ᠥᠪᠡᠷᠲᠡᠭᠡᠨ ᠵᠠᠰᠠᠬᠤ ᠣᠷᠣᠨ ᠤ ᠰᠣᠶᠣᠯ ᠪᠠ ᠵᠢᠭᠤᠯᠴᠢᠯᠠᠯ ᠤᠨ ᠲᠢᠩᠬᠢᠮ ᠮᠠᠨ ᠤ ᠬᠤᠰᠢᠭᠤᠨ ᠤ 2021 ᠣᠨ ᠤ ᠤᠯᠤᠰ ᠤᠨ ᠲᠠᠰ ᠤᠨ᠂ ᠥᠪᠡᠷᠲᠡᠭᠡᠨ ᠵᠠᠰᠠᠬᠤ ᠣᠷᠣᠨ ᠤ ᠲᠠᠰ ᠤᠨ ᠪᠣᠳᠠᠰ ᠤᠨ ᠪᠤᠰᠤ ᠰᠣᠶᠣᠯ ᠤᠨ ᠥᠪ ᠤᠨ ᠲᠥᠯᠥᠭᠡᠯᠡᠬᠦ ᠴᠢᠨᠠᠷᠲᠠᠶ ᠤᠯᠠᠮᠵᠢᠯᠠᠭᠴᠢ ᠶᠢᠨ ᠤᠯᠠᠮᠵᠢᠯᠠᠨ ᠵᠠᠯᠭᠠᠮᠵᠢᠯᠠᠬᠤ ᠠᠵᠢᠯᠯᠠᠭ᠎ᠠ ᠶᠢᠨ ᠦᠨᠡᠯᠡᠨ ᠵᠢᠱᠢᠯᠲᠡ ᠶᠢ ᠲᠤᠬᠠᠶ ᠶᠢᠨ ᠭᠠᠵᠠᠷ ᠲᠤᠨᠢ ᠳᠠᠬᠢᠨ ᠬᠢᠨᠠᠯᠲᠠ ᠬᠢᠪᠡ
ᠨᠡᠶᠢᠲᠡᠯᠡᠭᠰᠡᠨ ᠴᠠᠭ᠄
2022/5/23
     5 ᠰᠠᠷ᠎ᠠ ᠶᠢᠨ 19 ᠤ ᠡᠳᠦᠷ᠂ ᠥᠪᠡᠷᠲᠡᠭᠡᠨ ᠵᠠᠰᠠᠬᠤ ᠣᠷᠣᠨ ᠤ ᠰᠣᠶᠣᠯ ᠵᠢᠭᠤᠯᠴᠢᠯᠠᠯ ᠤᠨ ᠲᠢᠩᠬᠢᠮ ᠤᠨ ᠪᠣᠳᠠᠰ ᠤᠨ ᠪᠤᠰᠤ ᠰᠣᠶᠣᠯ ᠤᠨ ᠥᠪ ᠤᠨ ᠭᠠᠵᠠᠷ ᠤᠨ ᠳᠠᠷᠤᠭ᠎ᠠ ᠵᠠᠩ ᠯᠢ ᠬᠤᠶ᠂ ᠥᠪᠡᠷᠲᠡᠭᠡᠨ ᠵᠠᠰᠠᠬᠤ ᠣᠷᠣᠨ ᠤ ᠤᠷᠠᠯᠢᠭ ᠤᠨ ᠰᠤᠳᠤᠯᠭᠠᠨ ᠤ ᠬᠦᠷᠢᠶᠡᠯᠡᠩ ᠤᠨ ᠪᠣᠳᠠᠰ ᠤᠨ ᠪᠤᠰᠤ ᠰᠣᠶᠣᠯ ᠤᠨ ᠥᠪ ᠤᠨ ᠬᠠᠮᠠᠭᠠᠯᠠᠯᠲᠠ ᠶᠢᠨ ᠲᠥᠪ ᠤᠨ ᠪᠣᠯᠪᠠᠰᠤᠷᠠᠯ ᠤᠨ ᠰᠠᠯᠠᠭᠠᠨ ᠳᠠᠷᠤᠭ᠎ᠠ ᠳ᠋ᠦᠩ ᠰᠢᠶᠤᠤ ᠵᠢᠶᠠᠨ ᠮᠠᠨ ᠤ ᠬᠤᠰᠢᠭᠤᠨ ᠤ 2021 ᠣᠨ ᠤ ᠤᠯᠤᠰ ᠤᠨ ᠲᠠᠰ ᠤᠨ᠂ ᠥᠪᠡᠷᠲᠡᠭᠡᠨ ᠵᠠᠰᠠᠬᠤ ᠣᠷᠣᠨ ᠤ ᠲᠠᠰ ᠤᠨ ᠪᠣᠳᠠᠰ ᠤᠨ ᠪᠤᠰᠤ ᠰᠣᠶᠣᠯ ᠤᠨ ᠥᠪ ᠤᠨ ᠲᠥᠯᠥᠭᠡᠯᠡᠬᠦ ᠴᠢᠨᠠᠷᠲᠠᠶ ᠤᠯᠠᠮᠵᠢᠯᠠᠨ ᠵᠠᠯᠭᠠᠮᠵᠢᠯᠠᠭᠴᠢ ᠶᠢᠨ ᠤᠯᠠᠮᠵᠢᠯᠠᠨ ᠵᠠᠯᠭᠠᠮᠵᠢᠯᠠᠬᠤ ᠠᠵᠢᠯᠯᠠᠭ᠎ᠠ ᠳᠤ ᠦᠨᠡᠯᠡᠨ ᠵᠢᠱᠢᠯᠲᠡ ᠬᠢᠵᠦ ᠲᠤᠬᠠᠶ ᠶᠢᠨ ᠭᠠᠵᠠᠷ ᠲᠤᠨᠢ ᠳᠠᠬᠢᠨ ᠬᠢᠨᠠᠯᠲᠠ ᠬᠢᠪᠠ᠃

非遗复合1.jpg

    ᠦᠨᠡᠯᠡᠨ ᠵᠢᠱᠢᠬᠦ ᠳᠤᠭᠤᠶᠢᠯᠠᠩ ᠤᠨ ᠬᠢᠨ ᠤᠷᠢᠳ ᠬᠤᠵᠢᠳ ᠮᠠᠨ ᠤ ᠬᠤᠰᠢᠭᠤᠨ ᠤ ᠬᠤᠯᠤᠰᠤᠨ ᠵᠢᠷᠤᠭ᠂ ᠬᠤᠯᠤᠰᠤᠨ ᠭᠦᠷᠦᠮᠡᠯ᠂  ᠠᠷᠠᠰᠣᠨ ᠨᠠᠭᠠᠮᠠᠯ

ᠵᠢᠷᠤᠭ᠂ ᠤᠷᠠᠳ ᠬᠤᠪᠴᠠᠰᠤ ᠵᠠᠰᠠᠯ᠂ ᠵᠣᠣ ᠬᠤᠶ ᠫᠢᠩ ᠤᠨ ᠴᠠᠭᠠᠰᠤᠨ ᠬᠠᠶᠢᠴᠢᠯᠠᠮᠠᠯ᠂ ᠤᠷᠠᠳ ᠠᠷᠠᠳ ᠤᠨ ᠳᠠᠭᠤᠤ᠂ ᠮᠧᠩ ᠼᠦᠢ ᠰᠤᠳᠤᠯᠤᠨ ᠨᠡᠭᠡᠭᠡᠬᠦ

