭ ᠰᠠᠨᠠᠭ᠎ᠠ  ᠪᠠ  ᠱᠢ ᠲᠠᠢ ᠹᠧᠩ ᠱᠦᠵᠢ ᠪᠣᠯᠤᠨ ᠸᠠᠩ ᠯᠢ ᠰᠢᠶᠠ ᠶᠢᠨ ᠲᠥᠪ ᠤᠨ ᠠᠮᠢ ᠠᠬᠤᠶ ᠣᠷᠴᠢᠨ ᠲᠣᠭᠤᠷᠢᠨ ᠤ ᠬᠠᠮᠠᠭᠠᠯᠠᠯᠲᠠ ᠶᠢᠨ ᠱᠠᠯᠠᠪᠳᠠᠭᠤᠯᠤᠨ ᠪᠠᠶᠢᠴᠠᠭᠠᠯᠲᠠ ᠳᠤ ᠢᠯᠡᠷᠡᠭᠦᠯᠦᠭᠰᠡᠨ ᠨᠡᠶᠢᠲᠡᠯᠢᠭ ᠬᠡᠷᠡᠭ ᠤᠨ ᠵᠢᠱᠢᠶ᠎ᠡ ᠶᠢ ᠴᠡᠭᠴᠡᠯᠡᠨ ᠰᠠᠶᠢᠵᠢᠷᠠᠭᠤᠯᠬᠤ ᠠᠵᠢᠯ ᠤᠨ ᠵᠢᠭᠠᠪᠤᠷᠢ ᠶᠢᠨ ᠵᠣᠷᠢᠭ ᠰᠠᠨᠠᠭ᠎ᠠ  ᠶᠢ ᠰᠣᠷᠣᠯᠴᠠᠪᠠ᠃ ︽ᠬᠡᠷᠡᠭ ᠢᠶᠠᠷ ᠥᠭᠡᠷᠡᠴᠢᠯᠡᠯᠲᠡ ᠶᠢ ᠠᠬᠢᠭᠤᠯᠬᠤ︾ ᠠᠵᠢᠯ ᠵᠢᠴᠢ ᠰᠤᠷᠤᠯᠴᠠᠵᠤ ᠰᠤᠳᠤᠯᠤᠨ ᠶᠠᠷᠢᠯᠴᠠᠭᠰᠠᠨ ᠨᠡᠶᠢᠲᠡᠯᠢᠭ ᠬᠡᠷᠡᠭ ᠤᠨ ᠵᠢᠱᠢᠶ᠎ᠡ ᠶᠢᠨ ᠲᠣᠭᠤᠷᠢᠨ ᠳᠤ᠂ ᠵᠧᠩ ᠰᠢᠨ ᠱᠧᠩ ᠲᠦᠷᠦᠭᠦᠯᠡᠨ ᠭᠦᠨᠵᠡᠭᠡᠢ ᠵᠠᠳᠠᠯᠤᠯᠲᠠ ᠬᠢᠵᠦ᠂ ᠰᠢᠭᠦᠮᠵᠢᠯᠡᠯ ᠪᠠ ᠥᠪᠡᠷ ᠤᠨ ᠰᠢᠭᠦᠮᠵᠢᠯᠡᠯ ᠬᠢᠵᠦ᠂ ᠳᠠᠷᠠᠭ᠎ᠠ ᠨᠢ ᠤᠳᠤᠷᠢᠳᠬᠤ ᠪᠠᠭ ᠤᠨ ᠪᠦᠷᠢᠯᠳᠦᠬᠦᠨ ᠲᠤᠰ ᠪᠡᠶ᠎ᠡ ᠶᠢᠨ ᠬᠤᠪᠢᠳᠠᠨ ᠬᠠᠮᠢᠶᠠᠷᠴᠤ ᠪᠠᠶᠢᠭ᠎ᠠ ᠬᠦᠷᠢᠶᠡᠨ ᠤ ᠠᠵᠢᠯ ᠲᠠᠢ ᠪᠠᠨ ᠤᠶᠠᠯᠳᠤᠭᠤᠯᠤᠨ᠂ ᠠᠰᠠᠭᠤᠳᠠᠯ ᠢ ᠨᠢᠭᠡᠳ ᠨᠢᠭᠡ ᠪᠠᠷ ᠪᠠᠶᠢᠴᠠᠭᠠᠨ ᠳᠡᠯᠭᠡᠵᠦ᠂ ᠥᠪᠡᠷ ᠤᠨ ᠰᠢᠭᠦᠮᠵᠢᠯᠡᠯ ᠬᠢᠵᠡᠢ᠃ ᠤᠯᠠᠨ ᠢᠶᠠᠷ ᠢᠶᠠᠨ ᠶᠠᠷᠢᠶᠠᠨ ᠳᠠᠭᠠᠨ᠂ ᠭᠤᠣᠯ ᠰᠡᠳᠦᠪ ᠤᠨ ᠲᠣᠭᠤᠷᠢᠨ ᠳᠤ᠂ ᠠᠵᠢᠯ ᠤᠨ ᠪᠣᠳᠠᠲᠠᠢ ᠲᠠᠢ ᠪᠠᠨ ᠤᠶᠠᠯᠳᠤᠭᠤᠯᠵᠤ᠂ ᠠᠰᠠᠭᠤᠳᠠᠯ ᠡᠭᠦᠰᠦᠭᠰᠡᠨ ᠰᠢᠯᠲᠠᠭᠠᠨ ᠢ ᠡᠷᠢᠵᠦ᠂ ᠰᠠᠶᠢᠵᠢᠷᠠᠭᠤᠯᠬᠤ ᠠᠷᠭ᠎ᠠ ᠬᠡᠮᠵᠢᠶ᠎ᠡ ᠳᠤᠷᠠᠳᠴᠤ᠂ ᠳᠠᠷᠠᠭᠠᠴᠢ ᠶᠢᠨ ᠠᠯᠬᠤᠮ ᠤᠨ ᠴᠢᠷᠮᠠᠶᠢᠬᠤ ᠴᠢᠭᠯᠡᠯ ᠢᠶᠠᠨ ᠲᠣᠳᠣᠷᠬᠠᠶᠢᠯᠠᠵᠤ᠂ ᠲᠠᠨᠢᠯᠲᠠ ᠪᠠᠨ ᠬᠦᠨᠵᠡᠭᠡᠶᠢᠷᠡᠭᠦᠯᠦᠨ᠂ ᠬᠠᠮᠲᠤ ᠶᠢᠨ ᠲᠠᠨᠢᠯᠲᠠ ᠶᠢ  ᠨᠢᠭᠲᠠᠷᠠᠭᠤᠯᠵᠣ᠂ ᠠᠵᠢᠯ ᠢ ᠠᠬᠢᠭᠤᠯᠬᠤ ᠵᠣᠷᠢᠯᠭ᠎ᠠ ᠳᠠᠭᠠᠨ ᠬᠦᠷᠴᠡᠢ᠃    ᠬᠤᠷᠠᠯ ᠳᠤ ᠴᠢᠩᠭᠠᠳᠬᠠᠭᠰᠠᠨ ᠨᠢ᠂ ᠡᠨᠡ ᠤᠳᠠᠭ᠎ᠠ ᠶᠢᠨ ᠲᠥᠪ ᠤᠨ ᠣᠷᠴᠢᠨ ᠲᠣᠭᠤᠷᠢᠨ ᠤ ᠬᠠᠮᠠᠭᠠᠯᠠᠯᠲᠠ ᠶᠢᠨ ᠱᠠᠯᠠᠪᠳᠠᠭᠤᠯᠤᠨ ᠪᠠᠶᠢᠴᠠᠭᠠᠵᠤ ᠬᠠᠷᠢᠭᠤ ᠲᠤᠰᠬᠠᠭᠰᠠᠨ ᠠᠰᠠᠭᠤᠳᠠᠯ ᠢ ᠴᠡᠭᠴᠡᠯᠡᠨ ᠰᠠᠶᠢᠵᠢᠷᠠᠭᠤᠯᠬᠤ ᠨᠢ ᠪᠠᠭ᠎ᠠ ᠰᠢᠭᠡᠲᠡᠢ ᠪᠠᠯᠭᠠᠰᠤᠨ ᠳᠤ ᠠᠪᠴᠤ ᠬᠡᠯᠡᠪᠡᠯ ᠮᠠᠰᠢ ᠤᠯᠠᠨ ᠠᠯᠳᠠᠰᠢ ᠶᠢ ᠪᠠᠶᠢᠴᠠᠭᠠᠨ ᠨᠥᠬᠦᠪᠥᠷᠢᠯᠡᠬᠦ ᠠᠵᠠ ᠲᠣᠬᠢᠶᠠᠯ ᠪᠣᠯᠤᠨ᠎ᠠ᠂ ᠲᠥᠪ ᠤᠨ ᠣᠷᠴᠢᠨ ᠠᠬᠤᠶ ᠶᠢᠨ ᠬᠠᠮᠠᠭᠠᠯᠠᠯᠲᠠ ᠶᠢᠨ ᠱᠠᠯᠠᠪᠳᠠᠭᠤᠯᠣᠨ ᠪᠠᠶᠢᠴᠠᠭᠠᠯᠲᠠ ᠶᠢᠨ ᠬᠠᠷᠢᠭᠤ ᠲᠤᠰᠬᠠᠭᠰᠠᠨ 3 ᠠᠰᠠᠭᠤᠳᠠᠯ ᠪᠠ ᠥᠪᠡᠰᠦᠪᠡᠨ ᠪᠠᠶᠢᠴᠠᠭᠠᠭᠠᠳ ᠢᠯᠡᠷᠡᠭᠦᠯᠦᠭᠰᠡᠨ 19 ᠠᠰᠠᠭᠤᠳᠠᠯ ᠳᠤ ᠴᠢᠭᠯᠡᠭᠦᠯᠦᠨ᠂ ᠪᠦᠬᠦ ᠪᠠᠯᠭᠠᠰᠤᠨ ᠤ ᠨᠠᠮ ᠤᠨ ᠭᠡᠰᠢᠭᠦᠨ ᠺᠠᠳ᠋ᠷ ᠬᠠᠷᠢᠭᠤᠴᠠᠯᠭᠠᠲᠤ ᠰᠡᠳᠬᠢᠯᠭᠡ ᠪᠠ ᠡᠭᠦᠷᠭᠡᠲᠦ ᠰᠡᠳᠬᠢᠯᠭᠡ ᠪᠠᠨ ᠦᠨᠡᠨ ᠬᠦ ᠴᠢᠩᠭᠠᠳᠬᠠᠬᠤ ᠬᠡᠷᠡᠭᠲᠡᠶ  ᠬᠡᠰᠡᠨ ᠪᠠᠶᠢᠨ᠎ᠠ᠃
ᠢᠷᠡᠯᠲᠡ᠄ ᠤᠷᠠᠳ ᠤᠨ ᠡᠮᠦᠨᠡᠲᠦ ᠬᠤᠰᠢᠭᠤᠨ ᠤ ᠵᠠᠰᠠᠭ ᠤᠨ ᠣᠷᠳᠤᠨ ᠤ ᠮᠣᠩᠭᠤᠯ ᠰᠦᠯᠵᠢᠶ᠎ᠡ