ᠤᠷᠠᠳ ᠤᠨ ᠡᠮᠦᠨᠡᠲᠦ ᠬᠤᠰᠢᠭᠤᠨ ᠤ ᠰᠤᠷᠭᠠᠨ ᠬᠥᠮᠦᠵᠢᠯ ᠤᠨ ᠲᠣᠪᠴᠢᠶ᠎ᠠ ᠤᠤᠯ ᠤᠨ ᠦᠨᠳᠦᠰᠦᠲᠡᠨ ᠤ ᠬᠡᠯᠡ ᠪᠠᠷ ᠬᠢᠴᠢᠶᠡᠯᠯᠡᠵᠦ ᠪᠠᠶᠢᠭᠰᠠᠨ ᠰᠤᠷᠭᠠᠭᠤᠯᠢ ︵ᠮᠣᠩᠭᠤᠯ ᠦᠨᠳᠦᠰᠦᠲᠡᠨ ᠤ ᠪᠠᠭ᠎ᠠ ᠰᠤᠷᠭᠠᠭᠤᠯᠢ︶ ᠶᠢᠨ  ᠤᠯᠤᠰ ᠤᠨ ᠨᠡᠶᠢᠳᠡᠮ ᠬᠡᠷᠡᠭᠯᠡᠬᠦ ᠦᠭᠡ ᠬᠡᠯᠡ ᠦᠰᠦᠭ ᠪᠢᠴᠢᠭ  ᠤᠨ ᠬᠢᠴᠢᠶᠡᠯᠯᠡᠬᠦ ᠠᠩᠭᠢ ᠡᠯᠰᠡᠬᠦ ᠲᠤᠬᠠᠢ ᠠᠯᠪᠠᠨ ᠵᠠᠷ
ᠨᠡᠶᠢᠲᠡᠯᠡᠭᠰᠡᠨ ᠴᠠᠭ᠄
2022/5/23
     ᠤᠯᠤᠰ ᠤᠨ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤᠳᠬᠠᠬᠤ ᠲᠥᠷᠥ ᠶᠢᠨ ᠪᠣᠳᠣᠯᠭ᠎ᠠ ᠶᠢ ᠢᠳᠡᠪᠬᠢᠲᠡᠢ ᠳᠠᠭᠠᠵᠤ᠂ ᠦᠨᠳᠦᠰᠦᠲᠡᠨ ᠨᠦᠭᠦᠳ  ᠤᠨ ᠠᠭᠤᠰᠤᠯᠴᠠᠭᠤᠯᠬᠤ ᠶᠢ ᠪᠡᠶᠡᠯᠡᠭᠦᠯᠬᠦ ᠶᠢᠨ ᠲᠥᠯᠥᠭᠡ᠂ ᠳᠡᠭᠡᠳᠦ ᠱᠠᠲᠤᠨ ᠤ ᠰᠠᠯᠠᠭ᠎ᠠ ᠮᠥᠴᠢᠷ ᠤᠨ ᠱᠠᠭᠠᠷᠳᠠᠯᠭ᠎ᠠ ᠶᠣᠰᠣᠭᠠᠷ᠂ ᠮᠠᠨ ᠤ ᠬᠤᠰᠢᠭᠤ ᠡᠨᠡ ᠨᠠᠮᠤᠷ ᠤᠤᠯ ᠤᠨ ᠦᠨᠳᠦᠰᠦᠲᠡᠨ ᠤ ᠬᠡᠯᠡ ᠪᠠᠷ ᠬᠢᠴᠢᠶᠡᠯᠯᠡᠬᠦ ᠰᠤᠷᠭᠠᠭᠤᠯᠢ ︵ᠮᠣᠩᠭᠤᠯ ᠦᠨᠳᠦᠰᠦᠲᠡᠨ ᠤ ᠪᠠᠭ᠎ᠠ ᠰᠤᠷᠭᠠᠭᠤᠯᠢ︶  ᠶᠢᠨ ᠨᠢᠭᠡᠳᠦᠭᠡᠷ ᠣᠨ  ᠳᠤ ᠤᠯᠤᠰ ᠤᠨ ᠨᠡᠶᠢᠳᠡᠮ ᠬᠡᠷᠡᠭᠯᠡᠬᠦ ᠦᠭᠡ ᠬᠡᠯᠡ ᠥᠰᠥᠭ ᠪᠢᠴᠢᠭ ᠢᠶᠠᠷ ᠬᠢᠴᠢᠶᠡᠯᠯᠡᠬᠦ ᠠᠩᠭᠢ ᠶᠢᠨ ᠰᠣᠷᠣᠭᠴᠢ ᠶᠢ 35 ᠡᠯᠰᠡᠬᠦ ᠪᠠᠷ ᠲᠣᠭᠲᠠᠪᠠ᠂  ᠣᠳᠣ ᠪᠣᠳᠠᠲᠠᠢ ᠤᠴᠢᠷ ᠢ ᠳᠣᠣᠷᠠᠬᠢ ᠮᠡᠲᠦ ᠵᠠᠷᠯᠠᠶ᠎ᠠ᠄     ᠨᠢᠭᠡ᠂ ᠰᠣᠷᠣᠭᠴᠢ ᠶᠢᠨ ᠣᠯᠭᠤᠮᠵᠢ     ᠡᠨᠡ ᠵᠢᠯ ᠤᠨ ᠨᠠᠮᠤᠷ ᠤᠨ ᠤᠯᠠᠷᠢᠯ ᠳᠤ ᠮᠠᠨ ᠤ ᠬᠤᠰᠢᠭᠤᠨ ᠤ ᠮᠤᠨᠠ ᠠᠭᠤᠯᠠ ᠪᠠᠯᠭᠠᠰᠤ ᠶᠢᠨ ᠬᠤᠲᠠ ᠶᠢᠨ ᠲᠣᠭᠤᠷᠢᠭ ᠲᠤ ᠰᠤᠷᠤᠯᠴᠠᠬᠤ ᠭᠡᠵᠦ ᠪᠠᠶᠢᠭ᠎ᠠ ᠪᠣᠶ ᠪᠦᠬᠦᠢ ᠨᠢᠭᠡᠳᠦᠭᠡᠷ ᠣᠨ ᠤ ᠰᠢᠨ᠎ᠡ ᠰᠣᠷᠣᠭᠴᠢ ᠴᠥᠮ ᠲᠣᠰ ᠠᠩᠭᠢ ᠳᠤ ᠰᠤᠷᠤᠯᠴᠠᠵᠤ ᠪᠣᠯᠣᠨ᠎ᠠ᠂ ᠬᠡᠷᠪᠡ ᠰᠤᠷᠭᠠᠭᠤᠯᠢ ᠳᠤ ᠦᠳᠡ ᠶᠢᠨ ᠠᠮᠠᠷᠠᠯᠲᠠ ᠬᠢᠬᠦ ᠴᠢᠬᠤᠯᠠᠲᠠᠢ ᠰᠣᠷᠣᠭᠴᠢ ᠪᠠᠶᠢᠪᠠᠯ ᠤᠷᠢᠳᠠᠪᠠᠷ ᠪᠣᠳᠤᠯᠬᠢᠯᠠᠨ᠎ᠠ᠃ ᠲᠣᠰ ᠠᠩᠭᠢ ᠨᠢ ᠪᠠᠭ᠎ᠠ ᠠᠩᠭᠢ ᠶᠢᠨ ᠵᠢᠭᠠᠨ ᠰᠤᠷᠭᠠᠯᠲᠠ ᠶᠢ ᠬᠡᠷᠡᠭᠵᠢᠭᠦᠯᠵᠦ᠂ ᠡᠩ ᠤᠨ ᠪᠦᠷᠢᠨ ᠪᠠᠭ᠎ᠠ ᠰᠤᠷᠭᠠᠭᠤᠯᠢ ᠳᠤ ᠰᠤᠷᠤᠯᠴᠠᠵᠤ ᠪᠠᠶᠢᠭ᠎ᠠ ᠰᠣᠷᠣᠭᠴᠢ ᠲᠠᠢ ᠠᠳᠠᠯᠢᠬᠠᠨ ᠬᠠᠷᠠᠭᠠᠯᠵᠠᠯ ᠭᠥᠷᠳᠡᠨ᠎ᠡ᠃     ᠬᠤᠶᠠᠷ᠂ ᠬᠢᠴᠢᠶᠡᠯ ᠤᠨ ᠪᠠᠶᠢᠷᠢᠯᠠᠭᠤᠯᠤᠯᠲᠠ     ᠲᠣᠰ ᠠᠩᠭᠢ ᠳᠤ ᠰᠤᠷᠤᠯᠴᠠᠬᠤ ᠨᠢᠭᠡᠳᠦᠭᠡᠷ ᠣᠨ ᠤ ᠰᠢᠨ᠎ᠡ ᠰᠣᠷᠣᠭᠴᠢ ᠶᠢ ᠡᠩ ᠤᠨ ᠰᠤᠷᠭᠠᠭᠤᠯᠢ ᠲᠠᠢ ᠠᠳᠠᠯᠢ ᠪᠠᠷ ᠤᠯᠤᠰ ᠤᠨ ᠨᠡᠶᠢᠳᠡᠮ ᠬᠡᠷᠡᠭᠯᠡᠬᠦ ᠦᠭᠡ ᠬᠡᠯᠡ ᠥᠰᠥᠭ ᠪᠢᠴᠢᠭ ᠢᠶᠠᠷ ᠬᠢᠴᠢᠶᠡᠯᠯᠡᠵᠦ᠂ ᠡᠩ ᠤᠨ ᠰᠤᠷᠭᠠᠭᠤᠯᠢ ᠲᠠᠢ ᠠᠳᠠᠯᠢᠬᠠᠨ ᠵᠢᠭᠠᠬᠤ ᠮᠠᠲ᠋ᠧᠷᠢᠶᠠᠯ ᠢ ᠬᠡᠷᠡᠭᠯᠡᠨ᠎ᠡ᠃ ᠡᠭᠦᠨ ᠤ ᠬᠠᠮᠲᠤ᠂ ᠮᠣᠩᠭᠤᠯ ᠬᠡᠯᠡ ᠪᠢᠴᠢᠭ ᠢ ᠰᠣᠩᠭᠤᠨ ᠰᠤᠷᠴᠤ᠂ ᠰᠤᠷᠭᠠᠭᠤᠯᠢ ᠶᠢᠨ ᠮᠣᠷᠢᠨ ᠬᠤᠭᠤᠷ᠂ ᠮᠣᠩᠭᠤᠯ ᠪᠥᠬᠡ᠂ ᠮᠣᠩᠭᠤᠯ ᠰᠢᠲᠠᠷ᠎ᠠ᠂ ᠮᠣᠩᠭᠤᠯ ᠠᠷᠠᠳ ᠤᠨ ᠳᠠᠭᠤᠤ᠂ ᠤᠷᠠᠳ ᠬᠠᠳᠬᠤᠮᠠᠯ᠂ ᠦᠨᠳᠦᠰᠦᠲᠡᠨ ᠤ ᠪᠥᠵᠢᠭ᠂ ᠪᠠᠭᠠᠴᠤᠳ ᠬᠡᠦᠬᠡᠳ ᠤᠨ ᠬᠥᠯ ᠪᠥᠮᠪᠦᠭᠡ ᠵᠡᠷᠭᠡ ᠦᠨᠳᠦᠰᠦᠲᠡᠨ ᠤ ᠣᠨᠴᠠᠯᠢᠭ ᠲᠠᠢ ᠳᠤᠷ᠎ᠠ ᠰᠣᠨᠢᠷᠬᠠᠯ ᠤᠨ ᠬᠥᠳᠡᠯᠭᠡᠭᠡᠨ ᠤ ᠬᠢᠴᠢᠶᠡᠯ ᠳᠤ ᠣᠷᠣᠯᠴᠠᠵᠤ ᠪᠣᠯᠣᠨ᠎ᠠ᠃     ᠭᠤᠷᠪᠠ᠂ ᠪᠠᠭᠰᠢ ᠶᠢᠨ ᠲᠣᠬᠢᠷᠠᠭᠤᠯᠤᠯᠲᠠ     ᠤᠯᠤᠰ ᠤᠨ ᠨᠡᠶᠢᠳᠡᠮ ᠬᠡᠷᠡᠭᠯᠡᠬᠦ ᠦᠭᠡ ᠬᠡᠯᠡ ᠥᠰᠥᠭ ᠪᠢᠴᠢᠭ ᠢᠶᠠᠷ ᠬᠢᠴᠢᠶᠡᠯᠯᠡᠬᠦ ᠨᠢᠭᠡᠳᠦᠭᠡᠷ ᠣᠨ ᠤ ᠠᠩᠭᠢ ᠶᠢᠨ ᠪᠠᠭᠰᠢ ᠶᠢᠨ ᠲᠣᠬᠢᠷᠠᠭᠤᠯᠤᠯᠲᠠ ᠶᠢᠨ ᠪᠠᠶᠢᠳᠠᠯ᠄     1. ᠠᠩᠭᠢ ᠶᠢᠨ ᠡᠷᠬᠢᠯᠡᠭᠴᠢ ᠪᠥᠭᠡᠳ ᠬᠡᠯᠡ ᠪᠢᠴᠢᠭ ᠤᠨ ᠪᠠᠭᠰᠢ᠄ ᠪᠠᠢ ᠷᠦᠩ᠂ 1997 ᠣᠨ ᠤ 4 ᠰᠠᠷ᠎ᠠ ᠳᠤ ᠳᠦᠷᠦᠵᠡᠶ᠃ ᠵᠢᠨᠢᠩ ᠤᠨ ᠪᠠᠭᠰᠢ ᠶᠢᠨ ᠳᠡᠭᠡᠳᠦ ᠰᠤᠷᠭᠠᠭᠤᠯᠢ ᠶᠢᠨ ᠵᠢᠩᠬᠢᠨᠢ ᠠᠩᠭᠢ ᠠᠴᠠ ᠲᠡᠭᠦᠰᠴᠦ᠂ ᠬᠢᠲᠠᠳ ᠬᠡᠯᠡ ᠤᠳᠬ᠎ᠠ ᠵᠣᠬᠢᠶᠠᠯ ᠤᠨ ᠲᠤᠰᠬᠠᠢ ᠮᠡᠷᠭᠡᠵᠢᠯ ᠲᠠᠢ᠃ ᠠᠵᠢᠯ ᠳᠤ ᠣᠷᠣᠯᠴᠠᠭᠰᠠᠨ ᠠᠴᠠ ᠨᠠᠰᠢ ᠤᠯᠠᠨ ᠤᠳᠠᠭ᠎ᠠ ᠰᠢᠯᠢᠳᠡᠭ ᠵᠢᠯᠣᠭᠤᠳᠤᠭᠴᠢ ᠪᠠᠭᠰᠢ᠂ ᠬᠢᠴᠢᠶᠡᠯ ᠵᠢᠭᠠᠬᠤ ᠴᠢᠳᠠᠪᠤᠷᠢᠲᠠᠨ ᠵᠡᠷᠭᠡ ᠴᠣᠯᠠ ᠬᠦᠷᠲᠡᠵᠦ᠂ ᠣᠷᠳᠣᠰ ᠬᠤᠳᠠ ᠶᠢᠨ ᠳᠠᠯᠠᠳ ᠬᠤᠰᠢᠭᠤᠨ ᠳᠤ ᠬᠡᠯᠡ ᠪᠢᠴᠢᠭ ᠤᠨ ᠪᠠᠭᠰᠢ ᠪᠣᠯᠵᠤ ᠥᠩᠭᠡᠷᠡᠭᠰᠡᠨ ᠪᠥᠭᠡᠳ ᠰᠢᠯᠢᠳᠡᠭ ᠠᠩᠭᠢ ᠶᠢᠨ ᠡᠷᠬᠢᠯᠡᠭᠴᠢ ᠪᠠᠷ ᠦᠨᠡᠯᠡᠭᠳᠡᠪᠡ᠃     2. ᠲᠣᠭᠠᠨ ᠤ ᠤᠬᠠᠭᠠᠨ ᠤ ᠪᠠᠭᠰᠢ᠄ ᠴᠣᠭᠲᠤ᠂ 1971 ᠣᠨ ᠤ 11 ᠰᠠᠷ᠎ᠠ ᠳᠤ ᠲᠦᠷᠦᠵᠠᠢ᠃ ᠥᠪᠥᠷ ᠮᠣᠩᠭᠤᠯ ᠤᠨ ᠦᠨᠳᠦᠰᠦᠲᠡᠨ ᠤ ᠪᠠᠭᠰᠢ ᠶᠢᠨ ᠰᠤᠷᠭᠠᠭᠤᠯᠢ ᠠᠴᠠ ᠲᠡᠭᠦᠰᠴᠦ᠂ ᠳᠡᠳ᠋ ᠳᠡᠭᠡᠳᠦ ᠵᠡᠷᠭᠡ ᠶᠢᠨ ᠮᠡᠷᠭᠡᠵᠢᠯ ᠤᠨ ᠴᠣᠯᠠ ᠲᠠᠢ᠂ 30 ᠭᠠᠷᠤᠢ ᠵᠢᠯ  ᠪᠠᠭᠰᠢᠯᠠᠭᠰᠠᠨ ᠪᠦᠭᠡᠳ ᠬᠤᠳᠠ ᠶᠢᠨ ᠲᠡᠰ ᠤᠨ ᠰᠢᠯᠢᠳᠡᠭ ᠵᠢᠭᠠᠨ ᠰᠤᠷᠭᠠᠬᠤ ᠴᠢᠳᠠᠪᠤᠷᠢᠲᠠᠨ᠂ ᠬᠤᠳᠠ ᠶᠢᠨ ᠲᠡᠰ ᠤᠨ ᠰᠢᠯᠢᠳᠡᠭ ᠪᠠᠭᠰᠢ᠂ ᠬᠤᠳᠠ ᠶᠢᠨ ᠲᠡᠰ ᠤᠨ ᠨᠡᠷᠡᠳᠦ ᠪᠠᠭᠰᠢ᠂ ᠬᠤᠳᠠ ᠶᠢᠨ ᠲᠡᠰ ᠤᠨ ᠰᠢᠯᠢᠳᠡᠭ ᠲᠣᠭᠤᠷᠢᠨ ᠬᠢᠴᠢᠶᠡᠯᠯᠡᠬᠦ ᠪᠠᠭᠰᠢ ᠵᠡᠷᠭᠡ ᠢᠷᠠᠭᠤ ᠠᠯᠳᠠᠷ ᠢ ᠬᠦᠷᠲᠡᠵᠦ᠂ ᠬᠤᠳᠠ ᠶᠢᠨ ᠲᠡᠰ ᠤᠨ ᠲᠣᠭᠠᠨ ᠤ ᠤᠬᠠᠭᠠᠨ ᠤ ᠰᠢᠨᠵᠢᠯᠡᠭᠡᠨ ᠤ ᠳᠠᠭᠠᠭᠤᠯᠤᠭᠴᠢ ᠂ ᠤᠯᠤᠰ ᠤᠨ ᠲᠡᠰ ᠤᠨ ᠲᠣᠭᠠᠨ ᠤ ᠤᠬᠠᠭᠠᠨ ᠤ ᠰᠢᠯᠢᠳᠡᠭ ᠬᠠᠪᠰᠤᠷᠤᠨ ᠵᠢᠯᠤᠭᠤᠳᠬᠤ ᠪᠠᠭᠰᠢ ᠪᠠᠷ ᠦᠨᠡᠯᠡᠭᠳᠡᠪᠡ᠃ ᠵᠢᠭᠠᠨ ᠰᠤᠷᠭᠠᠯᠲᠠ ᠶᠢᠨ ᠶᠠᠪᠤᠴᠠ ᠳᠤ ᠲᠤᠷᠰᠢᠯᠭ᠎ᠠ ᠪᠠᠨ ᠴᠢᠳᠠᠮᠠᠭᠠᠢ ᠪᠠᠷ ᠳ᠋ᠦᠩᠨᠡᠵᠦ᠂ ᠤᠯᠤᠰ ᠤᠨ ᠲᠡᠰ ᠤᠨ ᠰᠡᠳᠦᠪ ᠨᠢᠭᠡ᠂ ᠣᠷᠣᠨ ᠤ ᠲᠡᠰ ᠤᠨ ᠰᠡᠳᠦᠪ ᠨᠢᠭᠡ᠂ ᠬᠤᠳᠠ ᠶᠢᠨ ᠲᠡᠰ ᠤᠨ ᠰᠡᠳᠦᠪ ᠨᠢᠭᠡ  ᠶᠢ ᠪᠡᠶᠡᠯᠡᠭᠦᠯᠵᠦ᠂ ᠡᠯᠪᠡᠭ ᠪᠠᠶᠠᠯᠢᠭ ᠵᠢᠭᠠᠨ ᠰᠤᠷᠭᠠᠯᠲᠠ ᠶᠢᠨ ᠲᠤᠷᠰᠢᠯᠭ᠎ᠠ ᠶᠢ ᠬᠤᠷᠠᠮᠳᠤᠭᠤᠯᠤᠭᠰᠠᠨ ᠶᠤᠮ᠃     