ᠰᠠᠭᠤᠷᠢᠨ ᠭᠠᠵᠠᠷ ᠵᠡᠷᠭᠡ ᠪᠣᠳᠠᠰ ᠤᠨ ᠪᠤᠰᠤ ᠰᠣᠶᠣᠯ ᠤᠨ ᠥᠪ ᠤᠨ ᠲᠥᠷᠥᠯ ᠵᠦᠢᠯ ᠤᠨ ᠦᠢᠯᠡᠳᠭᠡᠯ ᠤᠨ ᠭᠠᠵᠠᠷ ᠪᠠ ᠠᠵᠢᠯᠯᠠᠬᠤ ᠲᠠᠰᠤᠭ ᠲᠤ ᠬᠦᠷᠴᠦ᠂ ᠮᠠᠨ ᠤ

ᠬᠤᠰᠢᠭᠤᠨ ᠤ ᠪᠣᠳᠠᠰ ᠤᠨ ᠪᠤᠰᠤ ᠰᠣᠶᠣᠯ ᠤᠨ ᠥᠪ ᠤᠨ ᠲᠥᠷᠥᠯ ᠵᠦᠢᠯ ᠢ ᠤᠯᠠᠮᠵᠢᠯᠠᠨ ᠬᠠᠮᠠᠭᠠᠯᠠᠬᠤ ᠪᠠ ᠬᠥᠭᠵᠢᠭᠦᠯᠬᠦ ᠶᠡᠷᠦᠩᠬᠡᠶ ᠪᠠᠶᠢᠳᠠᠯ ᠤᠨ ᠬᠠᠷᠢᠭᠤ

ᠮᠡᠳᠡᠭᠦᠯᠦᠯᠲᠡ ᠶᠢ ᠨᠠᠷᠢᠨ ᠬᠢᠨᠠᠮᠠᠭᠠᠶ ᠰᠣᠨᠣᠰᠴᠤ᠂ ᠲᠠᠩᠰᠠ ᠡᠪᠬᠡᠮᠡᠯ ᠤᠨ ᠮᠠᠲ᠋ᠧᠷᠢᠶᠠᠯ ᠢ ᠪᠠᠶᠢᠴᠠᠭᠠᠨ ᠦᠵᠡᠵᠦ᠂ ᠮᠠᠨ ᠤ ᠬᠤᠰᠢᠭᠤᠨ ᠤ ᠪᠣᠳᠠᠰ ᠤᠨ ᠪᠤᠰᠤ

ᠰᠣᠶᠣᠯ ᠤᠨ ᠥᠪ ᠢ ᠠᠭᠤᠳᠠᠯᠤᠨ ᠬᠠᠮᠠᠭᠠᠯᠠᠬᠤ ᠠᠵᠢᠯ ᠤᠨ ᠣᠳᠣᠬᠢ ᠪᠠᠶᠢᠳᠠᠯ᠂ ᠣᠷᠣᠰᠢᠵᠤ ᠪᠠᠶᠢᠭ᠎ᠠ ᠭᠤᠤᠯ ᠠᠰᠠᠭᠤᠳᠠᠯ ᠵᠢᠴᠢ ᠬᠠᠮᠢᠶ᠎ᠠ ᠪᠥᠬᠦᠶ ᠰᠠᠯᠠᠭ᠎ᠠ

ᠮᠥᠴᠢᠷ᠂ ᠤᠯᠠᠮᠵᠢᠯᠠᠨ ᠵᠠᠯᠭᠠᠮᠵᠢᠯᠠᠭᠴᠢ ᠶᠢᠨ ᠪᠣᠳᠠᠰ ᠤᠨ ᠪᠤᠰᠤ ᠰᠣᠶᠣᠯ ᠤᠨ ᠥᠪ ᠢ ᠬᠠᠮᠠᠭᠠᠯᠠᠬᠤ ᠠᠵᠢᠯ ᠤᠨ ᠲᠤᠬᠠᠶ ᠲᠠᠨᠢᠯᠲᠠ ᠪᠠ ᠪᠣᠳᠠᠲᠠᠶ

ᠨᠠᠶᠢᠳᠠᠪᠤᠷᠢᠵᠢᠭᠤᠯᠤᠭᠰᠠᠨ ᠪᠠᠶᠢᠳᠠᠯ ᠢ ᠨᠠᠷᠢᠨ ᠣᠶᠢᠯᠠᠭᠠᠪᠠ᠃

非遗复核2.jpg

    ᠮᠠᠨ ᠤ ᠬᠤᠰᠢᠭᠤᠨ ᠤ ᠪᠣᠳᠠᠰ ᠤᠨ ᠪᠤᠰᠤ ᠰᠣᠶᠣᠯ ᠤᠨ ᠥᠪ ᠤᠨ ᠲᠥᠷᠥᠯ ᠵᠦᠢᠯ ᠢ ᠬᠠᠮᠠᠭᠠᠯᠠᠨ ᠤᠯᠠᠮᠵᠢᠯᠠᠬᠤ ᠠᠵᠢᠯ ᠢ ᠨᠠᠷᠢᠨ ᠣᠶᠢᠯᠠᠭᠠᠭᠰᠠᠨ ᠤ

ᠳᠠᠷᠠᠭ᠎ᠠ᠂ ᠵᠠᠩ ᠯᠢ ᠬᠤᠶ ᠠᠴᠠ ᠮᠠᠨ ᠤ ᠬᠤᠰᠢᠭᠤᠨ ᠤ ᠪᠣᠳᠠᠰ ᠤᠨ ᠪᠤᠰᠤ ᠰᠣᠶᠣᠯ ᠤᠨ ᠥᠪ ᠢ ᠤᠯᠠᠮᠵᠢᠯᠠᠨ ᠬᠠᠮᠠᠭᠠᠯᠠᠬᠤ ᠠᠵᠢᠯ ᠤᠨ ᠴᠢᠷᠮᠠᠶᠢᠯᠭ᠎ᠠ ᠪᠠ

ᠣᠯᠤᠭᠰᠠᠨ ᠠᠮᠵᠢᠯᠲᠠ ᠪᠦᠲᠦᠮᠵᠢ ᠶᠢ ᠳᠡᠭᠡᠳᠦ ᠬᠡᠮᠵᠢᠶ᠎ᠡ ᠪᠠᠷ ᠨᠤᠲᠠᠯᠠᠪᠠ᠃ ᠲᠡᠷᠡ ᠤᠯᠠᠮᠵᠢᠯᠠᠨ ᠵᠠᠯᠭᠠᠮᠵᠢᠯᠠᠭᠴᠢ ᠶᠢ ᠬᠤᠪᠢ ᠬᠥᠮᠦᠨ ᠤ ᠤᠷ᠎ᠠ ᠮᠡᠷᠭᠡᠵᠢᠯ ᠢᠶᠠᠨ

ᠲᠠᠰᠤᠷᠠᠯᠲᠠ ᠥᠬᠡᠶ ᠳᠡᠭᠡᠭᠰᠢᠯᠡᠭᠦᠯᠵᠦ᠂ ᠪᠣᠳᠠᠰ ᠤᠨ ᠪᠤᠰᠤ ᠰᠣᠶᠣᠯ ᠤᠨ ᠥᠪ ᠤᠨ ᠤᠯᠠᠮᠵᠢᠯᠠᠨ ᠵᠠᠯᠭᠠᠮᠵᠢᠯᠠᠬᠤ ᠡᠩᠨᠡᠭᠡ ᠶᠢ ᠪᠤᠵᠠᠭᠠᠶᠢᠷᠠᠭᠤᠯᠬᠤ ᠬᠡᠷᠡᠭᠲᠡᠶ ᠭᠡᠵᠦ

