ᠡᠪᠡᠳᠴᠢᠨ ᠢ ᠡᠰᠡᠷᠭᠦᠴᠡᠵᠦ ᠴᠢᠳᠠᠬᠤ ᠰᠢᠯᠢᠳᠡᠭ ᠡᠷᠳᠡᠨᠢ ᠰᠢᠰᠢ ᠶᠢᠨ ᠲᠦᠷᠦᠯ ᠵᠦᠢᠯ ᠢ ᠰᠤᠩᠭᠤᠨ ᠬᠡᠷᠡᠭᠯᠡᠬᠦ ᠬᠡᠷᠡᠭᠳᠡᠢ᠃ ᠰᠡᠷᠬᠡᠶᠢᠯᠡᠨ ᠵᠠᠰᠠᠯᠳᠠ ᠶᠢ | ᠴᠢᠩᠭᠠᠳᠬᠠᠵᠤ᠂ ᠲᠠᠷᠢᠶ᠎ᠠ ᠪᠠᠨ ᠴᠡᠪᠡᠷᠯᠡᠨ ᠠᠷᠢᠯᠭᠠᠵᠤ᠂ ᠰᠢᠷᠤᠢ ᠶᠢ ᠨᠢ ᠬᠦᠨ ᠤᠷᠪᠠᠭᠤᠯᠤᠨ᠂ ᠪᠠᠺᠲ᠋ᠧᠷᠢ ᠶᠢᠨ ᠡᠬᠢ ᠡᠬᠦᠰᠦᠯ ᠢ ᠬᠢᠵᠠᠭᠠᠷᠯᠠᠬᠤ ᠬᠡᠷᠡᠭᠳᠡᠢ᠃ | ᠲᠤᠤᠷ᠎ᠠ ᠬᠡᠰᠡᠭ ᠤᠨ ᠬᠠᠭᠤᠴᠢᠨ ᠰᠢᠷᠠᠯᠠᠭᠰᠠᠨ ᠨᠠᠪᠴᠢ᠂ ᠡᠪᠡᠳᠴᠢᠨ ᠲᠠᠢ ᠨᠠᠪᠴᠢ ᠶᠢ ᠠᠪᠴᠤ ᠬᠠᠶᠠᠵᠤ᠂ ᠲᠡᠬᠢᠨ ᠪᠠᠺᠲ᠋ᠧᠷᠢ ᠳᠤ ᠬᠠᠯᠳᠠᠪᠤᠷᠢᠯᠠᠭᠳᠠᠬᠤ ᠶᠢ | ᠪᠠᠭᠠᠰᠬᠠᠬᠤ ᠬᠡᠷᠡᠭᠳᠡᠢ᠃ ᠲᠠᠷᠢᠶᠠᠨ ᠤ ᠬᠠᠮᠢᠶᠠᠷᠤᠯᠳᠠ ᠪᠠᠨ ᠴᠢᠩᠭᠠᠳᠬᠠᠵᠤ ᠲᠠᠷᠢᠶᠠᠨ ᠤ ᠴᠢᠬᠢᠭ ᠤᠨ ᠬᠡᠮᠵᠢᠶ᠎ᠡ ᠶᠢ ᠪᠠᠭᠠᠰᠬᠠᠵᠤ᠂ ᠫᠤᠰᠫᠤᠷ ᠪᠤᠷᠳᠤᠭᠤᠷ᠂ ᠺᠠᠯᠢ ᠶᠢᠨ | ᠪᠤᠷᠳᠤᠭᠤᠷ ᠨᠠᠮᠠᠵᠤ ᠤᠷᠤᠭᠤᠯᠬᠤ ᠬᠡᠷᠡᠭᠳᠡᠢ᠃ ᠡᠮ ᠢᠶᠠᠷ ᠰᠡᠷᠬᠡᠶᠢᠯᠡᠨ ᠵᠠᠰᠠᠬᠤ ᠳᠤ ᠲᠤᠰ ᠭᠠᠵᠠᠷ ᠤᠨ ᠲᠠᠷᠢᠶᠠᠯᠠᠩ ᠤᠨ ᠰᠢᠨᠵᠢᠯᠡᠭᠡ ᠮᠡᠷᠭᠡᠵᠢᠯ ᠤᠨ ᠰᠠᠯᠠᠭ᠎ᠠ | ᠮᠦᠴᠢᠷ ᠠᠴᠠ ᠠᠰᠠᠭᠤᠨ ᠯᠠᠪᠯᠠᠵᠤ᠂ ᠲᠠᠷᠢᠶᠠᠨ ᠡᠮ ᠤᠨ ᠰᠡᠷᠬᠡᠶᠢᠯᠡᠨ ᠵᠠᠰᠠᠯᠳᠠ ᠶᠢ ᠵᠤᠬᠢᠰᠳᠠᠢ ᠬᠡᠷᠡᠭᠯᠡᠬᠦ ᠬᠡᠷᠡᠭᠳᠡᠢ᠃ |