ᠪᠠᠶᠠᠨᠬᠤᠸᠠ ᠪᠠᠯᠭᠠᠰᠣ ᠦᠨᠳᠦᠰᠦᠲᠡᠨ ᠤ ᠲᠥᠷᠥ ᠶᠢᠨ ᠪᠣᠳᠣᠯᠭ᠎ᠠ ᠶᠢᠨ ᠤᠬᠠᠭᠤᠯᠭ᠎ᠠ ᠶᠢᠨ ᠰᠠᠷ᠎ᠠ ᠵᠢᠴᠢ ᠦᠨᠳᠦᠰᠦᠲᠡᠨ ᠤ ᠬᠠᠤᠯᠢ ᠪᠠᠷ ᠵᠠᠰᠠᠬᠤ ᠤᠬᠠᠭᠤᠯᠭ᠎ᠠ ᠶᠢᠨ ᠭᠠᠷᠠᠭ ᠤᠨ ᠰᠢᠷᠢᠰ ᠠᠵᠢᠯᠯᠠᠭ᠎ᠠ ᠥᠷᠨᠢᠭᠦᠯᠪᠡ
ᠨᠡᠶᠢᠲᠡᠯᠡᠭᠰᠡᠨ ᠴᠠᠭ᠄
2022/5/24
     ᠦᠨᠳᠦᠰᠦᠲᠡᠨ ᠤ ᠱᠠᠰᠢᠨ ᠰᠤᠷᠲᠠᠬᠤᠨ ᠤ ᠲᠥᠷᠥ ᠶᠢᠨ ᠪᠣᠳᠣᠯᠭ᠎ᠠ ᠬᠠᠤᠯᠢ ᠲᠣᠭᠲᠠᠭᠠᠯ ᠢ ᠤᠬᠠᠭᠤᠯᠤᠨ ᠲᠦᠭᠡᠮᠡᠯᠵᠢᠭᠦᠯᠬᠦ ᠶᠢ ᠲᠠᠰᠤᠷᠠᠯᠲᠠ ᠥᠬᠡᠶ  ᠬᠦᠨᠵᠡᠭᠡᠶᠢᠷᠡᠭᠦᠯᠦᠨ᠂ ᠨᠠᠮ ᠤᠨ ᠦᠨᠳᠦᠰᠦᠲᠡᠨ ᠤ ᠲᠥᠷᠥ ᠶᠢᠨ ᠪᠣᠳᠣᠯᠭ᠎ᠠ ᠶᠢ ᠪᠥᠬᠦ ᠲᠠᠯ᠎ᠠ ᠪᠠᠷ ᠨᠠᠶᠢᠳᠠᠪᠤᠷᠢᠵᠢᠭᠤᠯᠬᠤ ᠶᠢ ᠠᠬᠢᠭᠤᠯᠵᠤ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢ ᠤᠯᠠᠮ ᠨᠢᠭᠡ ᠠᠯᠬᠤᠮ ᠪᠠᠬᠢᠵᠢᠭᠦᠯᠬᠦ ᠶᠢᠨ ᠲᠥᠯᠥᠭᠡ᠂ ᠪᠠᠶᠠᠨᠬᠤᠸᠠ ᠪᠠᠯᠭᠠᠰᠤ ᠣᠯᠠᠨ ᠵᠦᠢᠯ ᠤᠨ ᠠᠷᠭ᠎ᠠ ᠬᠡᠮᠵᠢᠶ᠎ᠡ ᠶᠢ ᠵᠡᠷᠭᠡ ᠪᠠᠷ ᠬᠡᠷᠡᠭᠯᠡᠨ ︽ᠬᠤᠷᠢᠳᠤᠭᠠᠷ ᠶᠡᠭᠡ ᠬᠤᠷᠠᠯ ᠢ ᠪᠠᠶᠠᠷᠯᠠᠨ ᠤᠭᠲᠤᠵᠤ᠂ ᠨᠠᠮ ᠢᠶᠠᠨ ᠡᠭᠦᠷᠢᠳᠡ ᠳᠠᠭᠠᠵᠤ᠂ ᠰᠢᠨ᠎ᠡ ᠠᠶᠠᠨ ᠳᠤ ᠡᠷᠡᠯᠬᠡᠭᠯᠡᠨ ᠤᠷᠤᠭᠰᠢᠯᠠᠬᠤ︾ ᠪᠠᠷ ᠭᠤᠤᠯ ᠰᠡᠳᠦᠪ ᠪᠣᠯᠭᠠᠭᠰᠠᠨ 2022 ᠣᠨ ᠤ ᠦᠨᠳᠦᠰᠦᠲᠡᠨ ᠤ ᠲᠥᠷᠥ ᠶᠢᠨ ᠪᠣᠳᠣᠯᠭ᠎ᠠ ᠶᠢ ᠤᠬᠠᠭᠤᠯᠬᠤ ᠰᠠᠷ᠎ᠠ ᠵᠢᠴᠢ ᠦᠨᠳᠦᠰᠦᠲᠡᠨ ᠤ ᠬᠠᠤᠯᠢ ᠪᠠᠷ ᠵᠠᠰᠠᠬᠤ ᠶᠢ ᠤᠬᠠᠭᠤᠯᠬᠤ ᠭᠠᠷᠠᠭ ᠤᠨ ᠰᠢᠷᠢᠰ ᠠᠵᠢᠯᠯᠠᠭ᠎ᠠ ᠥᠷᠨᠢᠭᠦᠯᠪᠡ᠃ 

