ᠶᠡᠭᠡ ᠰᠢᠭᠡᠲᠡᠢ ᠪᠠᠯᠭᠠᠰᠤ ᠶᠢᠨ ᠮᠠ ᠪᠥᠸᠧ ᠽᠢ ᠲᠣᠰᠬᠤᠨ᠄ ᠬᠦᠯᠡᠮᠵᠢ ᠳᠤ ᠠᠮᠲᠠᠲᠤ ᠬᠡᠮᠬᠡ ᠲᠠᠷᠢᠵᠤ ᠡᠬᠢᠯᠡᠵᠡᠢ
ᠨᠡᠶᠢᠲᠡᠯᠡᠭᠰᠡᠨ ᠴᠠᠭ᠄
2022/5/24
      ᠤᠷᠠᠳ ᠤᠨ ᠡᠮᠦᠨᠡᠲᠦ ᠬᠤᠰᠢᠭᠤᠨ ᠤ ᠶᠡᠭᠡ ᠰᠢᠭᠡᠲᠡᠢ ᠪᠠᠯᠭᠠᠰᠤᠨ ᠤ ᠮᠠ ᠪᠥᠸᠧ ᠽᠢ ᠲᠣᠰᠬᠤᠨ ᠨᠢ ᠲᠣᠰᠬᠤᠨ ᠤ ᠬᠠᠮᠲᠤ ᠨᠡᠶᠢᠲᠡ ᠶᠢᠨ ᠬᠤᠭᠤᠰᠤᠨ ᠭᠠᠵᠠᠷ ᠲᠤ ᠨᠡᠷᠡᠨ ᠤ ᠭᠡᠷᠡᠯ ᠤᠨ ᠬᠦᠯᠡᠮᠵᠢ  ᠪᠠᠶᠢᠭᠤᠯᠵᠤ᠂ ᠲᠠᠷᠢᠮᠠᠯ ᠤᠨ ᠲᠣᠮᠣ ᠡᠷᠦᠬᠡ ᠶᠢ ᠲᠠᠶᠢᠴᠢᠯᠠᠨ ᠤᠷᠢᠳᠠᠪᠠᠷ ᠲᠣᠷᠰᠢᠨ ᠬᠢᠵᠦ᠂ ᠰᠢᠨ᠎ᠡ ᠰᠡᠳᠬᠢᠴᠡ᠂ ᠰᠢᠨ᠎ᠡ ᠮᠡᠷᠭᠡᠵᠢᠯ ᠤᠨ ᠲᠤᠷᠰᠢᠯᠲᠠ ᠪᠠᠷ ᠵᠢᠱᠢᠶ᠎ᠡ ᠦᠵᠡᠭᠦᠯᠦᠨ ᠠᠮᠲᠠᠲᠤ ᠬᠡᠮᠬᠡ ᠲᠠᠷᠢᠵᠦ᠂ ᠤᠯᠠᠮᠵᠢᠯᠠᠯᠲᠤ ︽ᠠᠮᠤ ᠪᠤᠳᠠᠭ᠎ᠠ ᠲᠠᠷᠢᠬᠤ ᠲᠣᠰᠬᠤᠨ︾  ᠳᠤ ᠰᠢᠨ᠎ᠡ ᠠᠮᠢᠵᠢᠷᠠᠯ ᠤᠨ ᠬᠦᠴᠦᠨ ᠠᠪᠴᠢᠷᠠᠪᠠ᠃      ᠮᠠ ᠪᠥᠸᠧ ᠽᠢ ᠲᠣᠰᠬᠤᠨ ᠳᠤ ᠬᠦᠷᠬᠦ ᠳᠤ ᠲᠡᠷᠢ ᠲᠡᠭᠰᠢ ᠨᠡᠷᠡᠨ ᠤ ᠭᠡᠷᠡᠯ ᠤᠨ ᠬᠦᠯᠡᠮᠵᠢ ᠦᠵᠡᠭᠳᠡᠨ᠂ ᠠᠮᠲᠠᠲᠤ ᠬᠡᠮᠬᠡ ᠶᠢᠨ ᠴᠢᠬᠢ ᠢᠭᠴᠤ ᠰᠠᠬᠤᠯᠢᠭ ᠤᠷᠭᠤᠵᠤ᠂ ᠠᠵᠢᠯᠴᠢᠳ ᠶᠠᠭ ᠰᠠᠶᠢᠬᠠᠨ ᠴᠢᠬᠢ ᠰᠠᠭᠤᠯᠭᠠᠬᠤ ᠠᠵᠢᠯ ᠢ ᠱᠠᠯᠠᠪᠳᠠᠨ ᠬᠢᠵᠦ᠂ ᠠᠮᠲᠠᠲᠤ ᠬᠡᠮᠬᠡ ᠶᠢᠨ ᠵᠢᠮᠢᠰ ᠰᠠᠭᠤᠬᠤ ᠳᠤ ᠪᠡᠯᠡᠳᠬᠡᠯ ᠬᠢᠵᠦ ᠪᠠᠶᠢᠪᠠ᠃

暖棚白梨脆1.jpg

      ᠲᠠᠷᠢᠮᠠᠯ ᠤᠨ ᠡᠷᠦᠬᠡ ᠵᠢᠶᠠ ᠳ᠋ᠦᠩ ᠱᠧᠩ ᠰᠤᠷᠪᠤᠯᠵᠢᠯᠠᠭᠴᠢ ᠳᠤ ᠠᠮᠲᠠᠲᠤ ᠬᠡᠮᠬᠡ ᠶᠢᠨ ᠤᠷᠭᠤᠯᠲᠠ ᠶᠢᠨ ᠪᠠᠶᠢᠳᠠᠯ ᠢ ᠲᠠᠨᠢᠯᠴᠠᠭᠤᠯᠬᠤ ᠳᠠᠭᠠᠨ᠄ ︽ᠪᠢᠳᠡ

ᠬᠤᠶᠠᠳᠤᠭᠠᠷ ᠤᠳᠠᠭ᠎ᠠ ᠰᠠᠯᠠᠭ᠎ᠠ ᠶᠢ ᠨᠢ ᠠᠪᠴᠦ ᠬᠠᠶᠠᠭᠰᠠᠨ ᠤ ᠳᠠᠷᠠᠭ᠎ᠠ᠂ ᠳᠠᠬᠢᠨ ᠨᠢᠭᠡ ᠤᠳᠠᠭ᠎ᠠ ᠡᠪᠡᠰᠦ ᠠᠷᠢᠯᠭᠠᠵᠤ᠂ ᠳᠠᠷᠠᠭ᠎ᠠ ᠨᠢ ᠴᠢᠨᠠᠷᠯᠢᠭ ᠺᠠᠯᠼ᠂

ᠴᠢᠨᠠᠷᠯᠢᠭ ᠺᠠᠯᠢᠲᠤ ᠪᠣᠷᠳᠣᠭᠤᠷ ᠣᠷᠤᠭᠤᠯᠤᠨ᠎ᠠ ᠃ ᠠᠮᠲᠠᠲᠤ ᠬᠡᠮᠬᠡ ᠶᠢ ᠵᠢᠷᠭᠤᠳᠤᠭᠠᠷ ᠰᠠᠷ᠎ᠠ ᠶᠢᠨ ᠳᠤᠮᠳᠠᠴᠢ ᠪᠠᠷ ᠵᠠᠬ᠎ᠠ ᠳᠡᠯᠭᠡᠭᠦᠷ ᠲᠤ ᠭᠠᠷᠭᠠᠬᠤ ᠪᠠᠷ

ᠲᠥᠯᠥᠪᠯᠡᠵᠦ ᠪᠣᠶ︾  ᠭᠡᠨ᠎ᠡ᠃

白梨脆2.jpg

      ᠡᠨᠡ ᠬᠡᠳᠦᠨ ᠵᠢᠯ ᠳᠤ᠂ ᠮᠠ ᠪᠥᠸᠧ ᠽᠢ ᠲᠣᠰᠬᠤᠨ ᠤ ︽ᠬᠤᠶᠠᠷ ᠵᠥᠪᠯᠡᠯ︾ ᠶᠠᠳᠠᠭᠤ ᠠᠴᠠ ᠠᠩᠭᠢᠵᠢᠷᠠᠭᠰᠠᠨ ᠦᠷ᠎ᠡ ᠪᠦᠲᠦᠭᠡᠯ ᠢ ᠪᠠᠬᠢᠵᠢᠭᠦᠯᠬᠦ᠂

ᠲᠣᠰᠬᠤᠨ ᠤ ᠠᠷᠠᠳ ᠢ ᠳᠠᠭᠠᠭᠤᠯᠤᠨ ᠣᠷᠣᠯᠭ᠎ᠠ ᠪᠠᠨ ᠨᠡᠮᠡᠭᠳᠡᠭᠦᠯᠦᠨ ᠪᠠᠶᠠᠵᠢᠭᠤᠯᠬᠤ ᠨᠠᠶᠢᠳᠠᠪᠤᠷᠢᠲᠠᠢ ᠵᠠᠮ ᠢ ᠰᠦᠪᠡᠭᠴᠢᠯᠡᠭᠰᠡᠭᠡᠷ ᠢᠷᠡᠵᠠᠢ᠃ 2020 ᠣᠨ ᠳᠤ᠂

ᠪᠠᠯᠭᠠᠰᠤᠨ ᠤ ᠵᠠᠰᠠᠭ ᠤᠨ ᠣᠷᠳᠣᠨ ᠪᠣᠯᠣᠨ ᠳᠡᠭᠡᠳᠦ ᠱᠠᠲᠤᠨ ᠤ ᠰᠠᠯᠠᠭ᠎ᠠ ᠮᠥᠴᠢᠷ ᠤᠨ ᠳᠡᠮᠵᠢᠯᠭᠡ ᠳᠣᠣᠷ᠎ᠠ᠂ ᠮᠠ ᠪᠥᠸᠧ ᠽᠢ ᠲᠣᠰᠬᠤᠨ ᠤ ᠬᠢᠨ ᠨᠢᠭᠡ ᠬᠡᠰᠡᠭ

ᠲᠣᠰᠬᠤᠨ ᠤ ᠬᠠᠮᠲᠤ ᠨᠡᠶᠢᠲᠡ ᠶᠢᠨ ᠬᠤᠭᠤᠰᠤᠨ ᠭᠠᠵᠠᠷ ᠲᠤ 34 ᠨᠡᠷᠡᠨ ᠤ ᠭᠡᠷᠡᠯ ᠤᠨ  ᠬᠦᠯᠡᠮᠵᠢ ᠶᠢ ᠰᠢᠨ᠎ᠡ ᠪᠠᠷ ᠪᠠᠶᠢᠭᠤᠯᠵᠠᠢ᠃ ᠡᠨᠡ ᠵᠢᠯ᠂ ᠲᠣᠰᠬᠤᠨ ᠤ ︽

ᠬᠤᠶᠠᠷ ᠵᠥᠪᠯᠡᠯ︾ ᠤᠨ ᠬᠢᠨ ᠲᠠᠷᠢᠮᠠᠯ ᠤᠨ ᠲᠣᠮᠣ ᠡᠷᠦᠬᠡ ᠶᠢ ᠳᠠᠶᠢᠴᠢᠯᠠᠨ ᠤᠷᠢᠳᠠᠪᠠᠷ ᠲᠣᠷᠰᠢᠨ ᠬᠢᠵᠦ᠂ ᠲᠤᠬᠠᠢ ᠶᠢᠨ ᠭᠠᠵᠠᠷ ᠤᠨ ᠭᠠᠵᠠᠷ ᠤᠨ ᠪᠠᠶᠢᠴᠠ ᠥᠨᠳᠥᠷ

᠂ ᠨᠡᠷᠡᠨ ᠤ ᠲᠤᠰᠤᠯᠲᠠ ᠭᠦᠢᠴᠡᠳ᠂ ᠡᠳᠦᠷ ᠰᠥᠨᠢ ᠶᠢᠨ ᠳᠤᠯᠠᠭᠠᠨ ᠤ ᠵᠥᠷᠢᠶ᠎ᠡ ᠶᠡᠭᠡ ᠪᠠᠶᠢᠬᠤ ᠳᠠᠪᠠᠭᠤᠯᠢᠭ ᠢ ᠠᠰᠢᠭᠯᠠᠨ᠂ ᠲᠡᠷᠢᠭᠦᠨ ᠤ ᠭᠠᠵᠠᠷ ᠣᠷᠣᠨ ᠤ

