ᠪᠠᠶᠠᠨᠬᠤᠸᠠ ᠪᠠᠯᠭᠠᠰᠤᠨ ᠳᠤ ︽ᠬᠤᠯᠤᠭᠠᠨ᠎ᠠ ᠶᠢᠨ ᠬᠢᠵᠢᠭ ᠢ ᠰᠡᠷᠭᠡᠶᠢᠯᠡᠨ ᠡᠵᠡᠮᠳᠡᠬᠦ ᠨᠠᠮ ᠤᠨ ᠭᠡᠰᠢᠭᠦᠳ ᠤᠨ ᠠᠵᠢᠯᠯᠠᠭ᠎ᠠ ︾   ᠤᠨ ᠭᠤᠣᠯ ᠰᠡᠳᠦᠪᠲᠦ ᠨᠠᠮ ᠤᠨ ᠡᠳᠦᠷᠯᠢᠭ ᠤᠨ ᠠᠵᠢᠯᠯᠠᠭ᠎ᠠ ᠥᠷᠨᠢᠭᠦᠯᠪᠡ
ᠨᠡᠶᠢᠲᠡᠯᠡᠭᠰᠡᠨ ᠴᠠᠭ᠄
2022/5/20
     ᠬᠤᠯᠤᠭᠠᠨ᠎ᠠ ᠶᠢᠨ ᠬᠢᠵᠢᠭ ᠢ ᠰᠡᠷᠭᠡᠶᠢᠯᠡᠨ ᠡᠵᠡᠮᠳᠡᠬᠦ ᠠᠵᠢᠯ ᠢ ᠤᠯᠠᠮ ᠨᠢᠭᠡ ᠠᠯᠬᠤᠮ ᠰᠠᠶᠢᠲᠤᠷ ᠬᠢᠵᠤ᠂ ᠪᠠᠶᠠᠨᠬᠤᠸᠠ ᠪᠠᠯᠭᠠᠰᠤᠨ ᠤ ᠬᠡᠪᠴᠢᠶᠡᠨ ᠳᠠᠬᠢ ᠬᠤᠯᠤᠭᠠᠨ᠎ᠠ ᠶᠢᠨ ᠨᠢᠭᠲᠠᠴᠠ ᠶᠢ ᠪᠦᠲᠦᠮᠵᠢᠲᠡᠶ ᠪᠠᠭᠤᠷᠠᠭᠤᠯᠵᠤ᠂ ᠬᠤᠯᠤᠭᠠᠨ᠎ᠠ ᠶᠢᠨ ᠲᠥᠷᠥᠯ ᠤᠨ ᠬᠠᠯᠳᠠᠪᠤᠷᠢᠲᠤ ᠡᠪᠡᠳᠴᠢᠨ ᠡᠭᠦᠰᠬᠦ ᠪᠠ ᠳᠡᠯᠭᠡᠷᠡᠬᠦ ᠶᠢ ᠪᠦᠲᠦᠮᠵᠢᠲᠡᠶ ᠰᠡᠷᠭᠡᠶᠢᠯᠡᠵᠦ᠂ ᠮᠠᠯᠴᠢᠨ ᠲᠦᠮᠡᠨ ᠤ ᠠᠮᠢ ᠨᠠᠰᠤ ᠡᠳ᠋ ᠬᠥᠷᠥᠩᠭᠡ ᠶᠢᠨ ᠠᠮᠤᠷ ᠲᠦᠪᠰᠢᠨ ᠢ ᠦᠨᠡᠨ ᠬᠦ ᠪᠠᠲᠤᠯᠠᠬᠤ ᠶᠢᠨ ᠲᠥᠯᠥᠭᠡ᠂ 5 ᠰᠠᠷ᠎ᠠ ᠶᠢᠨ 17 ᠤ ᠡᠳᠦᠷ᠂ ᠪᠠᠶᠠᠨᠬᠤᠸᠠ ᠪᠠᠯᠭᠠᠰᠤᠨ ᠤ ᠰᠢᠨ᠎ᠡ ᠴᠠᠭ ᠦᠶ᠎ᠡ ᠶᠢᠨ ᠪᠣᠯᠪᠠᠰᠤᠨ ᠤ ᠦᠢᠯᠡᠳᠦᠯᠭᠡ ᠶᠢᠨ ᠭᠠᠵᠠᠷ ᠤᠨ ᠬᠢᠨ ᠲᠤᠬᠠᠢ ᠶᠢᠨ ᠡᠳᠦᠷ ᠤᠨ ᠨᠠᠮ ᠤᠨ  ᠡᠳᠦᠷᠯᠢᠭ ᠤᠨ ᠠᠵᠢᠯᠯᠠᠭ᠎ᠠ ᠥᠷᠨᠢᠭᠦᠯᠬᠦ ᠲᠣᠬᠢᠶᠠᠯ ᠢ ᠠᠰᠢᠭᠯᠠᠨ᠂ ᠪᠠᠯᠭᠠᠰᠤᠨ ᠤ ᠤᠳᠤᠷᠢᠳᠬᠤ ᠺᠠᠳ᠋ᠷ᠂ ᠲᠠᠬᠢᠶᠠᠴᠢ ᠪᠣᠯᠤᠨ  ᠳᠠᠷᠭᠢᠶ᠎ᠠ ᠭᠠᠴᠠᠭ᠎ᠠ ᠶᠢᠨ ᠬᠤᠶᠠᠷ ᠵᠥᠪᠯᠡᠯ᠂ ᠨᠠᠮ ᠤᠨ ᠭᠡᠰᠢᠭᠦᠨ᠂ ᠰᠠᠶᠢᠨ ᠳᠤᠷ᠎ᠠ ᠶᠢᠨ ᠠᠵᠢᠯᠯᠠᠭᠴᠢᠳ ᠢ ᠵᠣᠬᠢᠶᠠᠨ ᠪᠠᠶᠢᠭᠤᠯᠵᠤ ︽ᠬᠤᠯᠤᠭᠠᠨ᠎ᠠ ᠶᠢᠨ ᠬᠢᠵᠢᠭ ᠢ ᠰᠡᠷᠭᠡᠶᠢᠯᠡᠨ ᠡᠵᠡᠮᠳᠡᠬᠦ ᠨᠠᠮ ᠤᠨ ᠭᠡᠰᠢᠭᠦᠳ ᠤᠨ ᠠᠵᠢᠯᠯᠠᠭ᠎ᠠ︾ ᠤᠨ ᠭᠤᠣᠯ ᠰᠡᠳᠦᠪᠲᠦ ᠠᠵᠢᠯᠯᠠᠭ᠎ᠠ ᠶᠢ ᠥᠷᠨᠢᠭᠦᠯᠪᠡ᠃     ᠲᠤᠬᠠᠢ ᠶᠢᠨ ᠡᠳᠦᠷ ᠨᠠᠮ ᠤᠨ ᠭᠡᠰᠢᠭᠦᠳ ᠤᠨ ᠰᠤᠷᠤᠯᠴᠠᠯᠭ᠎ᠠ ᠲᠡᠭᠦᠰᠦᠭᠰᠡᠨ ᠤ ᠳᠠᠷᠠᠭ᠎ᠠ᠂ ᠭᠡᠰᠢᠭᠦᠳ ᠨᠠᠷ ᠠᠵᠢᠯᠯᠠᠭ᠎ᠠ ᠶᠢᠨ ᠲᠠᠯᠠᠪᠤᠷ ᠲᠤ ᠬᠦᠷᠴᠦ᠂ ᠰᠡᠷᠭᠡᠶᠢᠯᠡᠯᠲᠡ ᠪᠠᠨ ᠰᠠᠶᠢᠲᠤᠷ ᠬᠢᠭᠡᠳ ᠣᠨᠣᠯ ᠢ ᠪᠣᠳᠠᠲᠠᠢ ᠪᠠᠶᠢᠳᠠᠯ ᠲᠠᠢ ᠪᠠᠨ ᠤᠶᠠᠯᠳᠤᠭᠤᠯᠤᠨ ᠬᠤᠯᠤᠭᠠᠨ᠎ᠠ ᠤᠰᠠᠳᠬᠠᠬᠤ ᠠᠵᠢᠯᠯᠠᠭ᠎ᠠ ᠦᠷᠨᠢᠭᠦᠯᠪᠡ᠃ ᠡᠩ ᠲᠡᠷᠢᠭᠦᠨ ᠳᠤ᠂ ᠲᠤᠬᠠᠢ ᠶᠢᠨ ᠲᠠᠯᠠᠪᠤᠷ ᠤᠨ ᠮᠡᠷᠭᠡᠵᠢᠯ ᠤᠨ ᠪᠣᠯᠪᠠᠰᠤᠷᠠᠭᠤᠯᠤᠯ ᠢ ᠵᠣᠬᠢᠶᠠᠨ ᠪᠠᠶᠢᠭᠤᠯᠤᠨ ᠥᠷᠨᠢᠭᠦᠯᠵᠦ᠂ ᠠᠩᠭᠢ ᠶᠢᠨ ᠭᠡᠰᠢᠭᠦᠳ ᠲᠤ ᠬᠤᠯᠤᠭᠠᠨ᠎ᠠ ᠤᠰᠠᠳᠬᠠᠬᠤ ᠮᠡᠷᠭᠡᠵᠢᠯ ᠤᠨ ᠠᠨᠢᠰᠤ ᠪᠠ ᠠᠮᠤᠷ ᠲᠦᠪᠰᠢᠨ ᠤ ᠠᠩᠬᠠᠷᠬᠤ ᠵᠦᠢᠯᠡᠰ ᠢ ᠲᠠᠶᠢᠯᠪᠤᠷᠢᠯᠠᠨ ᠥᠭᠴᠦ᠂ ᠰᠡᠷᠭᠡᠶᠢᠯᠡᠬᠦ ᠤᠬᠠᠮᠰᠠᠷ ᠢᠶᠠᠨ ᠪᠦᠲᠦᠮᠵᠢᠲᠡᠶ  ᠳᠡᠭᠡᠭᠰᠢᠯᠡᠭᠦᠯᠪᠡ ᠃ ᠳᠠᠷᠠᠭ᠎ᠠ ᠨᠢ᠂ ᠠᠵᠢᠯᠲᠠᠳ ᠬᠤᠯᠤᠭᠠᠨ᠎ᠠ ᠤᠰᠠᠳᠬᠠᠬᠤ ᠠᠵᠢᠯᠯᠠᠭ᠎ᠠ ᠶᠢᠨ ᠵᠢᠷᠤᠮᠵᠢᠯ ᠢ ᠴᠢᠩᠭ᠎ᠠ ᠵᠢᠷᠤᠮᠯᠠᠨ᠂ ᠲᠣᠣᠷ ᠲᠠᠲᠠᠬᠤ ᠮᠠᠶ᠋ᠢᠭ ᠢᠶᠠᠷ ᠲᠦᠯᠬᠢᠨ ᠠᠬᠢᠭᠤᠯᠵᠤ᠂ ᠲᠣᠭᠤᠷᠢᠭ ᠬᠤᠪᠢᠶᠠᠨ ᠵᠢᠭᠰᠠᠭᠠᠨ ᠪᠠᠶᠢᠴᠠᠭᠠᠵᠤ᠂ ᠢᠯᠡᠷᠡᠭᠦᠯᠦᠭᠰᠡᠨ ᠬᠤᠯᠤᠭᠠᠨ᠎ᠠ ᠶᠢᠨ ᠨᠦᠬᠡᠨ ᠳᠤ ᠬᠤᠣᠷᠲᠤ ᠥᠭᠶᠥᠭᠡ ᠲᠠᠯᠪᠢᠵᠤ᠂ ᠬᠤᠯᠤᠭᠠᠨ᠎ᠠ ᠶᠢ ᠤᠰᠠᠳᠬᠠᠬᠤ ᠳᠤ ᠥᠯᠥ ᠣᠨᠣᠭᠳᠠᠬᠤ ᠭᠠᠵᠠᠷ ᠦᠯᠡᠳᠡᠭᠡᠬᠦ ᠦᠭᠡᠢ ᠢᠶᠠᠷ ᠦᠷᠨᠢᠭᠦᠯᠪᠡ᠃ ᠬᠠᠮᠤᠭ ᠤᠨ ᠰᠡᠭᠦᠯ ᠳᠤ ᠪᠥᠬᠦ ᠠᠵᠢᠯᠲᠠᠨ ᠤ ᠢᠳᠡᠪᠬᠢᠲᠡᠢ ᠬᠠᠮᠵᠢᠯᠴᠠᠭ᠎ᠠ ᠳᠣᠣᠷ᠎ᠠ᠂ ᠬᠤᠯᠤᠭᠠᠨ᠎ᠠ ᠤᠰᠠᠳᠬᠠᠬᠤ ᠠᠵᠢᠯ ᠢ ᠪᠦᠲᠦᠮᠵᠢᠲᠡᠶ ᠶᠠᠪᠤᠭᠳᠠᠭᠤᠯᠵᠤ᠂ ᠠᠵᠢᠯᠯᠠᠭ᠎ᠠ ᠶᠢᠨ ᠦᠷ᠎ᠡ ᠪᠦᠲᠦᠮᠵᠢ ᠢᠯᠡᠳᠲᠡ ᠪᠣᠯᠵᠤ᠂ ᠮᠠᠨ ᠤ ᠪᠠᠯᠭᠠᠰᠤᠨ ᠤ ᠬᠤᠯᠤᠭᠠᠨ᠎ᠠ ᠶᠢᠨ ᠬᠢᠵᠢᠭ ᠢ ᠰᠡᠷᠭᠡᠶᠢᠯᠡᠨ ᠡᠵᠡᠮᠳᠡᠬᠦ ᠴᠢᠳᠠᠪᠤᠷᠢ ᠶᠢ ᠦᠨᠡᠨ ᠬᠦ ᠳᠡᠭᠡᠭᠰᠢᠯᠡᠭᠦᠯᠵᠦ᠂  ᠮᠠᠯ ᠠᠵᠤ ᠠᠬᠤᠢ ᠶᠢᠨ ᠦᠢᠯᠡᠳᠪᠦᠷᠢᠯᠡᠯ ᠤᠨ ᠠᠵᠢᠯ ᠤᠨ ᠬᠡᠪ ᠢᠶᠠᠷ ᠶᠠᠪᠤᠭᠳᠠᠬᠤ ᠶᠢ ᠪᠠᠲᠤᠯᠠᠪᠠ᠃     ᠲᠠᠷᠠᠭᠠᠴᠢ ᠶᠢᠨ ᠠᠯᠬᠤᠮ ᠳᠤ᠂ ᠪᠠᠶᠠᠨᠬᠤᠸᠠ ᠪᠠᠯᠭᠠᠰᠤ ᠦᠷᠭᠦᠯᠵᠢᠯᠡᠨ ᠠᠷᠠᠳ ᠲᠦᠮᠡᠨ ᠤ ᠡᠷᠡᠭᠦᠯ ᠮᠡᠨᠳᠦ ᠪᠠᠷ ᠭᠤᠣᠯ ᠪᠣᠯᠭᠠᠵᠤ᠂ ︽ᠤᠷᠢᠳᠴᠢᠯᠠᠨ ᠰᠡᠷᠭᠡᠶᠢᠯᠡᠬᠦ ᠪᠠᠷ ᠭᠤᠣᠯ ᠪᠣᠯᠭᠠᠨ᠂ ᠰᠡᠷᠭᠡᠶᠢᠯᠡᠨ ᠵᠠᠰᠠᠬᠤ ᠶᠢ ᠤᠶᠠᠯᠳᠤᠭᠤᠯᠬᠤ᠂ ᠬᠠᠤᠯᠢ ᠶᠣᠰᠣᠭᠠᠷ ᠰᠡᠷᠭᠡᠶᠢᠯᠡᠨ ᠡᠵᠡᠮᠳᠡᠬᠦ᠂ ᠬᠤᠯᠪᠤᠭᠠᠯᠠᠨ ᠰᠡᠷᠭᠡᠶᠢᠯᠡᠵᠦ ᠬᠤᠯᠪᠤᠭᠠᠯᠠᠨ ᠡᠵᠡᠮᠳᠡᠬᠦ᠂ ᠣᠯᠠᠨ ᠢᠶᠠᠷ ᠢᠶᠠᠨ ᠰᠡᠷᠭᠡᠶᠢᠯᠡᠵᠦ ᠣᠯᠠᠨ ᠢᠶᠠᠷ ᠢᠶᠠᠨ ᠡᠵᠡᠮᠳᠡᠬᠦ︾ ᠵᠠᠷᠴᠢᠮ ᠶᠣᠰᠣᠭᠠᠷ᠂ ᠡᠯ᠎ᠡ ᠭᠠᠴᠠᠭ᠎ᠠ ᠲᠣᠰᠬᠤᠨ ᠶᠢ ᠵᠣᠬᠢᠶᠠᠨ ᠪᠠᠶᠢᠭᠤᠯᠤᠨ ᠬᠤᠯᠤᠭᠠᠨ᠎ᠠ ᠤᠰᠠᠳᠬᠠᠬᠤ ᠠᠵᠢᠯ ᠢ ᠦᠷᠭᠦᠯᠵᠢᠯᠡᠨ ᠰᠠᠶᠢᠲᠤᠷ ᠬᠢᠵᠦ᠂ ᠬᠠᠷᠢᠶᠠᠲᠤ ᠣᠷᠣᠨ ᠤ ᠠᠷᠠᠳ ᠣᠯᠠᠨ ᠤ ᠠᠮᠢ ᠨᠠᠰᠤ ᠡᠳ᠋ ᠬᠥᠷᠥᠩᠭᠡ ᠶᠢᠨ ᠠᠮᠤᠷ ᠲᠦᠪᠰᠢᠨ ᠢ ᠦᠨᠡᠨᠬᠦ ᠪᠠᠲᠤᠯᠠᠨ᠎ᠠ᠃ 
ᠢᠷᠡᠯᠲᠡ᠄ ᠤᠷᠠᠳ ᠤᠨ ᠡᠮᠦᠨᠡᠲᠦ ᠬᠤᠰᠢᠭᠤᠨ ᠤ ᠵᠠᠰᠠᠭ ᠤᠨ ᠣᠷᠳᠤᠨ ᠤ ᠮᠣᠩᠭᠤᠯ ᠰᠦᠯᠵᠢᠶ᠎ᠡ