ᠵᠣᠷᠢᠭᠵᠢᠭᠤᠯᠪᠠ︔ ᠰᠣᠶᠣᠯ ᠵᠢᠭᠤᠯᠴᠢᠯᠠᠯ ᠢ ᠠᠭᠤᠰᠤᠯᠴᠠᠭᠤᠯᠬᠤ ᠰᠢᠨ᠎ᠡ ᠪᠠᠶᠢᠳᠠᠯ ᠢ ᠰᠦᠪᠡᠭᠴᠢᠯᠡᠬᠦ ᠪᠠᠷ ᠳᠡᠮᠵᠢᠨ᠂  ᠦᠢᠯᠡᠳᠭᠦᠨ ᠤ ᠪᠣᠷᠣᠯᠠᠭᠤᠯᠭ᠎ᠠ ᠶᠢᠨ ᠠᠷᠭ᠎ᠠ

ᠵᠠᠮ ᠢ ᠥᠷᠭᠡᠳᠬᠡᠵᠦ᠂ ᠵᠠᠬ᠎ᠠ ᠳᠡᠯᠭᠡᠭᠦᠷ ᠢ ᠨᠡᠭᠡᠭᠡᠵᠦ᠂ ᠠᠵᠢᠯ ᠣᠯᠭᠤᠯᠲᠠ ᠶᠢ ᠦᠷᠭᠦᠯᠵᠢᠯᠡᠨ ᠳᠠᠶᠢᠴᠢᠯᠠᠨ᠂ ᠳᠤᠮᠳᠠᠳᠤ ᠶᠢᠨ ᠰᠢᠯᠢᠳᠡᠭ ᠤᠯᠠᠮᠵᠢᠯᠠᠯᠲᠤ ᠰᠣᠶᠣᠯ ᠢ

ᠤᠯᠠᠮᠵᠢᠯᠠᠨ ᠪᠠᠳᠠᠷᠠᠭᠤᠯᠬᠤ ᠶᠢ ᠴᠢᠬᠤᠯᠠᠴᠢᠯᠠᠵᠤ᠂ ᠤᠷᠠᠨ ᠳᠠᠷᠬᠠᠨ ᠤ ᠤᠷ᠎ᠠ ᠮᠡᠷᠭᠡᠵᠢᠯ ᠪᠣᠯᠤᠨ ᠰᠣᠶᠣᠯ ᠢ ᠨᠢᠭᠲᠠ ᠠᠭᠤᠰᠣᠯᠴᠠᠭᠤᠯᠵᠣ ᠂ ᠭᠤᠣᠯᠯᠠᠬᠤ ᠤᠷ᠎ᠠ

ᠮᠡᠷᠭᠡᠵᠢᠯ ᠢ ᠬᠡᠪ ᠢᠶᠠᠷ ᠦᠯᠡᠳᠡᠭᠡᠭᠰᠡᠨ ᠰᠠᠭᠤᠷᠢᠨ ᠳᠡᠭᠡᠷ᠎ᠡ ᠪᠠᠰᠠ ᠦᠢᠯᠡᠳᠬᠦᠨ ᠢ ᠰᠤᠳᠤᠯᠤᠨ ᠨᠡᠭᠡᠭᠡᠬᠦ ᠶᠢ ᠴᠢᠬᠤᠯᠠᠴᠢᠯᠠᠵᠤ᠂  ᠰᠣᠶᠣᠯ ᠤᠨ ᠡᠭᠦᠳᠦᠯᠲᠡ ᠶᠢᠨ

ᠦᠢᠯᠡᠳᠬᠦᠨ ᠢ ᠰᠤᠳᠤᠯᠤᠨ ᠨᠡᠭᠡᠭᠡᠬᠦ ᠪᠠᠷ ᠳᠠᠮᠵᠢᠭᠤᠯᠤᠨ ᠪᠣᠳᠠᠰ ᠤᠨ ᠪᠤᠰᠤ ᠰᠣᠶᠣᠯ ᠤᠨ ᠥᠪ ᠢ ᠣᠳᠣ ᠦᠶ᠎ᠡ ᠶᠢᠨ ᠠᠮᠢᠳᠤᠷᠠᠯ ᠳᠤ ᠠᠭᠤᠰᠬᠠᠨ ᠣᠷᠣᠭᠤᠯᠵᠤ᠂

ᠨᠢᠭᠡ ᠪᠦᠯᠦᠭ ᠬᠡᠷᠡᠭᠯᠡᠭᠡᠨ ᠤ ᠴᠢᠨᠠᠷᠲᠠᠢ ᠦᠢᠯᠡᠳᠬᠦᠨ ᠢ ᠡᠭᠦᠳᠦᠨ ᠪᠦᠲᠦᠭᠡᠬᠦ ᠬᠡᠷᠡᠭᠲᠡᠢ ᠬᠡᠪᠡ᠃

非遗复核3.jpg

    ᠬᠤᠲᠠ ᠶᠢᠨ ᠰᠣᠶᠣᠯ ᠵᠢᠭᠤᠯᠴᠢᠯᠠᠯ ᠷᠠᠳᠢᠣ᠋ ᠲᠧᠯᠸᠢᠰ ᠤᠨ ᠲᠣᠪᠴᠢᠶ᠎ᠠ ᠶᠢᠨ ᠳᠡᠳ᠋ ᠳᠠᠷᠤᠭ᠎ᠠ ᠪᠤᠶᠠᠨᠵᠢᠷᠭᠠᠯ᠂ ᠬᠤᠲᠠ ᠶᠢᠨ ᠰᠣᠶᠣᠯ ᠵᠢᠭᠤᠯᠴᠢᠯᠠᠯ ᠷᠠᠳᠢᠣ᠋

ᠲᠧᠯᠸᠢᠰ ᠤᠨ ᠲᠣᠪᠴᠢᠶ᠎ᠠ ᠶᠢᠨ ᠨᠡᠶᠢᠭᠡᠮ ᠤᠨ ᠰᠣᠶᠣᠯ ᠤᠨ ᠰᠠᠯᠠᠭ᠎ᠠ᠂ ᠬᠤᠰᠢᠭᠤᠨ ᠤ ᠰᠣᠶᠣᠯ ᠲᠠᠮᠢᠷ ᠵᠢᠭᠤᠯᠴᠢᠯᠠᠯ ᠷᠠᠳᠢᠣ᠋ ᠲᠧᠯᠸᠢᠰ ᠤᠨ ᠲᠣᠪᠴᠢᠶ᠎ᠠ᠂

ᠬᠤᠰᠢᠭᠤᠨ ᠤ ᠪᠣᠳᠠᠰ ᠤᠨ ᠪᠤᠰᠤ ᠰᠣᠶᠣᠯ ᠤᠨ ᠥᠪ ᠤᠨ ᠲᠥᠪ ᠤᠨ ᠬᠠᠮᠢᠶ᠎ᠠ ᠪᠦᠬᠦᠢ ᠬᠠᠷᠢᠭᠤᠴᠠᠯᠭᠠᠲᠠᠨ ᠪᠠᠷ᠎ᠠ ᠪᠣᠯᠵᠤ ᠰᠣᠳᠣᠯᠣᠨ ᠪᠠᠶᠢᠴᠠᠭᠠᠪᠠ᠃

非遗复核4.jpg

ᠢᠷᠡᠯᠲᠡ᠄ ᠤᠷᠠᠳ ᠤᠨ ᠡᠮᠦᠨᠡᠲᠦ ᠬᠤᠰᠢᠭᠤᠨ ᠤ ᠵᠠᠰᠠᠭ ᠤᠨ ᠣᠷᠳᠤᠨ ᠤ ᠮᠣᠩᠭᠤᠯ ᠰᠦᠯᠵᠢᠶ᠎ᠡ