ᠳᠥᠷᠪᠡ᠂ ᠨᠡᠷ᠎ᠡ ᠮᠡᠳᠡᠭᠦᠯᠬᠦ ᠵᠦᠢᠯᠡᠰ     ᠲᠣᠰ ᠠᠩᠭᠢ ᠳᠤ ᠰᠤᠷᠤᠯᠴᠠᠬᠤ ᠰᠠᠨᠠᠭ᠎ᠠ ᠲᠠᠢ ᠨᠢᠭᠡᠳᠦᠭᠡᠷ ᠣᠨ ᠤ ᠰᠢᠨ᠎ᠡ ᠰᠣᠷᠣᠭᠴᠢ ᠶᠢ 2022 ᠣᠨ ᠤ 6 ᠰᠠᠷ᠎ᠠ ᠶᠢᠨ 10 ᠤ ᠡᠳᠦᠷ ᠠᠴᠠ ᠡᠮᠦᠨ᠎ᠡ ᠮᠣᠩᠭᠤᠯ ᠦᠨᠳᠦᠰᠦᠲᠡᠨ ᠤ ᠪᠠᠭ᠎ᠠ ᠰᠤᠷᠭᠠᠭᠤᠯᠢ ᠳᠤ ᠨᠡᠷ᠎ᠡ ᠮᠡᠳᠡᠭᠦᠯᠵᠦ ᠪᠦᠷᠢᠳᠬᠡᠭᠦᠯᠦᠭᠡᠷᠡᠢ᠂  ᠮᠡᠳᠡᠭᠦᠯᠵᠦ ᠭᠦᠢᠴᠡᠪᠡᠯ ᠵᠣᠭᠰᠤᠨ᠎ᠠ᠃     ᠬᠠᠷᠢᠯᠴᠠᠬᠤ ᠬᠥᠮᠥᠨ᠄ ᠭᠧ ᠪᠠᠭᠰᠢ     ᠯᠠᠪᠯᠠᠬᠤ ᠤᠲᠠᠰᠤ᠄ 0478-3606174   13948187649                                                                                      ᠤᠷᠠᠳ ᠤᠨ ᠡᠮᠦᠨᠡᠲᠦ ᠬᠤᠰᠢᠭᠤᠨ ᠤ ᠰᠤᠷᠭᠠᠨ ᠬᠥᠮᠦᠵᠢᠯ ᠤᠨ ᠲᠣᠪᠴᠢᠶ᠎ᠠ                                                                       2022 ᠣᠨ ᠤ 5 ᠰᠠᠷ᠎ᠠ ᠶᠢᠨ 19 ᠤ ᠡᠳᠦᠷ 
ᠢᠷᠡᠯᠲᠡ᠄ ᠤᠷᠠᠳ ᠤᠨ ᠡᠮᠦᠨᠡᠲᠦ ᠬᠤᠰᠢᠭᠤᠨ ᠤ ᠵᠠᠰᠠᠭ ᠤᠨ ᠣᠷᠳᠤᠨ ᠤ ᠮᠣᠩᠭᠤᠯ ᠰᠦᠯᠵᠢᠶ᠎ᠡ