2022 ᠣᠨ ᠳᠤ ᠤᠷᠠᠳ ᠤᠨ ᠡᠮᠦᠨᠡᠲᠦ ᠬᠤᠰᠢᠭᠤᠨ ᠤ ᠨᠡᠶᠢᠲᠡ ᠶᠢᠨ ᠠᠰᠠᠷᠠᠮᠵᠢ ᠶᠢᠨ ᠴᠢᠨᠠᠷᠲᠠᠢ ᠠᠵᠢᠯ ᠤᠨ ᠪᠠᠶᠢᠷᠢ ᠶᠢ ᠨᠡᠭᠡᠭᠡᠨ ᠬᠥᠭᠵᠢᠭᠦᠯᠵᠦ ᠠᠵᠢᠯ ᠣᠯᠬᠤ ᠳᠤ ᠬᠦᠴᠢᠷᠲᠡᠢ ᠳᠡᠭᠡᠳᠦ ᠰᠤᠷᠭᠠᠭᠤᠯᠢ ᠲᠡᠭᠦᠰᠦᠭᠰᠡᠳ ᠵᠢᠴᠢ ᠵᠡᠮᠳᠡᠭᠴᠦᠳ᠂  ᠨᠠᠰᠤ ᠠᠬᠢᠭᠰᠠᠨ ᠠᠵᠢᠯ ᠠᠯᠳᠠᠭᠰᠠᠳ ᠢ ᠲᠥᠪᠬᠢᠨᠡᠭᠦᠯᠵᠦ ᠤᠷᠢᠨ ᠬᠡᠷᠡᠭᠯᠡᠬᠦ ᠪᠠᠷ ᠪᠠᠶᠢᠭ᠎ᠠ ᠬᠥᠮᠥᠰ ᠢ ᠵᠠᠷᠯᠠᠭᠰᠠᠨ ᠨᠡᠶᠢᠲᠡᠯᠡᠯ
ᠨᠡᠶᠢᠲᠡᠯᠡᠭᠰᠡᠨ ᠴᠠᠭ᠄
2022/5/16
     ᠣᠯᠠᠨ ᠨᠡᠶᠢᠲᠡ ᠶᠢᠨ ᠠᠵᠢᠯ ᠣᠯᠭᠤᠬᠤ ᠦᠢᠯᠡᠴᠢᠯᠡᠭᠡᠨ ᠤ ᠰᠢᠰᠲ᠋ᠧᠮ ᠤᠨ ᠪᠠᠶᠢᠭᠤᠯᠤᠯᠲᠠ  ᠶᠢ ᠤᠯᠠᠮ ᠨᠢᠭᠡ ᠠᠯᠬᠤᠮ ᠲᠡᠭᠦᠯᠳᠡᠷᠵᠢᠭᠦᠯᠬᠦ ᠶᠢᠨ ᠲᠥᠯᠥᠭᠡ᠂ ᠠᠵᠢᠯ ᠣᠯᠬᠤ ᠳᠤ ᠬᠦᠴᠢᠷᠲᠡᠢ ᠬᠥᠮᠥᠰ ᠤᠨ ᠠᠵᠢᠯ ᠣᠯᠬᠤ ᠳᠤ ᠬᠦᠴᠢᠷᠲᠡᠢ ᠪᠠᠶᠢᠬᠤ ᠪᠠ ᠡᠯ᠎ᠡ  ᠨᠢᠭᠡᠴᠢ ᠶᠢᠨ ᠬᠥᠮᠥᠨ ᠬᠡᠷᠡᠭᠯᠡᠬᠦ ᠪᠠᠴᠢᠮ ᠪᠠᠶᠢᠬᠤ ᠶᠢᠨ ᠵᠥᠷᠢᠴᠡᠯ ᠢ ᠪᠦᠲᠦᠮᠵᠢᠲᠡᠶ ᠰᠢᠢᠳᠪᠦᠷᠢᠯᠡᠵᠦ᠂ ᠥᠪᠡᠷᠲᠡᠭᠡᠨ ᠵᠠᠰᠠᠬᠤ ᠣᠷᠣᠨ ᠤ ᠬᠥᠮᠥᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ᠲᠢᠩᠬᠢᠮ ᠤᠨ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠵᠢᠯ ᠣᠯᠬᠤ ᠳᠤ ᠬᠦᠴᠢᠷᠲᠡᠢ ᠬᠥᠮᠥᠰ ᠢ ᠮᠠᠭᠠᠳᠯᠠᠨ ᠲᠣᠭᠲᠠᠭᠠᠬᠤ ᠠᠷᠭ᠎ᠠ︾ ︵ᠥᠪᠥᠷ ᠬᠥᠮᠥᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ᠲᠢᠩᠬᠢᠮ ᠤᠨ ᠲᠠᠷᠬᠠᠭᠠᠭᠰᠠᠨ 【 2020 】 58 ᠳ᠋ᠤᠭᠠᠷ ᠲᠣᠭᠠᠲᠤ︶᠂ ᠥᠪᠡᠷᠲᠡᠭᠡᠨ ᠵᠠᠰᠠᠬᠤ ᠣᠷᠣᠨ ᠤ ᠬᠥᠮᠥᠨ ᠤ ᠬᠦᠴᠦᠨ ᠤ ᠡᠬᠢ ᠪᠠᠶᠠᠯᠢᠭ ᠪᠠ ᠡᠳ᠋ ᠤᠨ ᠵᠠᠰᠠᠭ ᠤᠨ ᠲᠢᠩᠬᠢᠮ ᠤᠨ ︽ᠨᠡᠶᠢᠲᠡ ᠶᠢᠨ ᠠᠰᠠᠷᠠᠮᠵᠢ ᠶᠢᠨ ᠴᠢᠨᠠᠷᠲᠠᠢ ᠠᠵᠢᠯ ᠤᠨ ᠪᠠᠶᠢᠷᠢ ᠶᠢ ᠨᠡᠭᠡᠭᠡᠨ ᠬᠥᠭᠵᠢᠭᠦᠯᠬᠦ ᠬᠠᠮᠢᠶᠠᠷᠤᠯᠲᠠ ᠶᠢᠨ ᠬᠤᠯᠪᠣᠭᠳᠠᠯ ᠪᠦᠬᠦᠢ ᠠᠵᠢᠯ ᠢ ᠤᠯᠠᠮ ᠨᠢᠭᠡ ᠠᠯᠬᠤᠮ ᠰᠠᠶᠢᠲᠤᠷ ᠬᠢᠬᠦ ᠲᠤᠬᠠᠢ ᠮᠡᠳᠡᠭᠳᠡᠯ︾ ︵ᠥᠪᠥᠷ ᠬᠥᠮᠥᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ᠲᠢᠩᠬᠢᠮ ᠤᠨ ᠲᠠᠷᠬᠠᠭᠠᠭᠰᠠᠨ 【 2020 】50 ᠳ᠋ᠤᠭᠠᠷ ᠲᠣᠭᠠᠲᠤ︶  ᠵᠡᠷᠭᠡ ᠪᠢᠴᠢᠭ ᠮᠠᠲ᠋ᠧᠷᠢᠶᠠᠯ ᠤᠨ ᠱᠠᠭᠠᠷᠳᠠᠯᠭ᠎ᠠ ᠶᠣᠰᠤᠭᠠᠷ᠂ ᠮᠠᠨ ᠤ ᠬᠤᠰᠢᠭᠤᠨ ᠤ ᠪᠣᠳᠠᠲᠤ ᠪᠠᠶᠢᠳᠠᠯ ᠲᠠᠢ ᠤᠶᠠᠯᠳᠤᠭᠤᠯᠤᠨ᠂ ᠨᠡᠶᠢᠲᠡ ᠶᠢᠨ ᠠᠰᠠᠷᠠᠮᠵᠢ ᠶᠢᠨ ᠴᠢᠨᠠᠷᠲᠠᠢ ᠠᠵᠢᠯ ᠤᠨ ᠪᠠᠶᠢᠷᠢ  ᠶᠢ ᠨᠡᠭᠡᠭᠡᠨ ᠠᠰᠢᠭᠯᠠᠬᠤ ᠱᠠᠭᠠᠷᠳᠠᠯᠭ᠎ᠠ ᠶᠣᠰᠣᠭᠠᠷ᠂ ᠭᠤᠶᠤᠴᠢᠯᠠᠬᠤ ᠨᠢᠭᠡᠭᠡᠯᠲᠡ ᠬᠢᠬᠦ᠂ ᠨᠡᠷ᠎ᠡ ᠮᠡᠳᠡᠭᠦᠯᠵᠦ ᠬᠢᠨᠠᠨ ᠬᠠᠷᠭᠤᠭᠤᠯᠬᠤ᠂ ᠪᠣᠯᠪᠠᠰᠤᠷᠠᠭᠤᠯᠤᠯ ᠬᠢᠵᠤ ᠰᠢᠯᠭᠠᠯᠲᠠ ᠬᠢᠬᠦ᠂ ᠬᠤᠰᠢᠭᠤᠨ ᠤ ᠵᠠᠰᠠᠭ ᠤᠨ ᠣᠷᠳᠣᠨ ᠬᠢᠨᠠᠨ ᠲᠣᠭᠲᠠᠭᠠᠬᠤ ᠵᠡᠷᠭᠡ ᠭᠤᠭᠴᠤᠭ᠎ᠠ ᠪᠠᠷ ᠳᠡᠮᠵᠢᠨ᠂ 68 ᠨᠡᠶᠢᠲᠡ ᠶᠢᠨ ᠠᠰᠠᠷᠠᠮᠵᠢ ᠶᠢᠨ ᠴᠢᠨᠠᠷᠲᠠᠢ ᠠᠵᠢᠯ ᠤᠨ ᠪᠠᠶᠢᠷᠢ ︵ᠰᠤᠷᠭᠠᠭᠤᠯᠢ ᠠᠴᠠ ᠪᠠᠨ ᠰᠠᠯᠤᠭᠠᠳ ᠬᠤᠶᠠᠷ ᠵᠢᠯ ᠪᠤᠶᠤ ᠬᠤᠶᠠᠷ ᠵᠢᠯ ᠠᠴᠠ ᠳᠡᠭᠡᠭᠰᠢ ᠠᠵᠢᠯ ᠣᠯᠣᠭᠰᠠᠨ ᠦᠭᠡᠢ ᠳᠡᠭᠡᠳᠦ ᠰᠤᠷᠭᠠᠭᠤᠯᠢ ᠲᠡᠭᠦᠰᠦᠭᠰᠡᠳ ᠪᠠ ᠵᠡᠮᠳᠡᠭ ᠬᠥᠮᠥᠨ᠂ ᠨᠠᠰᠤ ᠠᠬᠢᠵᠤ ᠠᠵᠢᠯ ᠠᠯᠳᠠᠭᠰᠠᠳ  ᠵᠡᠷᠭᠡ ᠠᠵᠢᠯ ᠣᠯᠬᠤ ᠳᠤ ᠬᠦᠴᠢᠷᠲᠡᠢ ᠬᠥᠮᠥᠰ ᠢᠶᠠᠷ ᠮᠠᠭᠠᠳᠯᠠᠨ ᠲᠣᠭᠲᠠᠭᠠᠭᠳᠠᠭᠰᠠᠨ ᠬᠦᠮᠦᠨ︶ ᠶᠢ ᠨᠡᠶᠢᠭᠡᠮ ᠨᠡᠶᠢᠲᠡ ᠳᠤ ᠵᠠᠷᠯᠠᠨ ᠨᠡᠶᠢᠲᠡᠯᠡᠬᠦ ᠪᠠᠷ ᠪᠣᠶ᠂ ᠲᠥᠪᠬᠢᠨᠡᠭᠦᠯᠬᠦ  ᠨᠢᠭᠡᠴᠢ ᠵᠢᠴᠢ ᠬᠥᠮᠥᠰ ᠤᠨ ᠨᠡᠷᠡᠰ ᠢ ᠳᠠᠭᠠᠯᠳᠤᠭᠤᠯᠤᠯ ᠳᠤ ᠦᠵᠡ᠃     ᠭᠥᠯᠢᠶᠡᠨ ᠠᠪᠬᠤ ᠠᠷᠭ᠎ᠠ ᠬᠡᠯᠪᠡᠷᠢ᠄ ᠨᠡᠶᠢᠲᠡᠯᠡᠬᠦ ᠳᠤ ᠣᠨᠳᠣᠣ ᠰᠠᠨᠠᠯ ᠲᠠᠢ ᠪᠣᠯ᠂  ᠨᠡᠶᠢᠲᠡᠯᠡᠬᠦ ᠬᠤᠭᠤᠴᠠᠭᠠᠨ ᠳᠤ ᠠᠮᠠ ᠪᠠᠷ ᠪᠤᠶᠤ ᠪᠢᠴᠢᠭ ᠤᠨ ᠬᠡᠯᠪᠡᠷᠢ ᠪᠠᠷ ᠬᠤᠰᠢᠭᠤᠨ ᠤ ᠬᠥᠮᠥᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ᠲᠣᠪᠴᠢᠶ᠎ᠠ ᠪᠠ ᠬᠤᠰᠢᠭᠤᠨ ᠤ ᠠᠵᠢᠯ ᠣᠯᠭᠤᠯᠲᠠ ᠶᠢᠨ ᠦᠢᠯᠡᠴᠢᠯᠡᠭᠡᠨ ᠤ ᠲᠥᠪ ᠲᠤ ᠲᠤᠰᠬᠠᠨ᠎ᠠ᠃ ᠲᠤᠰᠬᠠᠭᠰᠠᠨ ᠠᠭᠤᠯᠭ᠎ᠠ ᠨᠢ ᠪᠤᠰᠤᠳᠴᠢ ᠪᠥᠭᠡᠳ ᠲᠥᠪ ᠭᠤᠣᠯᠴᠢ᠂ ᠦᠨᠡᠨ ᠪᠤᠳᠠᠲᠠᠢ ᠪᠠᠶᠢᠵᠤ᠂ ᠪᠠᠶᠢᠴᠠᠭᠠᠨ ᠮᠠᠭᠠᠳᠯᠠᠬᠤ ᠳᠤ ᠳᠦᠭᠦᠮ ᠪᠣᠯᠭᠠᠬᠤ ᠬᠡᠷᠡᠭᠲᠡᠢ᠃     ᠵᠠᠷᠯᠠᠨ ᠨᠡᠶᠢᠲᠡᠯᠡᠭᠰᠡᠨ ᠴᠠᠭ᠄ 2022 ᠣᠨ ᠤ 5 ᠰᠠᠷ᠎ᠠ ᠶᠢᠨ 9 ᠤ ᠡᠳᠦᠷ ︱ 5 ᠰᠠᠷ᠎ᠠ ᠶᠢᠨ 15 ᠤ ᠡᠳᠦᠷ     ᠬᠢᠨᠠᠯᠲᠠ ᠲᠠᠯᠪᠢᠬᠤ ᠤᠲᠠᠰᠤ᠄ 0478-3212656 ᠂  0478-3212503                                        ᠤᠷᠠᠳ ᠤᠨ ᠡᠮᠦᠨᠡᠲᠦ ᠬᠤᠰᠢᠭᠤᠨ ᠤ ᠠᠵᠢᠯ ᠣᠯᠭᠤᠬᠤ ᠦᠢᠯᠡᠴᠢᠯᠡᠭᠡᠨ ᠤ ᠲᠥᠪ                                                             2022 ᠣᠨ ᠤ 5 ᠰᠠᠷ᠎ᠠ ᠶᠢᠨ 9 ᠤ ᠡᠳᠦᠷ

公示1.png

公示2.png

公示3.png

公示4.png

公示5.png

 

ᠢᠷᠡᠯᠲᠡ᠄ ᠤᠷᠠᠳ ᠤᠨ ᠡᠮᠦᠨᠡᠲᠦ ᠬᠤᠰᠢᠭᠤᠨ ᠤ ᠵᠠᠰᠠᠭ ᠤᠨ ᠣᠷᠳᠤᠨ ᠤ ᠮᠣᠩᠭᠤᠯ ᠰᠦᠯᠵᠢᠶ᠎ᠡ