5 ᠰᠠᠷ᠎ᠠ ᠶᠢᠨ 20 ᠤ ᠡᠳᠦᠷ᠂ ᠬᠤᠰᠢᠭᠤᠨ ᠤ ᠨᠠᠮ ᠤᠨ ᠬᠤᠷᠢᠶᠠᠨ ᠤ ᠱᠦᠵᠢ ᠰᠣᠶᠣᠯᠲᠤ ᠤᠷᠠᠳ ᠤᠨ ᠡᠮᠦᠨᠡᠲᠦ ᠬᠤᠰᠢᠭᠤᠨ ᠤ ᠠᠷᠪᠠᠨ ᠳᠥᠷᠪᠡᠳᠦᠭᠡᠷ | ᠬᠤᠭᠤᠴᠠᠭᠠᠨ ᠤ ᠬᠤᠰᠢᠭᠤᠨ ᠤ ᠨᠠᠮ ᠤᠨ ᠬᠤᠷᠢᠶᠠᠨ ᠤ ᠪᠠᠶᠢᠩᠭᠤ ᠶᠢᠨ ᠬᠤᠷᠢᠶᠠᠨ ᠤ 26 ᠳ᠋ᠤᠭᠠᠷ ᠬᠤᠷᠠᠯ ᠢ ᠡᠷᠬᠢᠯᠡᠨ ᠬᠤᠷᠠᠯᠳᠣᠪᠠ ᠃ | | | | | ᠬᠤᠰᠢᠭᠤᠨ ᠤ ᠨᠠᠮ ᠤᠨ ᠬᠤᠷᠢᠶᠠᠨ ᠤ ᠳᠡᠳ᠋ ᠱᠦᠵᠢ᠂ ᠵᠠᠰᠠᠭ ᠤᠨ ᠣᠷᠳᠣᠨ ᠤ ᠳᠠᠷᠤᠭ᠎ᠠ ᠸᠠᠩ ᠵᠢᠶᠦ᠋ᠨ ᠵᠢᠶᠧ᠂ ᠬᠤᠰᠢᠭᠤᠨ ᠤ ᠨᠠᠮ ᠤᠨ ᠬᠤᠷᠢᠶᠠᠨ ᠤ | ᠳᠡᠳ᠋ ᠱᠦᠵᠢ᠂ ᠤᠯᠤᠰ ᠲᠥᠷᠥ ᠬᠠᠤᠯᠢ ᠴᠠᠭᠠᠵᠠ ᠶᠢᠨ ᠬᠤᠷᠢᠶᠠᠨ ᠤ ᠱᠦᠵᠢ ᠵᠢᠶᠠ ᠵᠧᠨ ᠬᠤᠸᠠ ᠵᠡᠷᠭᠡ ᠬᠤᠰᠢᠭᠤᠨ ᠤ ᠨᠠᠮ ᠤᠨ ᠬᠤᠷᠢᠶᠠᠨ ᠤ ᠪᠠᠶᠢᠩᠭᠤ ᠶᠢᠨ | ᠬᠤᠷᠢᠶᠠᠨ ᠤ ᠤᠳᠤᠷᠢᠳᠬᠤ ᠪᠠᠭ ᠤᠨ ᠪᠦᠷᠢᠯᠳᠦᠬᠦᠨ ᠬᠤᠷᠠᠯ ᠳᠤ ᠣᠷᠣᠯᠴᠠᠪᠠ᠃ ᠬᠤᠰᠢᠭᠤᠨ ᠤ ᠤᠯᠤᠰ ᠲᠥᠷᠥ ᠶᠢᠨ ᠵᠥᠪᠯᠡᠯᠭᠡᠨ ᠤ ᠲᠡᠷᠢᠭᠦᠯᠡᠭᠴᠢ ᠶᠢᠨ ᠱᠠᠨ᠂ | ᠬᠤᠰᠢᠭᠤᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠳᠡᠳ᠋ ᠡᠷᠬᠢᠯᠡᠭᠴᠢ ᠵᠢᠶᠠᠨ ᠶᠦᠩ ᠴᠢᠩ᠂ ᠵᠠᠰᠠᠭ ᠤᠨ ᠣᠷᠳᠣᠨ ᠤ ᠳᠡᠳ᠋ ᠬᠤᠰᠢᠭᠤᠨ | ᠳᠠᠷᠤᠭ᠎ᠠ ᠹᠠᠨ ᠵᠢᠶᠦ᠋ᠨ ᠬᠤᠶ᠂ ᠼᠤᠤ ᠳ᠋ᠦᠩ ᠵᠢᠴᠢ ᠴᠠᠭᠳᠠᠨ ᠪᠠᠶᠢᠴᠠᠭᠠᠬᠤ ᠠᠯᠪᠠᠨ ᠬᠡᠷ᠂ ᠬᠤᠰᠢᠭᠤᠨ ᠤ ᠨᠠᠮ ᠤᠨ ᠬᠤᠷᠢᠶᠠᠨ ᠤ ᠠᠯᠪᠠᠨ ᠬᠡᠷ ᠵᠡᠷᠭᠡ ᠬᠤᠯᠪᠣᠭᠳᠠᠯ | ᠪᠥᠬᠦᠶ ᠰᠠᠯᠠᠭ᠎ᠠ ᠮᠥᠴᠢᠷ ᠤᠨ ᠬᠠᠷᠢᠭᠤᠴᠠᠯᠭᠠᠲᠠᠨ ᠬᠤᠷᠠᠯ ᠳᠤ ᠰᠤᠯᠠ ᠣᠷᠣᠯᠴᠠᠵᠠᠶ᠃ | | | | | ᠬᠤᠷᠠᠯ ᠠᠴᠠ 5 ᠰᠠᠷ᠎ᠠ ᠶᠢᠨ 5 ᠤ ᠡᠳᠦᠷ ᠤᠨ ᠨᠠᠮ ᠤᠨ ᠲᠥᠪ ᠬᠤᠷᠢᠶᠠᠨ ᠤ ᠤᠯᠤᠰ ᠲᠦᠷᠦ ᠶᠢᠨ ᠲᠣᠪᠴᠢᠶᠠᠨ ᠤ ᠪᠠᠶᠢᠩᠭᠤ ᠶᠢᠨ ᠬᠤᠷᠢᠶᠠᠨ ᠤ | ᠬᠤᠷᠠᠯ ᠤᠨ ᠵᠣᠷᠢᠭ ᠰᠠᠨᠠᠭ᠎ᠠ ᠶᠢ ᠰᠤᠷᠤᠯᠴᠠᠪᠠ᠂ ︽ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠤᠳᠤᠷᠢᠳᠬᠤ ᠪᠠᠭ ᠤᠨ ᠤᠯᠤᠰ ᠲᠦᠷᠦ ᠶᠢᠨ | ᠪᠠᠶᠢᠭᠤᠯᠤᠯᠲᠠ ᠶᠢ ᠴᠢᠩᠭᠠᠳᠬᠠᠬᠤ ᠲᠤᠬᠠᠢ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠪᠠᠨ ᠨᠢᠭᠡᠳᠦᠭᠡᠷ ᠬᠤᠭᠤᠴᠠᠭᠠᠨ ᠤ ᠨᠠᠮ ᠤᠨ ᠬᠤᠷᠢᠶᠠᠨ ᠤ | ᠲᠣᠭᠲᠠᠭᠠᠯ︾᠂ ᠲᠥᠪ ᠬᠤᠷᠢᠶᠠᠨ ᠤ ᠠᠯᠪᠠᠨ ᠲᠢᠩᠬᠢᠮ ᠠᠴᠠ ᠲᠠᠷᠣᠮᠯᠠᠨ ᠲᠠᠷᠬᠠᠭᠠᠭᠰᠠᠨ ︽ᠲᠣᠭᠤᠷᠢᠨ ᠪᠠᠶᠢᠴᠠᠭᠠᠵᠤ ᠴᠡᠭᠴᠡᠯᠡᠨ ᠰᠠᠶᠢᠵᠢᠷᠠᠭᠤᠯᠬᠤ ᠪᠠ ᠦᠷ᠎ᠡ | ᠪᠦᠲᠦᠭᠡᠯ ᠤᠨ ᠬᠡᠷᠡᠭᠯᠡᠯᠲᠡ ᠶᠢ ᠴᠢᠩᠭᠠᠳᠬᠠᠬᠤ ᠲᠤᠬᠠᠶ ᠰᠠᠨᠠᠯ︾᠂ ᠥᠪᠡᠷᠲᠡᠭᠡᠨ ᠵᠠᠰᠠᠬᠤ ᠣᠷᠣᠨ ᠤ ᠰᠠᠬᠢᠯᠭ᠎ᠠ ᠪᠠᠲᠤ ᠪᠠᠶᠢᠴᠠᠭᠠᠬᠤ ᠬᠤᠷᠢᠶᠠᠨ ᠤ ᠪᠠᠶᠢᠩᠭᠤ ᠶᠢᠨ | ᠭᠡᠰᠢᠭᠦᠨ᠂ ᠲᠣᠭᠤᠷᠢᠨ ᠪᠠᠶᠢᠴᠠᠭᠠᠬᠤ ᠠᠯᠪᠠᠨ ᠬᠡᠷ ᠤᠨ ᠡᠷᠬᠢᠯᠡᠭᠴᠢ ᠶᠤᠸᠠᠨ ᠷᠦᠢ ᠰᠢᠶᠠᠨ ᠪᠣᠯᠤᠨ ᠲᠣᠭᠤᠷᠢᠨ ᠪᠠᠶᠢᠴᠠᠭᠠᠬᠤ ᠠᠯᠪᠠᠨ ᠬᠡᠷ ᠤᠨ ᠳᠡᠳ᠋ ᠡᠷᠬᠢᠯᠡᠭᠴᠢ | ᠵᠧᠤ ᠰᠦ ᠵᠢᠶᠦ᠋ᠨ ︽ᠲᠣᠭᠤᠷᠢᠨ ᠪᠠᠶᠢᠴᠠᠭᠠᠬᠤ ᠠᠵᠢᠯ ᠤᠨ ᠲᠥᠯᠥᠪᠵᠢᠭᠦᠯᠭᠡ ᠲᠣᠭᠲᠠᠭᠠᠬᠤ ᠲᠤᠰᠬᠠᠶ ᠰᠡᠳᠦᠪᠲᠦ ᠬᠠᠪᠰᠤᠷᠤᠨ ᠵᠢᠯᠣᠭᠤᠳᠬᠤ ᠬᠤᠷᠠᠯ︾ ᠵᠢᠴᠢ | ᠪᠥᠬᠦ ᠣᠷᠣᠨ ᠤ ᠬᠤᠲᠠ ᠰᠢᠶᠠᠨ ᠤ ᠲᠣᠭᠤᠷᠢᠨ ᠪᠠᠶᠢᠴᠠᠭᠠᠬᠤ ᠠᠯᠪᠠᠨ ᠬᠡᠷ ᠤᠨ ᠡᠷᠬᠢᠯᠡᠭᠴᠢ ᠶᠢᠨ ᠶᠠᠷᠢᠯᠴᠠᠬᠤ ᠬᠤᠷᠠᠯ ᠳᠡᠭᠡᠷᠡᠬᠢ ᠶᠠᠷᠢᠶᠠᠨ ᠤ ᠵᠣᠷᠢᠭ ᠰᠠᠨᠠᠭ᠎ᠠ᠂ ︽ | ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠪᠠᠨ ᠨᠢᠭᠡᠳᠦᠭᠡᠷ ᠬᠤᠭᠤᠴᠠᠭᠠᠨ ᠤ ᠨᠠᠮ ᠤᠨ ᠬᠤᠷᠢᠶ᠎ᠠ ᠶᠢᠨ ᠲᠣᠭᠤᠷᠢᠨ ᠪᠠᠶᠢᠴᠠᠭᠠᠬᠤ ᠠᠵᠢᠯ ᠤᠨ | ᠲᠥᠯᠥᠪᠵᠢᠭᠦᠯᠭᠡ ︵20222026︶ ︵ᠲᠤᠷᠰᠢᠨ ᠬᠡᠷᠡᠭᠵᠢᠭᠦᠯᠬᠦ︶︾ ᠶᠢᠨ ᠮᠡᠳᠡᠭᠳᠡᠯ᠂ ︽ᠨᠠᠮ ᠤᠨ ᠬᠤᠷᠢᠶ᠎ᠠ ︵ᠨᠠᠮ ᠤᠨ ᠤᠳᠤᠷᠢᠳᠬᠤ ᠳᠤᠭᠤᠶᠢᠯᠠᠩ︶ ᠶᠢᠨ | ᠦᠵᠡᠯ ᠤᠬᠠᠮᠰᠠᠷ ᠤᠨ ᠬᠡᠯᠪᠡᠷᠢ ᠶᠢᠨ ᠠᠵᠢᠯ ᠤᠨ ᠬᠠᠷᠢᠭᠤᠴᠠᠯᠭ᠎ᠠ ᠶᠢᠨ ᠲᠦᠷᠢᠮ ᠢ ᠬᠡᠷᠡᠭᠵᠢᠭᠦᠯᠬᠦ ᠠᠷᠭ᠎ᠠ︾᠂ ︽ᠨᠠᠮ ᠤᠨ ᠬᠤᠷᠢᠶ᠎ᠠ ︵ᠨᠠᠮ ᠤᠨ ᠤᠳᠤᠷᠢᠳᠬᠤ | ᠳᠤᠭᠤᠶᠢᠯᠠᠩ︶ ᠶᠢᠨ ᠦᠵᠡᠯ ᠤᠬᠠᠮᠰᠠᠷ ᠤᠨ ᠬᠡᠯᠪᠡᠷᠢ ᠶᠢᠨ ᠠᠵᠢᠯ ᠤᠨ ᠬᠠᠷᠢᠭᠤᠴᠠᠯᠭ᠎ᠠ ᠨᠡᠬᠡᠮᠵᠢᠯᠡᠬᠦ ᠠᠷᠭ᠎ᠠ ︵ᠲᠤᠷᠰᠢᠨ ᠬᠡᠷᠡᠭᠵᠢᠭᠦᠯᠬᠦ︶︾ ᠵᠡᠷᠭᠡ ᠪᠢᠴᠢᠭ | ᠮᠠᠲ᠋ᠧᠷᠢᠶᠠᠯ ᠤᠨ ᠵᠣᠷᠢᠭ ᠰᠠᠨᠠᠭ᠎ᠠ︔ ᠨᠠᠮ ᠤᠨ ᠲᠥᠪ ᠬᠤᠷᠢᠶᠠᠨ ᠤ ᠠᠯᠪᠠᠨ ᠲᠢᠩᠬᠢᠮ ᠲᠦᠷᠦ ᠶᠢᠨ ᠶᠠᠪᠤᠳᠠᠯ ᠤᠨ ᠬᠤᠷᠢᠶᠠᠨ ᠤ ᠠᠯᠪᠠᠨ ᠲᠢᠩᠬᠢᠮ ᠤᠨ ᠳᠠᠷᠤᠮᠠᠯᠯᠠᠨ | ᠲᠠᠷᠬᠠᠭᠠᠭᠰᠠᠨ ︽ᠲᠤᠭ᠎ᠠ ᠪᠦᠷᠢᠳᠬᠡᠯ ᠤᠨ ᠬᠢᠨᠠᠯᠲᠠ ᠲᠠᠯᠪᠢᠬᠤ ᠡᠭᠦᠷᠭᠡ ᠴᠢᠳᠠᠪᠬᠢ ᠶᠢᠨ ᠦᠢᠯᠡᠳᠦᠯ ᠢ ᠨᠡᠩ ᠪᠦᠲᠦᠮᠵᠢᠲᠡᠢ ᠪᠠᠳᠠᠷᠠᠭᠤᠯᠬᠤ ᠲᠤᠬᠠᠢ ᠰᠠᠨᠠᠯ︾ ᠵᠢᠴᠢ | ︽ᠵᠠᠬᠢᠳᠠᠯ ᠰᠤᠷᠪᠤᠯᠵᠢᠯᠠᠭ᠎ᠠ ᠶᠢᠨ ᠠᠵᠢᠯ ᠤᠨ ᠳᠦᠷᠢᠮ︾ ᠢ ᠰᠤᠷᠤᠯᠴᠠᠪᠠ᠃ | ᠬᠤᠷᠠᠯ ᠠᠴᠠ ᠪᠦᠬᠦ ᠬᠤᠰᠢᠭᠤᠨ ᠤ ᠠᠵᠤ ᠠᠬᠤᠢ ᠶᠢᠨ ᠡᠷᠭᠢᠯᠲᠡ ᠶᠢᠨ ᠬᠤᠯᠪᠣᠭᠳᠠᠯ ᠪᠦᠬᠦᠢ ᠶᠠᠪᠤᠳᠠᠯ ᠢ ᠰᠤᠳᠤᠯᠵᠤ᠂ ᠡᠯ᠎ᠡ ᠬᠤᠪᠢᠳᠠᠨ ᠬᠠᠮᠢᠶᠠᠷᠴᠤ ᠪᠠᠶᠢᠭ᠎ᠠ | ᠬᠤᠰᠢᠭᠤᠨ ᠤ ᠤᠳᠤᠷᠢᠳᠤᠯᠭ᠎ᠠ ᠶᠢᠨ ᠭᠤᠤᠯᠳᠠᠯᠭ᠎ᠠ ᠲᠠᠢ ᠠᠵᠢᠯ ᠲᠥᠷᠥᠯ ᠤᠨ ᠲᠤᠬᠠᠶ ᠬᠠᠷᠢᠭᠤ ᠮᠡᠳᠡᠭᠦᠯᠦᠯᠲᠡ ᠶᠢ ᠰᠣᠨᠣᠰᠴᠤ᠂ ᠲᠠᠷᠠᠭᠠᠴᠢ ᠶᠢᠨ ᠠᠯᠬᠤᠮ ᠤᠨ | ᠠᠵᠢᠯ ᠢ ᠲᠤᠬᠢᠷᠠᠭᠤᠯᠤᠨ ᠪᠠᠶᠢᠷᠢᠯᠠᠭᠤᠯᠪᠠ᠃ | ᠰᠣᠶᠣᠯᠲᠤ ᠴᠢᠬᠤᠯᠠᠴᠢᠯᠠᠭᠰᠠᠨ ᠨᠢ᠂ ᠡᠯ᠎ᠡ ᠱᠠᠲᠤ ᠡᠯ᠎ᠡ ᠰᠠᠯᠠᠭ᠎ᠠ ᠮᠥᠴᠢᠷ ᠤᠨ ᠬᠢᠨ ᠣᠳᠣᠬᠠᠨ ᠤ ᠠᠵᠤ ᠠᠬᠤᠢ ᠶᠢᠨ ᠪᠠᠶᠢᠳᠠᠯ ᠢ ᠣᠨᠣᠪᠴᠢᠲᠠᠢ ᠡᠵᠡᠮᠳᠡᠵᠦ᠂ | ᠠᠰᠠᠭᠤᠳᠠᠯ ᠢᠶᠠᠷ ᠤᠳᠤᠷᠢᠳᠤᠮᠵᠢ ᠪᠣᠯᠭᠠᠬᠤ᠂ ᠬᠠᠷᠠᠯᠲᠠ ᠪᠠᠷ ᠤᠳᠤᠷᠢᠳᠤᠮᠵᠢ ᠪᠣᠯᠭᠠᠬᠤ᠂ ᠦᠷ᠎ᠡ ᠪᠦᠲᠦᠮᠵᠢ ᠪᠠᠷ ᠤᠳᠤᠷᠢᠳᠤᠮᠵᠢ ᠪᠣᠯᠭᠠᠬᠤ ᠶᠢ ᠪᠠᠷᠢᠮᠲᠠᠯᠠᠵᠤ᠂ | ᠠᠵᠤ ᠠᠬᠤᠢ ᠶᠢᠨ ᠡᠷᠭᠢᠯᠲᠡ ᠳᠤᠮᠳᠠ ᠣᠷᠣᠰᠢᠵᠤ ᠪᠠᠶᠢᠭ᠎ᠠ ᠬᠦᠴᠢᠷᠳᠡᠯ ᠪᠣᠯᠤᠨ ᠠᠰᠠᠭᠤᠳᠠᠯ ᠢ ᠨᠠᠷᠢᠨ ᠬᠢᠨᠠᠮᠠᠭᠠᠢ ᠰᠤᠳᠤᠯᠤᠨ ᠰᠢᠢᠳᠪᠦᠷᠢᠯᠡᠬᠦ ᠳᠤ ᠡᠷᠬᠡᠪᠰᠢ ︽ | ᠲᠣᠭᠲᠠᠭᠤᠨ ᠪᠠᠶᠢᠯᠭᠠᠬᠤ ᠶᠢ ᠲᠡᠷᠢᠭᠦᠨ ᠳᠤ ᠲᠠᠯᠪᠢᠵᠤ᠂ ᠲᠣᠭᠲᠠᠭᠤᠨ ᠤ ᠳᠤᠮᠳᠠ ᠤᠷᠤᠭᠰᠢᠯᠠᠨ ᠲᠠᠪᠰᠢᠬᠤ︾ ᠶᠢ ᠪᠦᠬᠦ ᠵᠢᠯ ᠤᠨ ᠠᠵᠢᠯ ᠳᠠᠭᠠᠨ ᠲᠣᠭᠤᠰᠢᠯᠠᠭᠤᠯᠬᠤ | ᠬᠡᠷᠡᠭᠲᠡᠢ᠃ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠢ ᠨᠢᠭᠡᠳᠦᠯᠲᠡᠶ ᠲᠥᠯᠥᠪᠵᠢᠭᠦᠯᠦᠨ ᠰᠠᠶᠢᠲᠤᠷ ᠠᠳᠬᠤᠵᠤ᠂ ︽ᠭᠠᠳᠠᠨ᠎ᠠ ᠠᠴᠠ ᠬᠠᠯᠳᠠᠪᠤᠷᠢᠯᠠᠨ | ᠣᠷᠣᠵᠤ ᠢᠷᠡᠬᠦ ᠶᠢ ᠰᠡᠷᠭᠡᠶᠢᠯᠡᠵᠦ᠂ ᠳᠣᠲᠣᠭᠠᠳᠤ ᠳᠠᠭᠠᠨ ᠳᠠᠬᠢᠨ ᠡᠭᠦᠰᠬᠦ ᠶᠢ ᠰᠡᠷᠭᠡᠶᠢᠯᠡᠬᠦ︾ ᠨᠢᠭᠲᠠ ᠴᠢᠩᠭ᠎ᠠ ᠰᠡᠷᠭᠡᠶᠢᠯᠡᠯᠲᠡ ᠶᠢᠨ ᠱᠤᠭᠤᠮ ᠢ ᠪᠠᠲᠤ ᠰᠠᠬᠢᠵᠤ᠂ | ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠡᠯ᠎ᠡ ᠵᠦᠢᠯ ᠤᠨ ᠠᠵᠢᠯ ᠢ ᠪᠥᠬᠦ ᠬᠦᠴᠦᠨ ᠢᠶᠠᠷ ᠢᠶᠠᠨ᠂ ᠢᠮᠠᠭᠲᠠ ᠬᠢᠨᠠᠭᠤᠷ ᠪᠣᠯᠭᠤᠮᠵᠢᠲᠠᠶ ᠰᠠᠶᠢᠲᠤᠷ ᠬᠢᠵᠦ᠂ | ᠰᠡᠷᠭᠡᠶᠢᠯᠡᠨ ᠡᠵᠡᠮᠳᠡᠭᠰᠡᠨ ᠦᠷ᠎ᠡ ᠪᠦᠲᠦᠭᠡᠯ ᠢᠶᠠᠨ ᠦᠷᠭᠦᠯᠵᠢᠯᠡᠨ ᠪᠠᠬᠢᠵᠢᠭᠦᠯᠬᠦ ᠬᠡᠷᠡᠭᠲᠡᠶ᠃ ᠲᠥᠷᠥᠯ ᠵᠦᠢᠯ ᠤᠨ ᠪᠦᠲᠦᠭᠡᠨ ᠪᠠᠶᠢᠭᠤᠯᠤᠯᠲᠠ ᠶᠢᠨ ᠠᠬᠢᠴᠠ ᠶᠢ | ᠦᠨᠡᠨᠬᠦ ᠲᠦᠷᠭᠡᠳᠬᠡᠵᠦ᠂ ᠣᠨ ᠤ ᠬᠡᠪᠴᠢᠶᠡᠨ ᠳᠤ ᠣᠷᠣᠭᠤᠯᠤᠭᠰᠠᠨ ᠲᠥᠷᠥᠯ ᠵᠦᠢᠯ ᠳᠤ ᠪᠠᠷᠢᠯᠭ᠎ᠠ ᠶᠢᠨ ᠠᠵᠢᠯ ᠤᠨ ᠰᠢᠵᠢᠷ ᠠᠯᠲᠠᠨ ᠬᠤᠭᠤᠴᠠᠭ᠎ᠠ ᠶᠢ ᠴᠢᠩᠭ᠎ᠠ | ᠠᠳᠬᠤᠵᠤ᠂ ᠮᠥᠷᠳᠡᠨ ᠲᠣᠬᠢᠷᠠᠭᠤᠯᠬᠤ ᠪᠠ ᠳᠠᠭᠠᠵᠤ ᠦᠢᠯᠡᠴᠢᠯᠡᠬᠦ ᠪᠠᠨ ᠴᠢᠩᠭᠠᠷᠠᠭᠤᠯᠵᠤ᠂ ᠶᠠᠰᠤ ᠴᠢᠨᠠᠷ ᠪᠣᠯᠤᠨ ᠠᠮᠤᠷ ᠲᠦᠪᠰᠢᠨ ᠢ ᠪᠠᠲᠤᠯᠠᠭᠰᠠᠨ ᠤᠷᠢᠲᠠᠯ | ᠳᠣᠣᠷ᠎ᠠ᠂ ︽ᠲᠥᠷᠥᠯ ᠵᠦᠢᠯ ᠢ ᠤᠷᠤᠭᠰᠢ ᠠᠬᠢᠭᠤᠯᠬᠤ᠂ ᠲᠥᠯᠥᠪᠯᠡᠭᠡ ᠶᠢ ᠤᠷᠤᠭᠰᠢ ᠠᠬᠢᠭᠤᠯᠬᠤ᠂ ᠪᠠᠷᠢᠯᠭ᠎ᠠ ᠶᠢᠨ ᠬᠤᠭᠤᠴᠠᠭ᠎ᠠ ᠶᠢ ᠤᠷᠤᠭᠰᠢ ᠲᠦᠷᠭᠡᠳᠬᠡᠬᠦ︾ | ᠱᠠᠭᠠᠷᠳᠠᠯᠭ᠎ᠠ ᠶᠣᠰᠣᠭᠠᠷ ᠪᠦᠲᠦᠭᠡᠨ ᠪᠠᠶᠢᠭᠤᠯᠤᠯᠲᠠ ᠶᠢᠨ ᠠᠬᠢᠴᠠ ᠪᠠᠨ ᠲᠦᠷᠭᠡᠳᠬᠡᠬᠦ ᠬᠡᠷᠡᠭᠲᠡᠶ᠃ ᠴᠢᠬᠤᠯᠠ ᠶᠡᠭᠡ ᠲᠦᠷᠦᠯ ᠵᠦᠢᠯ ᠤᠨ ᠤᠳᠤᠷᠢᠳᠤᠯᠭ᠎ᠠ | ᠳᠠᠭᠠᠭᠠᠴᠢᠯᠠᠨ ᠬᠤᠯᠪᠣᠭᠠᠯᠠᠵᠤ ᠠᠬᠢᠭᠤᠯᠬᠤ ᠲᠣᠭᠲᠠᠴᠠ ᠶᠢ ᠪᠠᠶᠢᠭᠤᠯᠤᠨ ᠪᠦᠷᠢᠨᠰᠢᠬᠦᠯᠬᠦ ᠶᠢᠨ ᠬᠠᠮᠲᠤ ᠰᠠᠶᠢᠲᠤᠷ ᠬᠡᠷᠡᠭᠵᠢᠭᠦᠯᠵᠦ᠂ ︽ᠨᠡᠷ᠎ᠡ ᠨᠢᠳᠡᠷ ᠲᠠᠢ︾ | ᠪᠠᠶᠢᠬᠤ ᠶᠢ ᠦᠨᠡᠨ ᠬᠦ ᠪᠡᠶᠡᠯᠡᠭᠦᠯᠬᠦ ᠬᠡᠷᠡᠭᠲᠡᠢ᠃ ᠲᠥᠷᠥᠯ ᠵᠦᠢᠯ ᠢ ᠣᠷᠣᠭᠤᠯᠤᠨ ᠠᠪᠴᠢᠷᠠᠬᠤ ᠶᠢ ᠠᠬᠢᠭᠤᠯᠬᠤ ᠡᠷᠴᠢᠮ ᠢᠶᠠᠨ ᠴᠢᠩᠭᠠᠷᠠᠭᠤᠯᠵᠤ᠂ ᠰᠢᠰᠲ᠋ᠧᠮ ᠤᠨ | ᠰᠡᠳᠬᠢᠬᠦᠶ᠂ ᠪᠥᠬᠦ ᠠᠵᠤ ᠦᠢᠯᠡᠰ ᠤᠨ ᠬᠡᠯᠬᠢᠶ᠎ᠡ ᠶᠢ ᠲᠥᠯᠥᠪᠵᠢᠭᠦᠯᠦᠨ ᠠᠬᠢᠭᠤᠯᠬᠤ ᠶᠢ ᠪᠠᠷᠢᠮᠲᠠᠯᠠᠵᠤ᠂ ᠨᠢᠭᠡ ᠪᠦᠯᠦᠭ ᠰᠢᠨ᠎ᠡ ᠡᠨᠧᠷᠭᠢ ᠶᠢᠨ ᠲᠣᠨᠣᠭᠯᠠᠯ | ᠦᠢᠯᠡᠳᠬᠦ ᠪᠠ ᠠᠵᠢᠯᠯᠠᠭᠤᠯᠵᠤ ᠪᠠᠲᠤᠯᠠᠬᠤ ᠦᠢᠯᠡᠴᠢᠯᠡᠭᠡ᠂ ᠰᠠᠯᠬᠢ ᠬᠡᠷᠡᠯ ᠢᠶᠠᠷ ᠴᠠᠬᠢᠯᠭᠠᠨ ᠭᠠᠷᠭᠠᠬᠤ᠂ ᠰᠠᠯᠬᠢ ᠬᠡᠷᠡᠯ ᠤᠰᠤᠲᠥ᠋ᠷᠥᠭᠴᠢ ᠬᠠᠳᠠᠭᠠᠯᠠᠬᠤ᠂ ᠡᠬᠢ | ᠰᠤᠷᠪᠤᠯᠵᠢ ᠲᠤᠤᠷ ᠳᠠᠭᠠᠭᠠᠴᠠ ᠨᠥᠭᠡᠴᠡᠯᠡᠬᠦ ᠶᠢ ᠨᠢᠭᠡ ᠴᠣᠭᠴᠠᠵᠢᠭᠤᠯᠬᠤ ᠪᠠ ᠣᠯᠠᠨ ᠡᠨᠧᠷᠭᠢ ᠬᠠᠷᠢᠯᠴᠠᠨ ᠨᠥᠬᠦᠪᠥᠷᠢᠯᠡᠬᠦ ᠲᠥᠷᠥᠯ ᠵᠦᠢᠯ ᠢ ᠪᠥᠬᠦ | ᠬᠦᠴᠦᠨ ᠢᠶᠠᠷ ᠢᠶᠠᠨ ᠣᠷᠣᠭᠤᠯᠤᠨ ᠠᠪᠴᠢᠷᠠᠵᠤ ᠬᠡᠷᠡᠭᠵᠢᠭᠦᠯᠬᠦ ᠬᠡᠷᠡᠭᠲᠡᠶ᠃ ᠰᠠᠭᠤᠷᠢ ᠲᠥᠬᠦᠭᠡᠷᠦᠮᠵᠢ᠂ ᠲᠠᠷᠢᠶᠠᠨ ᠭᠠᠵᠠᠷ ᠤᠨ ᠤᠰᠤᠨ ᠠᠰᠢᠭᠯᠠᠯᠲᠠ᠂ ᠠᠮᠢ ᠠᠬᠤᠢ | ᠣᠷᠴᠢᠨ ᠲᠣᠭᠤᠷᠢᠨ ᠤ ᠬᠠᠮᠠᠭᠠᠯᠠᠯᠲᠠ᠂ ᠨᠡᠶᠢᠭᠡᠮ ᠠᠷᠠᠳ ᠤᠨ ᠠᠮᠢᠳᠤᠷᠠᠯ ᠵᠡᠷᠭᠡ ᠡᠯ᠎ᠡ ᠬᠦᠷᠢᠶᠡᠨ ᠤ ᠪᠦᠳᠦᠭᠡᠨ ᠪᠠᠶᠢᠭᠤᠯᠤᠯᠲᠠ ᠶᠢ ᠨᠢᠭᠡᠳᠦᠯᠲᠡᠢ ᠲᠥᠯᠥᠪᠵᠢᠭᠦᠯᠦᠨ | ᠠᠬᠢᠭᠤᠯᠵᠤ᠂ ᠲᠦᠷᠦᠯ ᠵᠦᠢᠯ ᠤᠨ ᠨᠥᠭᠡᠴᠡ ᠬᠥᠮᠥᠷᠭᠡ ᠶᠢ ᠴᠠᠭ ᠲᠤᠬᠠᠢ ᠳᠤᠨᠢ ᠲᠡᠭᠦᠯᠳᠡᠷᠵᠢᠭᠦᠯᠦᠨ᠂ ᠡᠯ᠎ᠡ ᠲᠦᠷᠦᠯ ᠤᠨ ᠲᠦᠷᠦᠯ ᠵᠦᠢᠯ ᠢ ᠵᠡᠷᠭᠡ ᠪᠠᠷ | ᠡᠬᠢᠯᠡᠭᠦᠯᠬᠦ ᠠᠮᠢᠳᠤᠯᠢᠭ ᠪᠠᠶᠢᠳᠠᠯ ᠢ ᠴᠢᠷᠮᠠᠶᠢᠨ ᠪᠦᠷᠢᠯᠳᠦᠭᠦᠯᠬᠦ ᠬᠡᠷᠡᠭᠲᠡᠢ᠃ ᠬᠤᠳᠠᠯᠳᠤᠭ᠎ᠠ ᠡᠷᠬᠢᠯᠡᠬᠦ ᠣᠷᠴᠢᠨ ᠨᠥᠬᠦᠴᠡᠯ ᠢ ᠰᠢᠯᠢᠳᠡᠭᠵᠢᠭᠦᠯᠬᠦ ᠶᠢ ᠴᠥᠬᠦᠷᠡᠰᠢ | ᠦᠭᠡᠢ ᠭᠦᠨᠵᠡᠭᠡᠶᠢᠷᠡᠭᠦᠯᠵᠦ᠂ ᠡᠯ᠎ᠡ ᠬᠤᠯᠪᠣᠭᠳᠠᠯ ᠪᠦᠬᠦᠢ ᠬᠤᠪᠢᠳᠠᠨ ᠬᠠᠮᠢᠶᠠᠷᠴᠤ ᠪᠠᠶᠢᠭ᠎ᠠ ᠤᠳᠤᠷᠢᠳᠤᠯᠭ᠎ᠠ ᠡᠨᠡ ᠬᠦ ᠠᠵᠢᠯ ᠢ ᠦᠨᠡᠨ ᠬᠦ ᠴᠢᠬᠤᠯᠠᠴᠢᠯᠠᠨ | ᠠᠳᠬᠤᠵᠤ᠂ ᠠᠰᠠᠭᠤᠳᠠᠯ ᠢᠶᠠᠷ ᠤᠳᠤᠷᠢᠳᠤᠮᠵᠢ ᠪᠣᠯᠭᠠᠬᠤ ᠶᠢ ᠪᠠᠷᠢᠮᠲᠠᠯᠠᠵᠤ᠂ ᠭᠤᠣᠯᠳᠠᠯᠭ᠎ᠠ ᠲᠠᠢ ᠡᠭᠦᠷᠭᠡ ᠶᠢ ᠴᠢᠩᠭ᠎ᠠ ᠠᠩᠬᠠᠷᠴᠤ᠂ ᠪᠣᠭᠤᠮᠲᠠ ᠰᠢᠪᠲᠤᠯᠤᠨ | ᠬᠠᠷᠰᠢ ᠰᠠᠭᠠᠳ ᠢ ᠠᠷᠢᠯᠭᠠᠵᠤ᠂ ᠲᠡᠷᠢᠭᠦᠨ ᠤ ᠬᠤᠳᠠᠯᠳᠤᠭ᠎ᠠ ᠡᠷᠬᠢᠯᠡᠬᠦ ᠣᠷᠴᠢᠨ ᠨᠥᠬᠦᠴᠡᠯ ᠢ ᠬᠦᠴᠦᠯᠡᠨ ᠪᠤᠢ ᠪᠣᠯᠭᠠᠬᠤ ᠬᠡᠷᠡᠭᠲᠡᠢ᠃ ᠲᠠᠷᠢᠶᠠᠯᠠᠩ ᠤᠨ ᠣᠯᠠᠨ | ᠡᠬᠢᠲᠦ ᠪᠣᠬᠢᠷᠲᠤᠯ ᠢ ᠵᠠᠰᠠᠬᠤ᠂ ᠥᠨᠳᠥᠷ ᠪᠠᠷᠢᠮᠵᠢᠶᠠᠲᠤ ᠲᠠᠷᠢᠶᠠᠨ ᠭᠠᠵᠠᠷ ᠤᠨ ᠪᠥᠲᠥᠭᠡᠨ ᠪᠠᠶᠢᠭᠤᠯᠤᠯᠲᠠ ᠵᠡᠷᠭᠡ ᠭᠤᠤᠯᠳᠠᠯᠭ᠎ᠠ ᠲᠠᠢ ᠠᠵᠢᠯ ᠢ ᠪᠣᠳᠠᠲᠠᠶ ᠠᠳᠬᠤᠨ | ᠨᠠᠷᠢᠯᠢᠭ ᠠᠳᠬᠤᠵᠤ᠂ ᠪᠥᠬᠦ ᠬᠤᠰᠢᠭᠤᠨ ᠤ ᠲᠠᠷᠢᠶᠠᠯᠠᠩ ᠮᠠᠯ ᠠᠵᠤ ᠠᠬᠤᠶ ᠶᠢᠨ ᠴᠢᠨᠠᠷ ᠰᠠᠶᠢᠲᠠᠶ ᠬᠥᠭᠵᠢᠯᠲᠡ ᠶᠢ ᠪᠥᠬᠦ ᠬᠦᠴᠦᠨ ᠢᠶᠠᠷ ᠢᠶᠠᠨ ᠠᠬᠢᠭᠤᠯᠬᠤ ᠬᠡᠷᠡᠭᠲᠡᠶ | ᠬᠡᠪᠡ᠃ | ᠰᠣᠶᠣᠯᠲᠤ᠂ ᠡᠯ᠎ᠡ ᠱᠠᠳᠤ ᠡᠯ᠎ᠡ ᠬᠤᠯᠪᠣᠭᠳᠠᠯ ᠪᠦᠬᠦᠢ ᠰᠠᠯᠠᠭ᠎ᠠ ᠮᠥᠴᠢᠷ ᠤᠨ ᠬᠢᠨ ᠡᠭᠦᠷᠭᠡ ᠬᠠᠷᠢᠭᠤᠴᠠᠯᠭ᠎ᠠ ᠪᠠᠨ ᠨᠠᠷᠢᠨ ᠬᠢᠨᠠᠮᠠᠭᠠᠢ ᠭᠦᠢᠴᠡᠳᠬᠡᠵᠦ᠂ | ᠱᠠᠯᠠᠪᠳᠠᠨ ᠬᠥᠳᠡᠯᠦᠯᠴᠡᠵᠦ᠂ ᠲᠤᠰ ᠤᠳᠠᠭ᠎ᠠ ᠶᠢᠨ ᠬᠤᠷᠠᠯ ᠤᠨ ᠪᠠᠶᠢᠷᠢᠯᠠᠭᠤᠯᠤᠯᠲᠠ ᠱᠠᠭᠠᠷᠳᠠᠯᠭ᠎ᠠ ᠶᠢ ᠪᠣᠳᠠᠲᠠᠢ ᠳᠤ ᠨᠠᠶᠢᠳᠠᠪᠤᠷᠢᠵᠢᠭᠤᠯᠵᠤ᠂ ᠠᠵᠤ ᠠᠬᠤᠢ ᠶᠢᠨ | ᠠᠵᠢᠯ ᠢ ᠯᠠᠪᠳᠠᠭᠤᠨ ᠪᠠᠲᠤᠲᠠᠢ ᠰᠠᠶᠢᠲᠤᠷ ᠬᠢᠵᠦ᠂ ᠲᠣᠭᠲᠠᠭᠤᠨ ᠡᠷᠡᠭᠦᠯ ᠠᠵᠤ ᠠᠬᠤᠢ ᠶᠢᠨ ᠣᠷᠴᠢᠨ ᠲᠣᠭᠤᠷᠢᠨ᠂ ᠠᠮᠤᠷ ᠲᠣᠭᠲᠠᠭᠤᠨ ᠨᠡᠶᠢᠭᠡᠮ ᠤᠨ ᠣᠷᠴᠢᠨ | ᠲᠣᠭᠤᠷᠢᠨ ᠢᠶᠠᠷ ᠨᠠᠮ ᠤᠨ ᠬᠤᠷᠢᠳᠤᠭᠠᠷ ᠶᠡᠭᠡ ᠬᠤᠷᠠᠯ ᠤᠨ ᠠᠮᠵᠢᠯᠲᠠ ᠲᠠᠢ ᠬᠤᠷᠠᠯᠳᠤᠬᠤ ᠶᠢ ᠤᠭᠲᠤᠬᠤ ᠬᠡᠷᠡᠭᠲᠡᠢ ᠭᠡᠵᠦ ᠱᠠᠭᠠᠷᠳᠠᠪᠠ᠃ |