ᠤᠷᠠᠳ ᠤᠨ ᠡᠮᠦᠨᠡᠲᠦ  ᠬᠤᠰᠢᠭᠤ ᠲᠤᠰᠬᠠᠢ ᠰᠡᠳᠦᠪᠲᠦ ᠣᠨᠣᠯ ᠤᠨ ᠤᠬᠠᠭᠤᠯᠤᠨ ᠲᠠᠶᠢᠯᠪᠤᠷᠢᠯᠠᠬᠤ ᠮᠡᠳᠡᠭᠦᠯᠦᠯᠲᠡ ᠶᠢᠨ ᠬᠤᠷᠠᠯ ᠡᠷᠭᠢᠯᠡᠪᠡ
ᠨᠡᠶᠢᠲᠡᠯᠡᠭᠰᠡᠨ ᠴᠠᠭ᠄
2022/5/19
    ᠣᠶᠢᠷ᠎ᠠ ᠳᠤ᠂ ᠡᠮᠦᠨᠡᠲᠦ ᠬᠤᠰᠢᠭᠤᠨ ᠤ ︽ᠬᠤᠷᠢᠳᠤᠭᠠᠷ ᠶᠡᠭᠡ ᠬᠤᠷᠠᠯ ᠢ ᠤᠭᠲᠤᠵᠤ · ᠰᠢ ᠶᠢᠨ ᠫᠢᠩ ᠤᠨ ᠦᠭᠡ ᠲᠦᠮᠡᠨ ᠡᠷᠦᠬᠡ ᠶᠢ ᠢᠪᠡᠭᠡᠬᠦ︾ ᠶᠡᠷᠦᠩᠬᠡᠢ ᠱᠦᠵᠢ ᠰᠢ ᠶᠢᠨ ᠫᠢᠩ  ᠶᠢᠨ ᠴᠢᠬᠤᠯᠠ ᠶᠠᠷᠢᠶᠠᠨ ᠤ ᠵᠣᠷᠢᠭ ᠰᠠᠨᠠᠭ᠎ᠠ ᠶᠢ ᠰᠤᠷᠤᠯᠴᠠᠨ  ᠲᠤᠭᠤᠰᠢᠯᠠᠭᠤᠯᠬᠤ ᠤᠬᠠᠭᠤᠯᠭ᠎ᠠ ᠶᠢᠨ ᠮᠡᠳᠡᠭᠦᠯᠦᠯᠲᠡ ᠶᠢᠨ ᠬᠤᠷᠠᠯ ᠬᠤᠰᠢᠭᠤᠨ ᠤ ᠰᠣᠶᠣᠯ ᠲᠠᠮᠢᠷ ᠵᠢᠭᠤᠯᠴᠢᠯᠠᠯ ᠷᠠᠳᠢᠣ᠋ ᠲᠧᠯᠸᠢᠰ ᠤᠨ ᠲᠣᠪᠴᠢᠶ᠎ᠠ ᠳᠤ ᠶᠠᠪᠤᠭᠳᠠᠪᠠ᠃ ᠲᠤᠰ ᠲᠣᠪᠴᠢᠶ᠎ᠠ ᠶᠢᠨ ᠪᠠᠶᠢᠭᠤᠯᠤᠯᠭ᠎ᠠ ᠵᠢᠴᠢ ᠬᠤᠶᠠᠳᠤᠭᠠᠷ ᠳᠡᠰ ᠤᠨ ᠨᠢᠭᠡᠴᠢ ᠶᠢᠨ ᠺᠠᠳ᠋ᠷ ᠠᠵᠢᠯᠲᠠᠨ ᠠᠵᠢᠯᠴᠢᠨ ᠤ ᠮᠡᠳᠡᠭᠦᠯᠦᠯᠲᠡ ᠶᠢ ᠰᠣᠨᠣᠰᠴᠠᠢ᠃    ᠮᠡᠳᠡᠭᠦᠯᠦᠯᠲᠡ ᠶᠢᠨ ᠬᠤᠷᠠᠯ ᠳᠡᠭᠡᠷ᠎ᠡ᠂ ᠡᠮᠦᠨᠡᠲᠦ ᠬᠤᠰᠢᠭᠤᠨ ᠤ ᠨᠠᠮ ᠤᠨ ᠬᠤᠷᠢᠶ᠎ᠠ ᠶᠢᠨ ᠤᠬᠠᠭᠤᠯᠬᠤ ᠬᠡᠯᠲᠡᠰ ᠤᠨ ᠳᠡᠳ᠋ ᠳᠠᠷᠤᠭ᠎ᠠ᠂ ᠬᠤᠰᠢᠭᠤᠨ ᠤ ᠨᠠᠮ ᠤᠨ ᠬᠤᠷᠢᠶ᠎ᠠ ᠶᠢᠨ ᠣᠨᠣᠯ ᠤᠨ ᠤᠬᠠᠭᠤᠯᠤᠨ ᠲᠠᠶᠢᠯᠪᠤᠷᠢᠯᠠᠬᠤ ᠪᠦᠯᠬᠦᠮ ᠤᠨ ᠭᠡᠰᠢᠭᠦᠨ ᠶᠠᠩ ᠱᠤ᠋ ᠹᠧᠨ ︽ᠨᠠᠨᠳᠢᠨ ᠨᠠᠶᠢᠳᠠᠯᠭ᠎ᠠ ᠶᠢ ᠪᠠᠲᠤ ᠴᠡᠭᠡᠵᠢᠯᠡᠵᠦ ᠴᠠᠭ ᠦᠶ᠎ᠡ ᠶᠢᠨ ᠢᠷᠠᠭᠤ ᠬᠠᠭᠤᠳᠠᠰᠤ ᠶᠢ ᠦᠷᠭᠦᠯᠵᠢᠯᠡᠨ ᠪᠢᠴᠢᠭᠯᠡᠶ᠎ᠡ︾ ᠭᠡᠬᠦ ᠰᠡᠳᠦᠪ ᠢᠶᠠᠷ ᠲᠤᠰᠬᠠᠢ ᠰᠡᠳᠦᠪᠲᠦ ᠤᠬᠠᠭᠤᠯᠤᠨ ᠲᠠᠶᠢᠯᠪᠤᠷᠢᠯᠠᠯᠲᠠ ᠬᠢᠪᠡ᠃ ᠤᠬᠠᠭᠤᠯᠤᠨ ᠲᠠᠶᠢᠯᠪᠤᠷᠢᠯᠠᠬᠤ ᠳᠠᠭᠠᠨ ︽ᠲᠠᠪᠤᠨ ᠵᠠᠪᠠᠯ ᠶᠠᠪᠤᠬᠤ ᠵᠠᠮ︾ ᠤᠨ ᠴᠢᠬᠤᠯᠠ ᠶᠡᠭᠡ ᠠᠴᠢ ᠬᠤᠯᠪᠣᠭᠳᠠᠯ ᠢ ᠭᠦᠨᠵᠡᠭᠡᠢ ᠣᠶᠢᠯᠠᠭᠠᠵᠤ᠂ ᠡᠷᠡᠰ ᠪᠠᠲᠤ ᠤᠬᠠᠮᠰᠠᠷ ᠢᠶᠠᠷ ᠶᠡᠷᠦᠩᠬᠡᠢ ᠱᠦᠵᠢ ᠶᠢᠨ ᠵᠢᠭᠠᠭᠰᠠᠨ ᠴᠢᠭᠯᠡᠯ ᠢᠶᠠᠷ ᠡᠷᠡᠯᠬᠡᠭᠯᠡᠨ ᠤᠷᠤᠭᠰᠢᠯᠠᠵᠤ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤᠳᠬᠠᠵᠤ᠂ ᠰᠢᠨ᠎ᠡ ᠴᠠᠭ ᠦᠶ᠎ᠡ ᠶᠢᠨ ᠦᠨᠳᠦᠰᠦᠲᠡᠨ ᠤ ᠠᠵᠢᠯ ᠤᠨ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠬᠤ ᠵᠢᠴᠢ ᠶᠡᠷᠦᠩᠬᠡᠢ ᠱᠦᠵᠢ ᠰᠢ ᠶᠢᠨ ᠫᠢᠩ ᠤᠨ ᠨᠠᠶᠢᠳᠠᠯᠭ᠎ᠠ ᠶᠢ ᠪᠠᠲᠤ ᠴᠡᠭᠡᠵᠢᠯᠡᠵᠦ᠂ ᠰᠢᠨ᠎ᠡ ᠴᠠᠭ ᠦᠶ᠎ᠡ ᠶᠢᠨ ᠪᠠᠶᠠᠨᠨᠠᠭᠤᠷ ᠤᠨ ᠴᠢᠨᠠᠷ ᠰᠠᠶᠢᠲᠠᠢ ᠬᠥᠭᠵᠢᠯᠲᠡ ᠶᠢᠨ ᠰᠢᠨ᠎ᠡ ᠬᠠᠭᠤᠳᠠᠰᠤ ᠶᠢ ᠴᠢᠷᠮᠠᠶᠢᠨ ᠪᠢᠴᠢᠭᠯᠡᠬᠦ ᠵᠡᠷᠭᠡ ᠭᠤᠷᠪᠠᠨ ᠲᠠᠯ᠎ᠠ ᠠᠴᠠ ᠶᠡᠷᠦᠩᠬᠡᠢ ᠱᠦᠵᠢ ᠰᠢ ᠶᠢᠨ ᠫᠢᠩ ᠠᠷᠪᠠᠨ ᠭᠤᠷᠪᠠᠳᠤᠭᠠᠷ ᠬᠤᠭᠤᠴᠠᠭᠠᠨ ᠤ ᠪᠦᠬᠦ ᠤᠯᠤᠰ ᠤᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠲᠠᠪᠤᠳᠤᠭᠠᠷ ᠬᠤᠷᠠᠯ ᠤᠨ ᠥᠪᠥᠷ ᠮᠣᠩᠭᠤᠯ ᠤᠨ ᠲᠥᠯᠥᠭᠡᠯᠡᠭᠴᠢᠳ ᠤᠨ ᠪᠦᠯᠬᠦᠮ ᠤᠨ ᠬᠢᠨᠠᠨ ᠵᠥᠪᠯᠡᠬᠦ ᠳᠤ ᠣᠷᠤᠯᠴᠠᠬᠤ ᠦᠶ᠎ᠡ ᠶᠢᠨ ᠴᠢᠬᠤᠯᠠ ᠶᠠᠷᠢᠶᠠᠨ ᠤ ᠴᠢᠬᠤᠯᠠ ᠶᠡᠭᠡ ᠠᠴᠢ ᠬᠤᠯᠪᠣᠭᠳᠠᠯ ᠪᠠ ᠵᠣᠷᠢᠭ ᠰᠠᠨᠠᠭᠠᠨ ᠤ ᠠᠭᠤᠯᠤᠭᠳᠠᠬᠤᠨ ᠢ ᠭᠦᠨᠵᠡᠭᠡᠢ ᠲᠠᠶᠢᠯᠪᠤᠷᠢᠯᠠᠵᠠᠢ᠃     ᠤᠬᠠᠭᠤᠯᠤᠨ ᠲᠠᠶᠢᠯᠪᠤᠷᠢᠯᠠᠯᠲᠠ ᠶᠢᠨ ᠠᠭᠤᠯᠭ᠎ᠠ ᠪᠠᠶᠠᠯᠢᠭ᠂ ᠲᠦᠭᠦᠮ ᠣᠶᠢᠯᠠᠭᠠᠮᠵᠢᠲᠠᠢ᠂ ᠣᠨᠴᠠᠯᠢᠭ ᠢᠶᠠᠷ ᠢᠯᠡ ᠲᠣᠳᠣ᠂ ᠭᠤᠶᠢᠳᠠ ᠰᠠᠶᠢᠬᠠᠨ ᠪᠠᠶᠢᠵᠤ᠂ ᠬᠤᠷᠠᠯ ᠳᠤ ᠣᠷᠣᠯᠴᠠᠭᠰᠠᠨ ᠪᠦᠬᠦ ᠬᠥᠮᠥᠰ ᠶᠡᠭᠡ ᠣᠯᠣᠯᠲᠠ ᠲᠠᠢ ᠪᠠᠶᠢᠪᠠ᠃      ᠢᠯᠡᠳᠬᠡᠯ ᠤᠨ ᠬᠤᠷᠠᠯ ᠤᠨ ᠲᠠᠷᠠᠭ᠎ᠠ᠂ ᠤᠯᠠᠨ ᠢᠶᠠᠷ ᠢᠶᠠᠨ ᠰᠣᠶᠣᠯ ᠤᠨ ᠹᠷᠣᠨᠲ ᠤᠨ ᠠᠵᠢᠯᠲᠠᠨ ᠪᠣᠯᠤᠭᠰᠠᠨ ᠤ ᠬᠤᠪᠢ ᠳᠤ᠂ ︽ᠲᠠᠪᠤᠨ ᠵᠠᠪᠠᠯ ᠶᠠᠪᠤᠬᠤ ᠵᠠᠮ ︾  ᠤᠨ ᠴᠢᠬᠤᠯᠠ ᠶᠡᠭᠡ ᠠᠴᠢ ᠬᠤᠯᠪᠣᠭᠳᠠᠯ ᠢ ᠭᠦᠨᠵᠡᠭᠡᠢ ᠣᠶᠢᠯᠠᠭᠠᠵᠤ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠤᠨ ᠭᠤᠣᠯ ᠰᠢᠵᠢᠮ ᠢ ᠪᠠᠲᠤ  ᠪᠠᠶᠢᠭᠤᠯᠬᠤ ᠲᠠᠢ ᠨᠢᠭᠲᠠ ᠤᠶᠠᠯᠳᠤᠭᠤᠯᠤᠨ᠂ ᠶᠡᠷᠦᠩᠬᠡᠢ ᠱᠦᠵᠢ ᠰᠢ ᠶᠢᠨ ᠫᠢᠩ ᠤᠨ ᠴᠢᠬᠤᠯᠠ ᠶᠠᠷᠢᠶᠠᠨ ᠤ ᠵᠣᠷᠢᠭ ᠰᠠᠨᠠᠭ᠎ᠠ ᠶᠢ ᠰᠠᠶᠢᠲᠤᠷ ᠤᠬᠠᠭᠤᠯᠤᠨ  ᠲᠤᠭᠤᠰᠢᠯᠠᠭᠤᠯᠬᠤ ᠬᠡᠷᠡᠭᠲᠡᠢ ᠭᠡᠵᠦ ᠦᠵᠡᠵᠡᠭᠡᠪᠡ᠃ ᠢᠳᠡᠪᠬᠢᠲᠡᠢ ᠪᠠᠷ ᠠᠵᠢᠯ ᠦᠢᠯᠡᠰ ᠬᠢᠵᠦ᠂ ᠵᠠᠮ ᠨᠡᠭᠡᠭᠡᠨ ᠤᠷᠤᠭᠰᠢᠯᠠᠵᠤ᠂ ︽ᠲᠦᠷᠪᠡᠨ ᠤᠬᠠᠮᠰᠠᠷ︾  ᠢᠶᠠᠨ ᠲᠠᠰᠤᠷᠠᠯᠲᠠ ᠦᠭᠡᠢ ᠴᠢᠩᠭᠠᠳᠬᠠᠵᠤ᠂ ᠢᠲᠡᠭᠡᠯ ᠵᠣᠷᠢᠭ ᠢᠶᠠᠨ ᠪᠠᠲᠤᠳᠬᠠᠵᠤ᠂ ᠬᠠᠷᠢᠭᠤᠴᠠᠯᠭ᠎ᠠ ᠡᠭᠦᠷᠭᠡᠯᠡᠨ ᠦᠢᠯᠡᠰ ᠬᠢᠬᠦ ᠪᠠᠨ ᠴᠢᠩᠭᠠᠳᠬᠠᠵᠤ ᠂ ᠰᠢᠨ᠎ᠡ ᠴᠠᠭ ᠦᠶ᠎ᠡ ᠶᠢᠨ ᠰᠣᠶᠣᠯ ᠪᠡᠶ᠎ᠡ ᠶᠢᠨ ᠲᠠᠮᠢᠷ ᠵᠢᠭᠤᠯᠴᠢᠯᠠᠯ ᠷᠠᠳᠢᠣ᠋ ᠲᠧᠯᠸᠢᠰ ᠤᠨ ᠠᠵᠢᠯ ᠤᠨ ᠰᠢᠨ᠎ᠡ ᠪᠠᠶᠢᠳᠠᠯ ᠢ ᠴᠢᠷᠮᠠᠶᠢᠨ ᠡᠭᠦᠳᠴᠦ᠂ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠶᠢ  ᠲᠤᠭᠤᠰᠢᠯᠠᠭᠤᠯᠤᠨ ᠨᠠᠶᠢᠳᠠᠪᠤᠷᠢᠵᠢᠭᠤᠯᠵᠤ ᠴᠡᠴᠡᠭᠯᠡᠭᠦᠯᠦᠨ ᠬᠦᠭᠵᠢᠭᠦᠯᠬᠦ ᠶᠢ ᠰᠠᠶᠢᠲᠤᠷ ᠠᠬᠢᠭᠤᠯᠬᠤ ᠬᠡᠷᠡᠭᠲᠡᠢ ᠭᠡᠵᠦ ᠵᠢᠭᠠᠵᠤ ᠭᠠᠷᠭᠠᠪᠠ᠃
ᠢᠷᠡᠯᠲᠡ᠄ ᠤᠷᠠᠳ ᠤᠨ ᠡᠮᠦᠨᠡᠲᠦ ᠬᠤᠰᠢᠭᠤᠨ ᠤ ᠵᠠᠰᠠᠭ ᠤᠨ ᠣᠷᠳᠤᠨ ᠤ ᠮᠣᠩᠭᠤᠯ ᠰᠦᠯᠵᠢᠶ᠎ᠡ