ᠲᠠᠷᠢᠮᠠᠯ ᠤᠨ ᠲᠤᠷᠰᠢᠯᠭ᠎ᠠ᠂ ᠪᠠᠷᠢᠮᠵᠢᠶᠠᠵᠢᠭᠤᠯᠤᠭᠰᠠᠨ ᠲᠠᠷᠢᠶᠠᠨ ᠭᠠᠵᠠᠷ ᠤᠨ ᠬᠠᠮᠢᠶᠠᠷᠤᠯᠲᠠ ᠶᠢᠨ ᠵᠠᠭᠪᠤᠷ ᠢ ᠰᠤᠷᠤᠯᠴᠠᠬᠤ ᠪᠠᠷ ᠳᠠᠮᠵᠢᠭᠤᠯᠤᠨ᠂ 33 ᠲᠣᠮᠣ 

ᠬᠦᠯᠡᠮᠵᠢ ᠳᠤ ᠠᠮᠲᠠᠲᠤ ᠬᠡᠮᠬᠡ ᠶᠢ ᠲᠤᠷᠰᠢᠨ ᠵᠢᠱᠢᠶ᠎ᠡ ᠦᠵᠡᠭᠦᠯᠵᠦ ᠳᠠᠷᠢᠪᠠ᠃

      ︽ᠤᠳᠤ ᠶᠢᠨ ᠡᠨᠡ ᠤᠷᠭᠤᠯᠲᠠ ᠶᠢᠨ ᠪᠠᠶᠢᠳᠠᠯ ᠢᠶᠠᠷ ᠪᠣᠯ ᠭᠠᠷᠤᠯᠲᠠ ᠶᠢᠨ ᠬᠡᠮᠵᠢᠶ᠎ᠡ ᠪᠠᠷᠤᠭ ᠭᠤᠷᠪᠠ ᠠᠴᠠ ᠲᠦᠷᠪᠡᠨ ᠮᠢᠩᠭᠠᠨ ᠵᠢᠩ ᠳᠤ ᠬᠦᠷᠦᠨ᠎ᠡ᠂

ᠥᠩᠭᠡᠷᠡᠭᠰᠡᠨ ᠵᠢᠯ ᠤᠳ ᠤᠨ ᠦᠨ᠎ᠡ ᠪᠠᠷ ᠪᠤᠳᠤᠪᠠᠯ ᠵᠢᠩ ᠪᠦᠷᠢ ᠳᠤ ᠭᠤᠷᠪᠠ ᠠᠴᠠ ᠲᠦᠷᠪᠡᠨ ᠲᠥᠭᠦᠷᠢᠭ ᠢᠶᠠᠷ ᠬᠤᠳᠠᠯᠳᠤᠨ᠎ᠠ᠃ ᠪᠢᠳᠡ ᠡᠨᠡ ᠨᠢᠭᠡ

ᠬᠤᠭᠤᠴᠠᠭ᠎ᠠ ᠶᠢ ᠬᠠᠳᠤᠵᠤ ᠠᠪᠤᠭᠠᠳ᠂ ᠬᠤᠶᠠᠳᠤᠭᠠᠷ ᠬᠤᠭᠤᠴᠠᠭ᠎ᠠ ᠳᠤᠨᠢ ᠰᠢᠬᠢᠷ ᠡᠷᠳᠡᠨᠢ ᠰᠢᠰᠢ᠂   ᠲᠣᠰᠤᠯᠢᠭ ᠨᠠᠷᠠᠨ ᠬᠤᠸᠠᠷ ᠲᠠᠷᠢᠬᠤ ᠪᠠᠷ ᠲᠥᠯᠥᠪᠯᠡᠵᠦ

ᠪᠠᠶᠢᠨ᠎ᠠ︾ ᠭᠡᠵᠦ ᠵᠢᠶᠠ ᠳ᠋ᠦᠩ ᠱᠧᠩ ᠶᠠᠷᠢᠨ᠎ᠠ᠃

白梨脆3.jpg

      ᠲᠠᠷᠢᠬᠤ ᠶᠢᠨ ᠳᠤᠮᠳᠠ ᠰᠤᠷᠤᠯᠴᠠᠨ᠂ ᠰᠤᠷᠤᠯᠴᠠᠬᠤ ᠳᠤᠮᠳᠠ ᠪᠠᠨ ᠲᠠᠷᠢᠵᠦ᠂ ᠮᠡᠷᠭᠡᠵᠢᠯ  ᠰᠤᠷᠤᠨ ᠵᠠᠮ ᠡᠷᠢᠵᠦ᠂ ︽ᠠᠮᠤ ᠪᠤᠳᠠᠭ᠎ᠠ ᠳᠠᠷᠢᠬᠤ ᠲᠣᠰᠬᠤᠨ︾

