ᠡᠯ᠎ᠡ ᠡᠮᠴᠢᠯᠡᠭᠡᠨ ᠤ ᠪᠠᠶᠢᠭᠤᠯᠤᠮᠵᠢ ᠵᠢᠴᠢ ᠣᠯᠠᠨ ᠨᠡᠶᠢᠲᠡ ᠶᠢᠨ ᠲᠠᠯᠠᠪᠤᠷ ᠤᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠭᠰᠡᠨ ᠢᠶᠠᠷ ᠰᠤᠯᠠ ᠪᠠᠶᠢᠬᠤ ᠶᠢ ᠢᠯᠡᠴᠢᠯᠡᠨ ᠮᠡᠳᠡᠭᠦᠯᠦᠭᠰᠡᠨ ᠢ ᠱᠠᠩᠨᠠᠬᠤ ᠲᠤᠬᠠᠶ ᠵᠠᠷᠯᠠᠯ
ᠨᠡᠶᠢᠲᠡᠯᠡᠭᠰᠡᠨ ᠴᠠᠭ᠄
2022/5/17
ᠥᠷᠭᠡᠨ ᠤᠯᠠᠨ ᠰᠠᠭᠤᠭᠠᠯᠢ ᠠᠷᠠᠳ ᠲᠤ᠄     ᠰᠢᠨ᠎ᠡ ᠲᠢᠲᠢᠮᠯᠢᠭ ᠠᠭᠤᠰᠬᠢᠨ ᠦᠷᠪᠢᠰᠦᠯ ᠤᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠢ ᠤᠯᠠᠮ ᠨᠢᠭᠡ ᠠᠯᠬᠤᠮ ᠴᠢᠩᠭᠠᠳᠬᠠᠵᠤ᠂ ︽ᠭᠠᠳᠠᠨ᠎ᠠ ᠠᠴᠠ ᠬᠠᠯᠳᠠᠪᠤᠷᠢᠯᠠᠨ ᠣᠷᠣᠵᠤ ᠢᠷᠡᠬᠦ ᠶᠢ ᠰᠡᠷᠭᠡᠶᠢᠯᠡᠬᠦ᠂ ᠳᠣᠲᠣᠭᠠᠳᠤ ᠳᠠᠭᠠᠨ ᠳᠠᠬᠢᠨ ᠡᠭᠦᠰᠬᠦ ᠶᠢ ᠰᠡᠷᠭᠡᠶᠢᠯᠡᠬᠦ︾ ᠠᠷᠭ᠎ᠠ ᠪᠣᠳᠣᠯᠭ᠎ᠠ ᠶᠢ ᠴᠢᠩᠭ᠎ᠠ ᠨᠠᠶᠢᠳᠠᠪᠤᠷᠢᠵᠢᠭᠤᠯᠵᠤ᠂ ᠲᠠᠬᠤᠯ ᠡᠪᠡᠳᠴᠢᠨ ᠤ ᠪᠠᠶᠢᠴᠠᠭᠠᠯᠲᠠ ᠶᠢᠨ ᠡᠬᠢ ᠰᠤᠷᠪᠤᠯᠵᠢ ᠶᠢ ᠰᠢᠨᠵᠢᠯᠡᠬᠦ ᠤᠬᠠᠭᠠᠨᠴᠢ ᠪᠥᠭᠡᠳ ᠣᠨᠣᠴᠠᠲᠠᠶ ᠪᠠᠷ ᠮᠥᠷᠳᠡᠵᠦ᠂ ᠨᠡᠶᠢᠭᠡᠮ ᠤᠨ ᠬᠦᠴᠦᠨ ᠢ  ᠬᠦᠢᠴᠡᠳ ᠳᠠᠶᠢᠴᠢᠯᠠᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠳᠤ ᠣᠷᠣᠯᠴᠠᠭᠤᠯᠵᠤ᠂ ᠥᠷᠭᠡᠨ ᠣᠯᠠᠨ ᠲᠦᠮᠡᠨ ᠤ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠳᠤ ᠣᠷᠣᠯᠴᠠᠬᠤ ᠢᠳᠡᠪᠬᠢᠵᠢᠯ ᠢ ᠤᠯᠠᠮ ᠨᠢᠭᠡ ᠠᠯᠬᠤᠮ ᠳᠡᠭᠡᠭᠰᠢᠯᠡᠭᠦᠯᠵᠦ᠂ ᠬᠤᠯᠪᠣᠭᠠᠯᠠᠨ ᠰᠡᠷᠭᠡᠶᠢᠯᠡᠵᠦ ᠬᠤᠯᠪᠣᠭᠠᠯᠠᠨ ᠡᠵᠡᠮᠳᠡᠬᠦ᠂ ᠣᠯᠠᠨ ᠢᠶᠠᠷ ᠢᠶᠠᠨ ᠰᠡᠷᠭᠡᠶᠢᠯᠡᠵᠦ ᠣᠯᠠᠨ ᠢᠶᠠᠷ ᠢᠶᠠᠨ ᠡᠵᠡᠮᠳᠡᠬᠦ ᠨᠢᠭᠲᠠ ᠴᠢᠩᠭ᠎ᠠ ᠰᠡᠷᠭᠡᠶᠢᠯᠡᠯᠲᠡ ᠶᠢᠨ ᠱᠤᠭᠤᠮ ᠢ ᠪᠠᠶᠢᠭᠤᠯᠬᠤ ᠶᠢᠨ ᠲᠥᠯᠥᠭᠡ᠂ ᠤᠷᠠᠳ ᠤᠨ ᠡᠮᠦᠨᠡᠲᠦ ᠬᠤᠰᠢᠭᠤᠨ ᠤ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠶᠡᠷᠦᠩᠬᠡᠶᠢᠯᠡᠭᠰᠡᠨ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠶᠡᠭᠡ ᠠᠩᠭᠢ ᠶᠢᠨ ᠨᠠᠮ ᠤᠨ ᠡᠭᠦᠷ ᠰᠤᠳᠤᠯᠤᠨ ᠲᠣᠭᠲᠠᠭᠠᠭᠠᠳ᠂ ᠡᠯ᠎ᠡ ᠡᠮᠴᠢᠯᠡᠭᠡᠨ ᠤ ᠪᠠᠶᠢᠭᠤᠯᠤᠮᠵᠢ ᠵᠢᠴᠢ ᠣᠯᠠᠨ ᠨᠡᠶᠢᠲᠡ ᠶᠢᠨ ᠲᠠᠯᠠᠪᠤᠷ ︵ᠦᠰᠦ ᠵᠠᠰᠠᠬᠤ ᠭᠠᠵᠠᠷ᠂ ᠵᠢᠰᠦ ᠭᠤᠶᠣᠯᠠᠬᠤ ᠭᠠᠵᠠᠷ᠂ ᠪᠡᠶ᠎ᠡ ᠤᠬᠢᠶᠠᠬᠤ ᠭᠠᠵᠠᠷ᠂ ᠬᠥᠯ ᠵᠠᠰᠠᠯ ᠤᠨ ᠭᠠᠵᠠᠷ︶ ᠤᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠷᠭ᠎ᠠ ᠬᠡᠮᠵᠢᠶ᠎ᠡ ᠶᠢ ᠨᠠᠶᠢᠳᠠᠪᠤᠷᠢᠵᠢᠭᠤᠯᠬᠤ ᠥᠬᠡᠶ ᠪᠠᠶᠢᠬᠤ ᠶᠢ ᠱᠠᠩᠨᠠᠯ ᠲᠠᠢ ᠢᠯᠡᠴᠢᠯᠡᠨ ᠮᠡᠳᠡᠭᠦᠯᠦᠨ᠎ᠡ᠃ ᠡᠳᠦᠭᠡ ᠬᠤᠯᠪᠣᠭᠳᠠᠯ ᠪᠥᠬᠦᠶ ᠵᠦᠢᠯᠡᠰ ᠢ ᠳᠤᠤᠷᠠᠬᠢ ᠮᠡᠲᠦ ᠵᠠᠷᠯᠠᠶ᠎ᠠ᠄    ᠨᠢᠭᠡ᠂ ᠢᠯᠡᠴᠢᠯᠡᠨ ᠮᠡᠳᠡᠭᠦᠯᠬᠦ ᠠᠷᠭ᠎ᠠ ᠥᠷᠭᠡᠨ ᠣᠯᠠᠨ ᠰᠠᠭᠤᠭᠠᠯᠢ ᠠᠷᠠᠳ ᠦᠨᠡᠨ ᠨᠡᠷ᠎ᠡ ᠪᠠᠷ ᠢᠶᠠᠨ ᠪᠤᠶᠤ ᠨᠡᠷ᠎ᠡ ᠪᠠᠨ ᠨᠢᠭᠤᠬᠤ ᠠᠷᠭ᠎ᠠ ᠮᠠᠶ᠋ᠢᠭ ᠢᠶᠠᠷ ᠳᠠᠮᠵᠢᠭᠤᠯᠤᠨ ᠢᠯᠡᠴᠢᠯᠡᠨ ᠮᠡᠳᠡᠭᠦᠯᠵᠦ ᠪᠣᠯᠤᠨ᠎ᠠ᠂ ᠮᠡᠳᠡᠭᠡ ᠵᠠᠩᠭᠢ ᠶᠢ ᠪᠠᠶᠢᠴᠠᠭᠠᠨ ᠭᠡᠷᠡᠴᠢᠯᠡᠬᠦ ᠪᠠ ᠱᠠᠩᠨᠠᠨ ᠬᠥᠬᠢᠭᠦᠯᠬᠦ ᠳᠤ ᠲᠥᠬᠦᠮ ᠪᠣᠯᠭᠠᠵᠤ᠂ ᠦᠨᠡᠨ ᠨᠡᠷ᠎ᠡ ᠪᠠᠷ ᠢᠶᠠᠨ ᠢᠯᠡᠴᠢᠯᠡᠨ ᠮᠡᠳᠡᠭᠦᠯᠬᠦ ᠶᠢ ᠵᠣᠷᠢᠭᠵᠢᠭᠤᠯᠤᠨ᠎ᠠ᠃ ᠢᠯᠡᠴᠢᠯᠡᠨ ᠮᠡᠳᠡᠭᠦᠯᠦᠭᠴᠢ ᠢᠯᠡᠴᠢᠯᠡᠨ ᠮᠡᠳᠡᠭᠦᠯᠦᠭᠰᠡᠨ ᠡᠲᠡᠭᠡᠳ ᠤᠨ ᠨᠡᠷᠡᠶᠢᠳᠦᠯ᠂ ᠬᠠᠶ᠋ᠢᠭ ᠵᠢᠴᠢ ᠲᠣᠭᠲᠠᠭᠠᠯ ᠠᠴᠠ ᠵᠥᠷᠢᠴᠡᠭᠰᠡᠨ ᠪᠣᠳᠠᠲᠤ ᠬᠡᠷᠡᠭ ᠢ ᠨᠠᠷᠢᠨ ᠲᠣᠳᠣᠷᠬᠠᠶᠢᠯᠠᠬᠤ ᠶᠢᠨ ᠬᠠᠮᠲᠤ ᠲᠤᠬᠠᠶ ᠶᠢᠨ ᠲᠠᠯᠠᠪᠠᠶ ᠶᠢᠨ ᠬᠡᠷᠡᠯ ᠵᠢᠷᠤᠭ ᠪᠤᠶᠤ ᠬᠠᠷᠠᠭᠠᠨ ᠳᠠᠪᠲᠠᠮᠵᠢ ᠶᠢᠨ ᠮᠠᠲ᠋ᠧᠷᠢᠶᠠᠯ ᠢ ᠠᠯᠢ ᠴᠢᠳᠠᠬᠤ ᠪᠠᠷ ᠬᠠᠩᠭᠠᠬᠤ ᠬᠡᠷᠡᠭᠲᠡᠶ᠃ ᠢᠯᠡᠴᠢᠯᠡᠨ ᠮᠡᠳᠡᠭᠦᠯᠦᠭᠴᠢ ᠤᠷᠠᠳ ᠤᠨ ᠡᠮᠦᠨᠡᠲᠦ ᠬᠤᠰᠢᠭᠤᠨ ᠤ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠶᠡᠷᠦᠩᠬᠡᠶᠢᠯᠡᠭᠰᠡᠨ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠶᠡᠭᠡ ᠠᠩᠭᠢ ᠳᠤ ᠢᠯᠡᠴᠢᠯᠡᠨ ᠮᠡᠳᠡᠭᠦᠯᠵᠦ ᠪᠣᠯᠤᠨ᠎ᠠ᠂ ᠬᠢᠨᠠᠯᠲᠠ ᠲᠠᠯᠪᠢᠵᠤ ᠢᠯᠡᠴᠢᠯᠡᠨ ᠮᠡᠳᠡᠭᠦᠯᠬᠦ ᠤᠲᠠᠰᠤ᠄ 04787973722᠂ ᠰᠢᠤᠳᠠᠨ ᠤ ᠬᠠᠶᠢᠷᠴᠠᠭ᠄ wqqwjzfj @ 163 . com    ᠬᠤᠶᠠᠷ᠂ ᠢᠯᠡᠴᠢᠯᠡᠨ ᠮᠡᠳᠡᠭᠦᠯᠬᠦ ᠬᠡᠪᠴᠢᠶ᠎ᠡ ᠬᠢᠭᠡᠳ ᠠᠭᠤᠯᠭ᠎ᠠ ᠤᠷᠠᠳ ᠤᠨ ᠡᠮᠦᠨᠡᠲᠦ ᠬᠤᠰᠢᠭᠤᠨ ᠤ ᠬᠡᠪᠴᠢᠶᠡᠨ ᠳᠤ ᠠᠷᠢᠭᠤᠨ ᠴᠡᠪᠡᠷ ᠤᠨ ᠵᠥᠪᠰᠢᠶᠡᠷᠡᠯ ᠤᠨ ᠦᠨᠡᠮᠯᠡᠯ ᠢ ᠬᠢᠨᠠᠨ ᠣᠯᠭᠤᠭᠰᠠᠨ ᠪᠣᠯᠪᠠᠴᠤ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠷᠭ᠎ᠠ ᠬᠡᠮᠵᠢᠶ᠎ᠡ ᠶᠢ ᠴᠢᠩᠭ᠎ᠠ ᠨᠠᠶᠢᠳᠠᠪᠤᠷᠢᠵᠢᠭᠤᠯᠤᠭᠰᠠᠨ ᠥᠬᠡᠶ ᠡᠵᠡᠩᠨᠡᠯᠲᠡ ᠶᠢᠨ ᠨᠢᠭᠡᠴᠡ᠂ ᠡᠭᠦᠨ ᠳᠤ ᠡᠮᠴᠢᠯᠡᠭᠡᠨ ᠤ ᠪᠠᠶᠢᠭᠤᠯᠤᠮᠵᠢ ᠵᠢᠴᠢ ᠣᠯᠠᠨ ᠨᠡᠶᠢᠲᠡ ᠶᠢᠨ ᠲᠠᠯᠠᠪᠤᠷ ︵ᠦᠰᠦ ᠵᠠᠰᠠᠬᠤ ᠭᠠᠵᠠᠷ᠂ ᠵᠢᠰᠦ ᠭᠤᠶᠣᠯᠠᠬᠤ ᠭᠠᠵᠠᠷ᠂ ᠪᠡᠶ᠎ᠡ ᠤᠬᠢᠶᠠᠬᠤ ᠭᠠᠵᠠᠷ᠂ ᠬᠥᠯ ᠵᠠᠰᠠᠯ ᠤᠨ ᠭᠠᠵᠠᠷ︶ ᠪᠠᠭᠲᠠᠨ᠎ᠠ᠃  ︵ᠨᠢᠭᠡ︶᠂ ᠲᠣᠭᠲᠠᠭᠠᠯ ᠶᠣᠰᠣᠭᠠᠷ ︽ᠪᠠᠶᠠᠨᠨᠠᠭᠤᠷ ᠤᠨ ᠡᠷᠡᠭᠦᠯ ᠮᠡᠨᠳᠦ ᠶᠢᠨ ᠡᠷᠳᠡᠨᠢ︾ ᠶᠢ ᠬᠡᠷᠡᠭᠯᠡᠬᠦ ᠥᠬᠡᠶ ᠂ ᠲᠠᠯᠠᠪᠤᠷ ᠲᠤ ᠣᠷᠣᠬᠤ ᠳᠠᠭᠠᠨ ᠱᠠᠭᠠᠷᠳᠠᠯᠭ᠎ᠠ ᠶᠣᠰᠣᠭᠠᠷ ᠲᠠᠯᠠᠪᠤᠷ ᠤᠨ ᠺᠣᠳ᠋ ᠢ ᠰᠢᠷᠪᠢᠭᠰᠡᠨ ᠥᠬᠡᠶ︔︵ᠬᠤᠶᠠᠷ︶ ᠳᠡᠯᠭᠡᠭᠦᠷ ᠲᠤ ᠣᠷᠣᠬᠤ ᠳᠤ ᠺᠣᠳ᠋ ᠰᠢᠷᠪᠢᠬᠦ ᠦᠭᠡᠢ᠂ ᠪᠡᠶ᠎ᠡ ᠶᠢᠨ ᠳᠤᠯᠠᠭᠠᠨ ᠢᠶᠠᠨ ᠬᠡᠮᠵᠢᠬᠦ ᠦᠭᠡᠢ᠂ ᠠᠮᠠᠪᠴᠢ ᠵᠡᠭᠦᠬᠦ ᠦᠭᠡᠢ︔︵ᠭᠤᠷᠪᠠ︶ ᠡᠮᠴᠢᠯᠡᠭᠡᠨ ᠤ ᠪᠠᠶᠢᠭᠤᠯᠤᠮᠵᠢ ᠳᠤ ᠤᠷᠢᠳᠴᠢᠯᠠᠨ ᠪᠠᠶᠢᠴᠠᠭᠠᠵᠤ ᠰᠠᠯᠭᠠᠨ ᠣᠨᠣᠰᠢᠯᠠᠬᠤ ᠲᠦᠷᠢᠮ ᠢ ᠴᠢᠩᠭ᠎ᠠ ᠨᠠᠶᠢᠳᠠᠪᠤᠷᠢᠵᠢᠭᠤᠯᠤᠭᠰᠠᠨ ᠥᠬᠡᠶ᠂ ᠬᠠᠯᠠᠭᠤᠷᠠᠬᠤ᠂ ᠬᠠᠨᠢᠶᠠᠬᠤ᠂ ᠴᠡᠭᠡᠵᠢ ᠪᠢᠲᠡᠭᠦᠷᠡᠬᠦ ᠵᠡᠷᠭᠡ ᠰᠢᠨ᠎ᠡ ᠲᠢᠲᠢᠮᠯᠢᠭ ᠠᠭᠤᠰᠬᠢᠨ ᠦᠷᠪᠢᠰᠦᠯ ᠤᠨ ᠬᠤᠯᠪᠣᠭᠳᠠᠯ ᠪᠥᠬᠦᠶ ᠡᠪᠡᠳᠴᠢᠨ ᠤ ᠢᠯᠡᠷᠡᠯ ᠲᠠᠢ ᠬᠥᠮᠦᠰ ᠢ ᠴᠠᠭ ᠲᠤᠬᠠᠶ ᠳᠤᠨᠢ ᠲᠤᠰᠠᠭᠠᠷᠯᠠᠭᠰᠠᠨ ᠥᠬᠡᠶ ᠪᠥᠭᠡᠳ‌‍ᠲ᠋ᠣᠭᠲᠠᠭᠰᠠᠨ ᠡᠮᠴᠢᠯᠡᠭᠡᠨ ᠤ ᠪᠠᠶᠢᠭᠤᠯᠤᠮᠵᠢ ᠶᠢᠨ ᠬᠠᠯᠠᠭᠤᠷᠠᠬᠤ ᠡᠭᠦᠳᠡᠨ ᠡᠮᠨᠡᠯᠭᠡ ᠳᠤ ᠰᠢᠯᠵᠢᠭᠦᠯᠦᠨ ᠡᠮᠨᠡᠭᠦᠯᠦᠭᠰᠡᠨ ᠥᠬᠡᠶ︔︵ᠳᠥᠷᠪᠡ︶ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠱᠠᠭᠠᠷᠳᠠᠯᠭ᠎ᠠ ᠶᠢ ᠴᠢᠩᠭ᠎ᠠ ᠨᠠᠶᠢᠳᠠᠪᠤᠷᠢᠵᠢᠭᠤᠯᠤᠭᠰᠠᠨ ᠥᠬᠡᠶ᠂ ︽ᠰᠢᠷ᠎ᠠ ᠺᠣᠳ᠋︾᠂ ︽ᠤᠯᠠᠭᠠᠨ ᠺᠣᠳ᠋︾ ᠵᠡᠷᠭᠡ ᠠᠶᠤᠯ ᠲᠦᠭᠰᠢᠭᠦᠷᠢᠲᠡᠶ ᠲᠠᠢ ᠬᠥᠮᠦᠰ ᠣᠷᠣᠵᠤ ᠭᠠᠷᠬᠤ ᠳᠤ ᠪᠠᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠵᠢᠯᠣᠭᠤᠳᠬᠤ ᠭᠠᠵᠠᠷ ᠲᠤ ᠮᠡᠳᠡᠭᠦᠯᠦᠭᠰᠡᠨ ᠥᠬᠡᠶ᠃ᠭᠤᠷᠪᠠ᠂ ᠱᠠᠩᠨᠠᠬᠤ ᠪᠠᠷᠢᠮᠵᠢᠶ᠎ᠠ  ︵ᠨᠢᠭᠡ︶ ᠢᠯᠡᠴᠢᠯᠡᠨ ᠮᠡᠳᠡᠭᠦᠯᠦᠭᠰᠡᠨ ᠠᠰᠠᠭᠤᠳᠠᠯ ᠢ ᠪᠠᠶᠢᠴᠠᠭᠠᠨ ᠳᠣᠲᠣᠯᠠᠭᠠᠳ ᠦᠨᠡᠨ ᠪᠣᠳᠠᠲᠠᠶ ᠪᠠᠶᠢᠪᠠᠯ ᠰᠦᠪᠡᠭᠴᠢ ᠪᠦᠷᠢ ᠳᠤ 50 ᠲᠥᠭᠦᠷᠢᠭ ᠤᠨ ᠱᠠᠩᠨᠠᠯ ᠣᠯᠭᠤᠨ᠎ᠠ ︵ᠬᠤᠶᠠᠷ︶ ᠨᠡᠷ᠎ᠡ ᠪᠤᠷᠤᠭᠤᠯᠠᠵᠤ ᠢᠯᠡᠴᠢᠯᠡᠨ ᠮᠡᠳᠡᠭᠦᠯᠦᠭᠰᠡᠨ ᠪᠠᠶᠢᠪᠠᠯ᠂ ᠬᠢᠨᠠᠨ ᠪᠠᠶᠢᠴᠠᠭᠠᠵᠤ ᠰᠢᠢᠳᠪᠦᠷᠢᠯᠡᠵᠦ ᠳᠠᠭᠤᠰᠤᠭᠰᠠᠨ ᠤ ᠳᠠᠷᠠᠭ᠎ᠠ ᠢᠯᠡᠴᠢᠯᠡᠨ ᠮᠡᠳᠡᠭᠦᠯᠦᠭᠴᠢ ᠶᠢᠨ ᠦᠨᠡᠨ ᠪᠣᠳᠠᠲᠠᠢ ᠪᠡᠶ᠎ᠡ ᠬᠡᠮ ᠢ ᠲᠣᠭᠲᠠᠭᠠᠵᠤ ᠴᠢᠳᠠᠪᠠᠯ ᠱᠠᠩᠨᠠᠨ ᠬᠥᠬᠢᠭᠦᠯᠦᠨ᠎ᠡ︔ ᠨᠡᠷ᠎ᠡ ᠬᠤᠯᠪᠣᠭᠠᠯᠠᠨ ᠢᠯᠡᠴᠢᠯᠡᠨ ᠮᠡᠳᠡᠭᠦᠯᠦᠭᠰᠡᠨ ᠪᠠᠶᠢᠪᠠᠯ᠂ ᠨᠢᠭᠡ ᠬᠥᠮᠦᠨ ᠨᠢᠭᠡ ᠤᠳᠠᠭ᠎ᠠ ᠪᠠᠷ ᠱᠠᠩᠨᠠᠨ᠎ᠠ︔ ᠣᠯᠠᠨ ᠬᠥᠮᠦᠨ ᠠᠳᠠᠯᠢ ᠨᠢᠭᠡᠨ ᠰᠦᠪᠡᠭᠴᠢ ᠶᠢ ᠢᠯᠡᠴᠢᠯᠡᠨ ᠮᠡᠳᠡᠭᠦᠯᠦᠭᠰᠡᠨ ᠪᠠᠶᠢᠪᠠᠯ᠂ ᠨᠢᠭᠡᠳᠦᠭᠡᠷ ᠢᠯᠡᠴᠢᠯᠡᠨ ᠮᠡᠳᠡᠭᠦᠯᠦᠭᠴᠢ ᠶᠢ ᠱᠠᠩᠨᠠᠨ᠎ᠠ᠃︵ᠭᠤᠷᠪᠠ︶ ᠳᠤᠤᠷᠠᠬᠢ ᠪᠠᠶᠢᠳᠠᠯ ᠤᠨ ᠨᠢᠭᠡ ᠨᠢ ᠪᠠᠶᠢᠪᠠᠯ ᠱᠠᠩᠨᠠᠬᠤ ᠥᠬᠡᠶ᠄ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠵᠦ ᠵᠢᠭᠰᠠᠭᠠᠨ ᠪᠠᠶᠢᠴᠠᠭᠠᠬᠤ ᠠᠵᠢᠯ ᠤᠨ ᠡᠭᠦᠷᠭᠡ ᠬᠠᠷᠢᠭᠤᠴᠠᠯᠭ᠎ᠠ ᠶᠢ ᠡᠭᠦᠷᠭᠡᠯᠡᠭᠰᠡᠨ︔ ᠨᠡᠷ᠎ᠡ ᠪᠤᠷᠤᠭᠤᠯᠠᠭᠰᠠᠨ ᠢᠯᠡᠴᠢᠯᠡᠨ ᠮᠡᠳᠡᠭᠦᠯᠦᠭᠴᠢ ᠨᠢ ᠢᠯᠡᠴᠢᠯᠡᠨ ᠮᠡᠳᠡᠭᠦᠯᠦᠭᠴᠢ ᠶᠢᠨ ᠦᠨᠡᠨ ᠪᠣᠳᠠᠲᠠᠢ ᠪᠡᠶ᠎ᠡ ᠭᠡᠮ ᠢ ᠬᠢᠨᠠᠨ ᠬᠠᠷᠭᠤᠭᠤᠯᠬᠤ ᠶᠢᠨ ᠠᠷᠭ᠎ᠠ ᠦᠭᠡᠢ ᠪᠤᠶᠤ ᠢᠯᠡᠴᠢᠯᠡᠨ ᠮᠡᠳᠡᠭᠦᠯᠦᠭᠴᠢ ᠲᠠᠢ ᠬᠠᠷᠢᠯᠴᠠᠬᠤ ᠶᠢᠨ ᠠᠷᠭ᠎ᠠ ᠦᠭᠡᠢ︔ ᠢᠯᠡᠴᠢᠯᠡᠨ ᠮᠡᠳᠡᠭᠦᠯᠦᠭᠰᠡᠨ ᠠᠭᠤᠯᠭ᠎ᠠ ᠨᠢ ᠲᠣᠳᠣᠷᠬᠠᠶ ᠦᠭᠡᠢ᠂ ᠪᠠᠶᠢᠴᠠᠭᠠᠨ ᠲᠣᠳᠣᠯᠠᠬᠤ ᠶᠢᠨ ᠠᠷᠭ᠎ᠠ ᠦᠭᠡᠢ︔ ᠢᠯᠡᠴᠢᠯᠡᠨ ᠮᠡᠳᠡᠭᠦᠯᠦᠭᠳᠡᠭᠰᠡᠨ ᠠᠵᠢᠯᠯᠠᠭ᠎ᠠ ᠶᠢ ᠨᠢᠭᠡᠨᠲᠡ ᠢᠯᠡᠷᠡᠭᠦᠯᠦᠭᠰᠡᠨ ᠪᠤᠶᠤ ᠬᠠᠮᠵᠢᠨ ᠪᠠᠶᠢᠴᠠᠭᠠᠵᠤ ᠪᠠᠶᠢᠭ᠎ᠠ ᠵᠢᠴᠢ ᠪᠤᠰᠤᠳ ᠱᠠᠩᠨᠠᠬᠤ ᠳᠤ ᠲᠣᠬᠢᠷᠠᠮᠵᠢ ᠦᠭᠡᠢ  ᠪᠠᠶᠢᠳᠠᠯ᠃    ᠳᠥᠷᠪᠡ᠂ ᠢᠯᠡᠴᠢᠯᠡᠨ ᠮᠡᠳᠡᠭᠦᠯᠦᠭᠰᠡᠨ ᠢ ᠬᠦᠯᠢᠶᠡᠨ ᠠᠪᠴᠤ  ᠰᠢᠢᠳᠪᠦᠷᠢᠯᠡᠬᠦ ᠴᠠᠭ ᠬᠤᠭᠤᠴᠠᠭ᠎ᠠ     9᠄ 00  — 22᠄ 00     ᠲᠠᠪᠤ᠂ ᠪᠤᠰᠤᠳ ᠵᠦᠢᠯ  ︵ᠨᠢᠭᠡ︶ ᠢᠯᠡᠴᠢᠯᠡᠨ ᠮᠡᠳᠡᠭᠦᠯᠦᠭᠰᠡᠨ ᠰᠦᠪᠡᠭᠴᠢ ᠶᠢ ᠪᠠᠶᠢᠴᠠᠭᠠᠨ ᠳᠣᠲᠣᠯᠠᠬᠤ ᠪᠠᠷ ᠳᠡᠮᠵᠢᠨ᠂ ᠬᠤᠯᠪᠣᠭᠳᠠᠯ ᠪᠥᠬᠦᠶ ᠡᠮᠴᠢᠯᠡᠭᠡᠨ ᠤ ᠪᠠᠶᠢᠭᠤᠯᠤᠮᠵᠢ ᠵᠢᠴᠢ ᠲᠠᠯᠠᠪᠤᠷ ᠭᠠᠵᠠᠷ ᠢ ᠱᠠᠭᠠᠷᠳᠠᠯᠭ᠎ᠠ ᠶᠣᠰᠣᠭᠠᠷ ᠰᠢᠢᠳᠪᠦᠷᠢᠯᠡᠬᠦ ᠶᠢᠨ ᠬᠠᠮᠲᠤ᠂ ᠬᠤᠯᠪᠣᠭᠳᠠᠯ ᠪᠥᠬᠦᠶ ᠬᠠᠤᠯᠢ ᠴᠠᠭᠠᠵᠠ ᠬᠠᠤᠯᠢ ᠲᠣᠭᠲᠠᠭᠠᠯ ᠶᠣᠰᠣᠭᠠᠷ ᠬᠤᠯᠪᠣᠭᠳᠠᠯ ᠪᠥᠬᠦᠶ ᠬᠠᠷᠢᠭᠤᠴᠠᠯᠭ᠎ᠠ ᠨᠡᠬᠡᠮᠵᠢᠯᠡᠨ᠎ᠡ᠃ ︵ᠬᠤᠶᠠᠷ︶ ᠢᠯᠡᠴᠢᠯᠡᠨ ᠮᠡᠳᠡᠭᠦᠯᠦᠭᠴᠢ ᠢᠯᠡᠴᠢᠯᠡᠨ ᠮᠡᠳᠡᠭᠦᠯᠦᠭᠰᠡᠨ ᠠᠭᠤᠯᠭ᠎ᠠ ᠶᠢᠨ ᠦᠨᠡᠨ ᠪᠣᠳᠠᠲᠤ ᠴᠢᠨᠠᠷ ᠲᠤ ᠬᠠᠷᠢᠭᠤᠴᠠᠵᠤ᠂ ᠮᠠᠭᠤ ᠰᠠᠨᠠᠭ᠎ᠠ ᠲᠠᠢ ᠪᠠᠷ ᠢᠯᠡᠴᠢᠯᠡᠨ ᠮᠡᠳᠡᠭᠦᠯᠦᠭᠰᠡᠨ᠂ ᠪᠤᠰᠤᠳ ᠢ ᠭᠦᠳᠬᠡᠭᠰᠡᠨ᠂ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠤᠨ ᠡᠮᠬᠢ ᠵᠢᠷᠤᠮ ᠢ ᠰᠠᠮᠠᠭᠤᠷᠠᠭᠤᠯᠤᠭᠰᠠᠨ ᠪᠠᠶᠢᠪᠠᠯ ᠂ ᠬᠠᠤᠯᠢ ᠶᠣᠰᠣᠭᠠᠷ ᠬᠠᠤᠯᠢ ᠶᠢᠨ ᠬᠠᠷᠢᠭᠤᠴᠠᠯᠭ᠎ᠠ ᠨᠡᠬᠡᠮᠵᠢᠯᠡᠨ᠎ᠡ᠃ ︵ᠭᠤᠷᠪᠠ︶ ᠪᠠᠶᠢᠴᠠᠭᠠᠨ ᠲᠣᠳᠣᠯᠠᠭᠰᠠᠨ ᠨᠢ ᠦᠨᠡᠨ ᠪᠣᠳᠠᠲᠠᠶ ᠢᠯᠡᠴᠢᠯᠡᠨ ᠮᠡᠳᠡᠭᠦᠯᠦᠭᠰᠡᠨ ᠮᠡᠳᠡᠭᠡ ᠵᠠᠩᠭᠢ ᠳᠤ ᠱᠠᠩᠨᠠᠯ ᠣᠯᠭᠤᠭᠰᠠᠨ ᠪᠥᠭᠡᠳ ᠢᠯᠡᠴᠢᠯᠡᠨ ᠮᠡᠳᠡᠭᠦᠯᠦᠭᠴᠢ ᠶᠢᠨ ᠮᠡᠳᠡᠭᠡ ᠵᠠᠩᠭᠢ ᠶᠢᠨ ᠨᠢᠭᠤᠴᠠ ᠶᠢ ᠴᠢᠩᠭ᠎ᠠ ᠬᠠᠮᠠᠭᠠᠯᠠᠵᠤ᠂ ᠢᠯᠡᠴᠢᠯᠡᠨ ᠮᠡᠳᠡᠭᠦᠯᠦᠭᠴᠢ ᠶᠢᠨ ᠮᠡᠳᠡᠭᠡ ᠵᠠᠩᠭᠢ ᠶᠢ ᠵᠠᠳᠠᠷᠠᠭᠤᠯᠤᠭᠰᠠᠨ ᠪᠠᠶᠢᠪᠠᠯ᠂ ᠬᠠᠤᠯᠢ ᠰᠠᠬᠢᠯᠭ᠎ᠠ ᠶᠢᠨ ᠶᠣᠰᠣᠭᠠᠷ ᠬᠠᠷᠢᠭᠤᠴᠠᠯᠭ᠎ᠠ ᠨᠡᠬᠡᠮᠵᠢᠯᠡᠨ᠎ᠡ᠃ ︵ᠳᠥᠷᠪᠡ︶ ᠱᠠᠩᠨᠠᠯ ᠤᠨ ᠪᠠᠯᠠ ᠮᠥᠩᠭᠦ ᠶᠢ ᠤᠷᠠᠳ ᠤᠨ ᠡᠮᠦᠨᠡᠲᠦ ᠬᠤᠰᠢᠭᠤᠨ ᠤ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠶᠡᠷᠦᠩᠬᠡᠶᠢᠯᠡᠭᠰᠡᠨ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠶᠡᠭᠡ ᠠᠩᠭᠢ ᠠᠴᠠ ᠬᠠᠷᠢᠭᠤᠴᠠᠨ ᠣᠯᠭᠤᠨ᠎ᠠ᠃ ᠲᠣᠰ ᠵᠠᠷᠯᠠᠯ ᠢ ᠤᠷᠠᠳ ᠤᠨ ᠡᠮᠦᠨᠡᠲᠦ ᠬᠤᠰᠢᠭᠤᠨ ᠤ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠶᠡᠷᠦᠩᠬᠡᠶᠢᠯᠡᠭᠰᠡᠨ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠶᠡᠭᠡ ᠠᠩᠭᠢ ᠠᠴᠠ ᠬᠠᠷᠢᠭᠤᠴᠠᠨ ᠲᠠᠶᠢᠯᠪᠤᠷᠢᠯᠠᠨ᠎ᠠ᠂ ᠬᠠᠮᠢᠶ᠎ᠠ ᠪᠥᠬᠦᠶ ᠬᠠᠮᠢᠶᠠᠷᠤᠨ ᠡᠵᠡᠮᠳᠡᠬᠦ ᠲᠥᠷᠥ ᠶᠢᠨ ᠪᠣᠳᠣᠯᠭ᠎ᠠ ᠳᠤ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠪᠠᠶᠢᠳᠠᠯ ᠢ ᠦᠨᠳᠦᠰᠦᠯᠡᠨ ᠬᠥᠳᠡᠯᠦᠩᠭᠦᠶ ᠪᠠᠷ ᠲᠣᠬᠢᠷᠠᠭᠤᠯᠤᠯᠲᠠ ᠬᠢᠨ᠎ᠠ᠃ ᠲᠤᠰ ᠮᠡᠳᠡᠭᠳᠡᠯ ᠢ ᠨᠡᠶᠢᠲᠡᠯᠡᠭᠰᠡᠨ ᠡᠳᠦᠷ ᠠᠴᠠ ᠡᠬᠢᠯᠡᠵᠦ ᠬᠡᠷᠡᠭᠵᠢᠭᠦᠯᠦᠨ᠎ᠡ᠃ ᠳᠠᠭᠠᠯᠳᠤᠭᠤᠯᠤᠯ᠄ ᠭᠤᠣᠯ ᠬᠠᠷᠢᠭᠤᠴᠠᠯᠭᠠᠲᠠᠨ ᠤ ᠢᠯᠡᠴᠢᠯᠡᠨ ᠮᠡᠳᠡᠭᠦᠯᠬᠦ ᠤ᠊ᠳ᠋ᠠᠰᠤ
疫情防控举报.jpg
ᠢᠷᠡᠯᠲᠡ᠄ ᠤᠷᠠᠳ ᠤᠨ ᠡᠮᠦᠨᠡᠲᠦ ᠬᠤᠰᠢᠭᠤᠨ ᠤ ᠵᠠᠰᠠᠭ ᠤᠨ ᠣᠷᠳᠤᠨ ᠤ ᠮᠣᠩᠭᠤᠯ ᠰᠦᠯᠵᠢᠶ᠎ᠡ