白彦花1.jpg

     ᠺᠠᠲᠠᠷ ᠠᠵᠢᠯᠲᠠᠳ ᠣᠬᠠᠭᠤᠯᠭ᠎ᠠ ᠶᠢᠨ ᠬᠦᠴᠦᠯᠡᠴᠡ ᠪᠠᠨ ᠨᠡᠮᠡᠭᠳᠡᠭᠦᠯᠪᠡ᠃ ᠦᠨᠳᠦᠰᠦᠨ ᠱᠠᠲᠤᠨ ᠤ ᠦᠨᠳᠦᠰᠦᠲᠡᠨ ᠤ ᠬᠠᠮᠲᠤ ᠶᠢᠨ ᠴᠣᠭᠴᠠ ᠶᠢᠨ

ᠤᠬᠠᠮᠰᠠᠷ ᠤᠨ ᠤᠬᠠᠭᠤᠯᠭ᠎ᠠ ᠳᠤ ᠺᠠᠳ᠋ᠷ ᠠᠵᠢᠯᠲᠠᠨ ᠪᠣᠯ ᠭᠤᠣᠯ ᠬᠦᠴᠦᠨ ᠮᠥᠨ᠃ ᠨᠢᠭᠡᠨ ᠥᠨᠳᠥᠷ ᠬᠢᠷᠢ ᠲᠦᠪᠰᠢᠨ ᠪᠥᠬᠦᠶ ᠦᠨᠳᠦᠰᠦᠲᠡᠨ ᠤ ᠪᠦᠯᠬᠦᠮᠳᠡᠯ ᠤᠨ

ᠤᠬᠠᠭᠤᠯᠭ᠎ᠠ ᠶᠢᠨ ᠡᠩᠨᠡᠭᠡ ᠶᠢ ᠪᠠᠶᠢᠭᠤᠯᠬᠤ ᠶᠢᠨ ᠲᠥᠯᠥᠭᠡ᠂ ᠪᠠᠶᠠᠨᠬᠤᠸᠠ ᠪᠠᠯᠭᠠᠰᠣ ᠶᠢᠨ ᠬᠢᠨ ᠲᠣᠭᠲᠠᠮᠠᠯ ᠬᠤᠷᠠᠯ ᠵᠢᠴᠢ ᠨᠠᠮ ᠤᠨ ᠡᠳᠦᠷ ᠤᠨ ᠰᠤᠷᠤᠯᠴᠠᠯᠭ᠎ᠠ ᠶᠢᠨ

ᠴᠠᠭ ᠢ ᠠᠰᠢᠭᠯᠠᠨ᠂ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢ ᠠᠬᠢᠭᠤᠯᠬᠤ ᠲᠦᠷᠢᠮ︾᠂

ᠦᠨᠳᠦᠰᠦᠲᠡᠨ ᠤ ᠲᠥᠷᠥ ᠶᠢᠨ ᠪᠣᠳᠣᠯᠭ᠎ᠠ᠂ ᠦᠨᠳᠦᠰᠦᠲᠡᠨ ᠤ ᠬᠠᠤᠯᠢ ᠲᠣᠭᠲᠠᠭᠠᠯ ᠵᠡᠷᠭᠡ ᠶᠢ ᠭᠦᠨᠵᠡᠭᠡᠶ ᠰᠤᠷᠤᠯᠴᠠᠵᠤ᠂ ᠪᠠᠯᠭᠠᠰᠤ ᠲᠣᠰᠬᠤᠨ ᠬᠤᠶᠠᠷ ᠱᠠᠲᠤᠨ ᠤ

ᠤᠳᠤᠷᠢᠳᠬᠤ ᠺᠠᠳ᠋ᠷᠴᠤᠳ ᠤᠨ ᠬᠠᠤᠯᠢ ᠴᠠᠭᠠᠵᠠ ᠶᠢᠨ ᠤᠬᠠᠮᠰᠠᠷ ᠢ ᠤᠯᠠᠮ ᠨᠢᠭᠡ ᠠᠯᠬᠤᠮ ᠳᠡᠭᠡᠭᠰᠢᠯᠡᠭᠦᠯᠵᠦ᠂ ᠤᠯᠤᠰ ᠤᠨ ᠦᠨᠳᠦᠰᠦᠲᠡᠨ ᠤ ᠬᠠᠤᠯᠢ ᠴᠠᠭᠠᠵᠠ

ᠬᠠᠤᠯᠢ ᠲᠣᠭᠲᠠᠭᠠᠯ ᠢ  ᠣᠶᠢᠯᠠᠭᠠᠵᠤ ᠡᠵᠡᠮᠰᠢᠨ᠂ ᠨᠠᠩ ᠰᠠᠶᠢᠨ ︽ᠬᠠᠤᠯᠢ ᠶᠢ ᠰᠤᠷᠬᠤ᠂ ᠬᠠᠤᠯᠢ ᠶᠢ ᠮᠡᠳᠡᠬᠦ᠂ ᠬᠠᠤᠯᠢ ᠶᠢ ᠰᠠᠬᠢᠬᠤ᠂ ᠬᠠᠤᠯᠢ ᠶᠢ ᠬᠡᠷᠡᠭᠯᠡᠬᠦ᠂

ᠬᠠᠤᠯᠢ ᠶᠢ ᠬᠠᠮᠠᠭᠠᠯᠠᠬᠤ︾ ᠶᠢ ᠬᠡᠷᠡᠭᠵᠢᠭᠦᠯᠵᠦ᠂  ᠲᠣᠰ ᠪᠠᠯᠭᠠᠰᠤᠨ ᠤ ᠦᠨᠳᠦᠰᠦᠲᠡᠨ ᠤ ᠠᠵᠢᠯ ᠥᠷᠨᠢᠭᠦᠯᠬᠦ ᠳᠤ ᠪᠠᠲᠣ ᠪᠠᠬᠢ ᠰᠠᠭᠤᠷᠢ ᠶᠢ ᠲᠠᠯᠪᠢᠵᠤ ᠥᠭᠴᠡᠶ᠃

白彦花2.jpg

    ᠰᠠᠭᠤᠭᠠᠯᠢ ᠠᠷᠠᠳ ᠲᠤ ᠢᠳᠡᠪᠬᠢᠲᠡᠢ ᠤᠬᠠᠭᠤᠯᠭ᠎ᠠ ᠬᠢᠪᠡ᠃ ᠰᠠᠭᠤᠭᠠᠯᠢ ᠠᠷᠠᠳ ᠤᠨ ᠤᠬᠠᠭᠤᠯᠭ᠎ᠠ ᠶᠢᠨ ᠠᠵᠢᠯ ᠢ ᠰᠠᠶᠢᠲᠤᠷ ᠬᠢᠬᠦ ᠶᠢᠨ ᠲᠥᠯᠥᠭᠡ᠂

ᠪᠠᠶᠠᠨᠬᠤᠸᠠ ᠪᠠᠯᠭᠠᠰᠤᠨ ᠤ ᠵᠣᠬᠢᠶᠠᠨ ᠪᠠᠶᠢᠭᠤᠯᠤᠭᠰᠠᠨ ᠤᠬᠠᠭᠤᠯᠬᠤ ᠠᠩᠭᠢ ᠶᠢᠨ ᠬᠢᠨ ᠲᠣᠰ ᠭᠠᠵᠠᠷ ᠣᠷᠣᠨ ᠤ ᠬᠥᠮᠦᠨ ᠠᠮᠠ ᠨᠡᠯᠢᠶᠡᠳ ᠣᠯᠠᠨ ᠮᠥᠷᠲᠡᠭᠡᠨ

ᠮᠣᠩᠭᠤᠯ᠂ ᠬᠢᠲᠠᠳ ᠦᠨᠳᠣᠰᠣᠲᠡᠨ ᠲᠥᠪᠯᠡᠷᠡᠭᠰᠡᠨ ᠣᠨᠴᠠᠯᠢᠭ ᠲᠤ ᠴᠢᠭᠯᠡᠭᠦᠯᠦᠨ᠂ ᠦᠨᠳᠦᠰᠦᠲᠡᠨ ᠤ ᠪᠦᠯᠬᠦᠮᠳᠡᠯ ᠤᠨ ᠤᠬᠠᠭᠤᠯᠭ᠎ᠠ ᠶᠢᠨ ᠭᠠᠷ ᠳᠡᠪᠲᠡᠷ

ᠲᠠᠷᠬᠠᠭᠠᠬᠤ᠂ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢ ᠠᠬᠢᠭᠤᠯᠬᠤ ᠲᠦᠷᠢᠮ ᠢ ᠲᠠᠶᠢᠯᠪᠤᠷᠢᠯᠠᠬᠤ ᠵᠡᠷᠭᠡ ᠤᠬᠠᠭᠤᠯᠭ᠎ᠠ ᠶᠢᠨ ᠠᠷᠭ᠎ᠠ ᠬᠡᠯᠪᠡᠷᠢ ᠪᠠᠷ

ᠳᠠᠮᠵᠢᠭᠤᠯᠤᠨ᠂ ᠨᠠᠮ ᠪᠠ ᠤᠯᠤᠰ ᠤᠨ ᠦᠨᠳᠦᠰᠦᠲᠡᠨ ᠤ ᠲᠥᠷᠥ ᠶᠢᠨ ᠪᠣᠳᠣᠯᠭ᠎ᠠ ᠶᠢ ᠤᠯᠠᠮ ᠨᠢᠭᠡ ᠠᠯᠬᠤᠮ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂

ᠦᠨᠳᠦᠰᠦᠲᠡᠨ ᠨᠦᠭᠦᠳ ᠤᠨ ᠪᠦᠯᠬᠦᠮᠳᠡᠯ ᠤᠨ ᠰᠠᠭᠤᠷᠢ ᠶᠢ ᠨᠠᠩ ᠪᠠᠲᠤ ᠪᠠᠬᠢ ᠪᠣᠯᠭᠠᠵᠤ᠂ ᠦᠨᠳᠦᠰᠦᠲᠡᠨ ᠨᠦᠭᠦᠳ ᠤᠨ ᠪᠦᠯᠬᠦᠮᠳᠡᠯ ᠳᠠᠪᠰᠢᠯᠲᠠ᠂ ᠨᠡᠶᠢᠭᠡᠮ ᠤᠨ

ᠡᠶ᠎ᠡ ᠵᠣᠬᠢᠴᠠᠯ ᠪᠠ ᠲᠣᠭᠲᠠᠭᠤᠨ ᠪᠠᠶᠢᠳᠠᠯ ᠢ ᠪᠣᠶ ᠪᠣᠯᠭᠠᠬᠤ ᠶᠢ ᠠᠬᠢᠭᠤᠯᠬᠤ ᠪᠠᠷ ᠵᠣᠷᠢᠯᠭ᠎ᠠ ᠪᠠᠨ ᠪᠣᠯᠭᠠᠵᠠᠶ᠃

白彦花3.jpg

    ᠦᠨᠳᠦᠰᠦᠲᠡᠨ ᠤ ᠪᠦᠯᠬᠦᠮᠳᠡᠯ ᠤᠨ ᠬᠥᠮᠦᠵᠢᠯ ᠢ ᠪᠠᠭᠠᠴᠣᠳ ᠬᠡᠦᠬᠡᠳ ᠠᠴᠠ ᠡᠬᠢᠯᠡᠨ ᠠᠳᠬᠤᠪᠠ᠃ 5  ᠰᠠᠷ᠎ᠠ ᠶᠢᠨ 21 ᠤ ᠡᠳᠦᠷ᠂ ᠪᠠᠶᠠᠨᠬᠤᠸᠠ

ᠪᠠᠯᠭᠠᠰᠤᠨ ᠤ ᠡᠮᠡᠭᠲᠡᠶᠢᠴᠦᠳ ᠤᠨ ᠬᠤᠯᠪᠣᠭ᠎ᠠ᠂ ᠬᠤᠶᠢᠴᠢ ᠦᠶ᠎ᠡ ᠶᠢᠨ ᠬᠢᠨ ᠢ ᠬᠠᠯᠠᠮᠵᠢᠯᠠᠬᠤ ᠵᠥᠪᠯᠡᠯ᠂ ᠲᠥᠯᠥᠪᠯᠡᠭᠡᠲᠦ ᠦᠷᠡᠵᠢᠯ ᠤᠨ ᠠᠯᠪᠠᠨ ᠬᠡᠷ ᠠᠴᠠ

ᠪᠠᠶᠠᠨᠬᠤᠸᠠ ᠡᠷᠡᠭᠦᠯ ᠬᠠᠮᠠᠭᠠᠯᠠᠯ ᠤᠨ ᠬᠤᠷᠢᠶ᠎ᠠ ᠲᠠᠢ ᠬᠠᠮᠲᠤᠷᠠᠨ ᠪᠠᠶᠠᠨᠬᠤᠸᠠ ᠪᠠᠯᠭᠠᠰᠤᠨ ᠤ ᠬᠡᠦᠬᠡᠳ ᠤᠨ ᠴᠡᠴᠡᠷᠯᠢᠭ ᠲᠤ ᠦᠨᠳᠦᠰᠦᠲᠡᠨ ᠤ ᠪᠦᠯᠬᠦᠮᠳᠡᠯ ᠤᠨ ᠭᠤᠤᠯ

ᠰᠡᠳᠦᠪᠲᠦ ᠬᠥᠮᠦᠵᠢᠯ ᠤᠨ ᠠᠵᠢᠯᠯᠠᠭ᠎ᠠ ᠥᠷᠨᠢᠭᠦᠯᠪᠡ᠃ ᠠᠵᠢᠯᠯᠠᠭ᠎ᠠ ᠳᠤ᠂ ᠬᠡᠣᠬᠡᠳ ᠪᠠᠭᠠᠴᠣᠳ ᠵᠢᠴᠢ ᠭᠡᠷ ᠤᠨ ᠠᠬᠠᠮᠠᠳ ᠲᠤ ᠦᠨᠳᠦᠰᠦᠲᠡᠨ ᠤ ᠪᠦᠯᠬᠦᠮᠳᠡᠯ ᠤᠨ

ᠠᠵᠢᠯ ᠢ ᠣᠬᠠᠭᠤᠯᠬᠤ ᠶᠢᠨ ᠬᠠᠮᠲᠤ ᠪᠠᠰᠠ ᠡᠷᠡᠭᠦᠯ ᠬᠠᠮᠠᠭᠠᠯᠠᠯ ᠤᠨ ᠬᠤᠷᠢᠶᠠᠨ ᠤ ᠡᠮᠴᠢ ᠰᠤᠪᠢᠯᠠᠭᠴᠢ ