ᠵᠢᠮᠢᠰ ᠤᠨ ᠮᠤᠳᠤᠨ ᠤ ᠲᠠᠷᠢᠶᠠᠨ ᠡᠮ ᠤᠨ ᠬᠤᠤᠷᠳᠠᠯ ᠢ ᠠᠷᠢᠯᠭᠠᠬᠤ ᠠᠷᠭ᠎ᠠ
ᠨᠡᠶᠢᠲᠡᠯᠡᠭᠰᠡᠨ ᠴᠠᠭ᠄
2022/5/19
    ᠵᠢᠮᠢᠰ ᠤᠨ ᠮᠤᠳᠤᠨ ᠤ ᠲᠠᠷᠢᠶᠠᠨ ᠡᠮ ᠤᠨ ᠬᠤᠤᠷᠳᠠᠯ ᠢ ᠪᠠᠴᠢᠮ ᠬᠤᠤᠷᠳᠠᠯ ᠪᠠ ᠤᠵᠢᠭ ᠬᠤᠤᠷᠳᠠᠯ ᠬᠡᠵᠦ ᠬᠤᠶᠠᠷ ᠵᠦᠢᠯ ᠬᠤᠪᠢᠶᠠᠳᠠᠭ᠃ ᠪᠠᠴᠢᠮ ᠬᠤᠤᠷᠳᠠᠯ  ᠨᠢ ᠡᠮ ᠰᠦᠷᠴᠢᠭᠰᠡᠨ ᠬᠤᠶᠢᠨ᠎ᠠ ᠬᠡᠳᠦᠨ ᠴᠠᠭ ᠠᠴᠠ ᠬᠡᠳᠦᠬᠡᠨ ᠡᠳᠦᠷ ᠤᠨ ᠲᠤᠳᠤᠷ᠎ᠠ ᠮᠡᠳᠡᠭᠳᠡᠳᠡᠭ᠃ ᠵᠢᠱᠢᠶᠡᠯᠡᠪᠡᠯ ᠨᠠᠪᠴᠢ ᠵᠢᠮᠢᠰ ᠨᠢ ᠲᠤᠯᠪᠤᠳᠤᠬᠤ᠂ ᠰᠢᠷᠠᠯᠠᠬᠤ ᠂ ᠦᠬᠦᠰᠢᠷᠡᠬᠦ᠂ ᠨᠠᠪᠴᠢ ᠨᠢ ᠵᠤᠯᠭᠠᠷᠠᠬᠤ᠂ ᠵᠢᠮᠢᠰ ᠨᠢ ᠤᠨᠠᠬᠤ ᠵᠡᠷᠭᠡ᠃ ᠲᠠᠷᠢᠶᠠᠨ ᠡᠮ ᠤᠨ ᠤᠵᠢᠭ ᠬᠤᠤᠷᠳᠠᠯ ᠨᠢ ᠨᠠᠯᠢᠶᠠᠳ ᠤᠷᠳᠤ ᠬᠤᠪᠭᠤᠴᠠᠭ᠎ᠠ ᠪᠤᠯᠤᠭᠰᠠᠨ  ᠤ ᠲᠠᠷᠠᠭ᠎ᠠ ᠰᠠᠶ᠋ᠢ ᠢᠯᠡᠷᠡᠳᠡᠭ᠃ ᠵᠢᠱᠢᠶᠡᠯᠡᠪᠡᠯ ᠬᠡᠷᠡᠯ ᠨᠡᠶᠢᠯᠡᠯᠬᠡ ᠶᠢᠨ ᠦᠢᠯᠡᠴᠢᠯᠡᠯ ᠨᠢ ᠪᠠᠭᠤᠷᠠᠵᠤ᠂ ᠴᠡᠴᠡᠭ ᠤᠨ ᠨᠠᠬᠢᠶ᠎ᠠ ᠶᠢᠨ ᠪᠦᠷᠢᠯᠳᠦᠬᠦ ᠪᠠ ᠵᠢᠮᠢᠰ ᠪᠤᠯᠪᠠᠰᠤᠷᠠᠬᠤ ᠨᠢ ᠣᠳᠠᠭᠠᠰᠢᠷᠠᠵᠤ᠂ ᠪᠤᠭᠤᠨᠢᠰᠴᠤ ᠵᠡᠷᠦᠮᠳᠡᠭ ᠪᠤᠯᠬᠤ᠂ ᠠᠮᠳᠠ ᠦᠩᠭᠡ ᠨᠢ ᠠᠨᠠᠢ ᠪᠤᠯᠬᠤ ᠵᠡᠷᠭᠡ᠃    ᠵᠢᠮᠢᠰ ᠤᠨ ᠮᠤᠳᠤᠨ ᠤ ᠬᠤᠤᠷᠳᠠᠯ ᠢ ᠮᠡᠳᠡᠪᠡᠯ ᠲᠤᠤᠷᠠᠬᠢ ᠠᠷᠭ᠎ᠠ ᠢᠶᠠᠷ ᠠᠪᠤᠷᠠᠯᠳᠠ ᠬᠢᠵᠦ ᠪᠤᠯᠤᠨ᠎ᠠ᠃    1. ᠲᠡᠭᠡᠳᠦ ᠮᠠᠩᠭᠠᠨ ᠬᠦᠴᠢᠯ ᠤᠨ ᠺᠠᠯᠢ ᠶᠢᠨ ᠠᠭᠤᠰᠤᠮᠠᠯ ᠢ ᠰᠦᠷᠴᠢᠨ ᠤᠷᠤᠭᠤᠯᠤᠨ᠎ᠠ᠃ ᠤᠯᠠᠩᠭᠢ ᠬᠢᠮᠢ ᠶᠢᠨ ᠪᠤᠳᠠᠰ ᠢ ᠴᠦᠮ ᠢᠰᠦᠯᠳᠦᠬᠦᠯᠦᠨ ᠵᠠᠳᠠᠷᠠᠭᠤᠯᠬᠤ ᠦᠢᠯᠡᠳᠦᠯ ᠲᠠᠢ ᠪᠠᠶᠢᠳᠠᠭ᠃    2.  ᠶᠡᠭᠡ ᠬᠡᠮᠵᠢᠶᠡᠨ ᠤ ᠴᠡᠪᠡᠷ ᠣᠰᠣ ᠪᠠᠷ ᠰᠦᠷᠴᠢᠨ ᠤᠬᠢᠶᠠᠨ᠎ᠠ᠃ ᠮᠠᠨᠠᠨ ᠰᠦᠷᠴᠢᠬᠦᠷ ᠮᠠᠰᠢᠨ ᠳᠠᠭᠠᠨ ᠲᠦᠭᠦᠷᠳᠡᠯ᠎ᠡ ᠣᠰᠣ ᠬᠢᠬᠡᠳ ᠵᠢᠮᠢᠰ ᠤᠨ ᠮᠤᠳᠤᠨ  ᠤ ᠨᠠᠪᠴᠢᠨ ᠤ ᠢᠯᠳᠡᠰᠦᠨ ᠲᠡᠭᠡᠷ᠎ᠡ ᠨᠢ ᠠᠬᠢᠨ ᠲᠠᠬᠢᠨ ᠤᠰᠤ ᠰᠦᠷᠴᠢᠪᠠᠯ ᠨᠠᠪᠴᠢᠨ ᠤ ᠢᠯᠳᠡᠰᠦᠨ ᠲᠡᠭᠡᠷᠡᠬᠢ ᠲᠠᠷᠢᠶᠠᠨ ᠡᠮ ᠨᠢ ᠬᠢᠯᠪᠠᠷᠬᠠᠨ ᠤᠨᠠᠴᠢᠬᠠᠳᠠᠭ ᠶᠣᠮ    3. ᠠᠳᠠᠯᠢ ᠲᠦᠷᠦᠯ ᠤᠨ ᠲᠠᠷᠢᠶᠠᠨ ᠡᠮ ᠬᠡᠷᠡᠭᠯᠡᠬᠦ ᠪᠠᠨ ᠵᠤᠭᠰᠣᠨ᠎ᠠ᠃ ᠲᠠᠷᠢᠶᠠᠨ ᠡᠮ  ᠤᠨ ᠬᠤᠤᠷᠳᠠᠯ ᠨᠢ ᠠᠷᠢᠯᠬᠤ ᠠᠴᠠ ᠡᠮᠦᠨ᠎ᠡ᠂ ᠲᠠᠷᠢᠶᠠᠨ ᠡᠮ ᠢ ᠪᠠᠭ᠎ᠠ ᠬᠡᠷᠡᠭᠯᠡᠬᠦ ᠪᠤᠶᠤ  ᠬᠡᠷᠡᠭᠯᠡᠬᠦ ᠪᠠᠨ ᠲᠦᠷ ᠵᠤᠭᠰᠤᠬᠤ ᠬᠡᠷᠡᠭᠳᠡᠢ᠃    4. ᠨᠠᠪᠴᠢᠨ ᠤ ᠪᠤᠷᠳᠤᠭᠤᠷ ᠤᠷᠤᠭᠤᠯᠤᠨ᠎ᠠ᠃ ᠵᠢᠮᠢᠰ ᠤᠨ ᠮᠤᠳᠤ ᠬᠤᠤᠷᠳᠠᠯ ᠡᠬᠦᠰᠪᠡᠯ ᠣᠰᠣ ᠨᠦᠬᠦᠪᠦᠷᠢᠯᠡᠬᠦ ᠲᠠᠢ ᠪᠠᠨ ᠤᠶᠠᠯᠳᠤᠭᠤᠯᠤᠨ ᠲᠦᠷᠬᠡᠨ ᠦᠢᠯᠡᠳᠦᠯᠳᠦ ᠬᠢᠮᠢ ᠶᠢᠨ ᠪᠤᠷᠳᠤᠭᠤᠷ ᠤᠷᠤᠭᠤᠯᠬᠤ ᠶᠢᠨ ᠬᠠᠮᠳᠤ ᠲᠠᠩᠨᠠᠵᠤ ᠰᠢᠷᠤᠢ ᠶᠢ ᠨᠢ ᠰᠤᠯᠠᠷᠠᠭᠤᠯᠪᠠᠯ ᠵᠢᠮᠢᠰ ᠤᠨ ᠮᠤᠳᠤᠨ ᠤ ᠬᠡᠪ ᠤᠨ ᠤᠷᠭᠤᠯᠳᠠ ᠶᠢ ᠠᠬᠢᠭᠤᠯᠵᠤ ᠴᠢᠳᠠᠨ᠎ᠠ᠃
ᠢᠷᠡᠯᠲᠡ᠄ ᠤᠷᠠᠳ ᠤᠨ ᠡᠮᠦᠨᠡᠲᠦ ᠬᠤᠰᠢᠭᠤᠨ ᠤ ᠵᠠᠰᠠᠭ ᠤᠨ ᠣᠷᠳᠤᠨ ᠤ ᠮᠣᠩᠭᠤᠯ ᠰᠦᠯᠵᠢᠶ᠎ᠡ