 ᠳᠤ ᠬᠦᠯᠡᠮᠵᠢ ᠶᠢᠨ ᠲᠠᠷᠢᠮᠠᠯ ᠳᠠᠷᠢᠵᠤ᠂ ᠲᠠᠷᠢᠶᠠᠴᠢᠳ ᠲᠤ ᠠᠰᠢᠭ ᠣᠷᠤᠯᠭ᠎ᠠ ᠦᠨᠳᠦᠷ ᠲᠠᠷᠢᠮᠠᠯ ᠳᠠᠷᠢᠬᠤ ᠶᠢ ᠵᠢᠭᠠᠵᠤ᠂ ᠲᠠᠷᠢᠮᠠᠯ ᠤᠨ ︽ᠬᠡᠯᠪᠡᠷᠢ ᠪᠠᠨ

ᠬᠤᠪᠢᠷᠠᠭᠤᠯᠤᠨ ᠲᠠᠰ ᠳᠡᠪᠰᠢᠬᠦ︾ ᠶᠢ ᠬᠥᠲᠥᠯᠥᠨ ᠳᠠᠭᠠᠭᠤᠯᠬᠤ ᠪᠣᠯ ᠲᠣᠰᠬᠤᠨ ᠤ ᠠᠷᠠᠳ ᠢ ᠳᠠᠭᠠᠭᠤᠯᠤᠨ ᠠᠯᠬᠤᠮ ᠠᠯᠬᠤᠮ ᠢᠶᠠᠷ ᠬᠠᠶᠢᠨ ᠰᠦᠪᠡᠭᠴᠢᠯᠡᠵᠦ᠂

ᠠᠯᠬᠤᠮ ᠠᠯᠬᠤᠮ ᠢᠶᠠᠷ ᠵᠣᠬᠢᠴᠠᠨ᠂ ᠦᠵᠡᠯ ᠰᠠᠨᠠᠭ᠎ᠠ ᠪᠠᠨ ᠠᠯᠬᠤᠮ ᠠᠯᠬᠤᠮ ᠢᠶᠠᠷ ᠬᠤᠪᠢᠷᠠᠭᠤᠯᠬᠤ ᠶᠠᠪᠤᠴᠠ ᠮᠥᠨ᠃ ᠮᠠ ᠪᠥᠸᠧ ᠽᠢ ᠲᠣᠰᠬᠤᠨ ᠤ ︽ᠬᠤᠶᠠᠷ

ᠵᠥᠪᠯᠡᠯ︾ ᠶᠠᠭ ᠲᠠᠷᠢᠶᠠᠴᠢᠳ ᠢ ᠳᠠᠭᠠᠭᠤᠯᠤᠨ ᠤᠶᠤᠨ ᠤᠬᠠᠭᠠᠨ ᠪᠣᠯᠣᠨ ᠬᠥᠳᠡᠯᠮᠦᠷᠢ ᠪᠠᠷ ᠢᠶᠠᠨ ᠲᠡᠳᠡᠨ ᠤ  ᠴᠢᠨᠡᠭᠡᠯᠢᠭ ᠠᠮᠢᠳᠤᠷᠠᠯ ᠢ ᠵᠢᠷᠤᠭᠯᠠᠵᠤ ᠪᠠᠶᠢᠨ᠎ᠠ᠃

 

ᠢᠷᠡᠯᠲᠡ᠄ ᠤᠷᠠᠳ ᠤᠨ ᠡᠮᠦᠨᠡᠲᠦ ᠬᠤᠰᠢᠭᠤᠨ ᠤ ᠵᠠᠰᠠᠭ ᠤᠨ ᠣᠷᠳᠤᠨ ᠤ ᠮᠣᠩᠭᠤᠯ ᠰᠦᠯᠵᠢᠶ᠎ᠡ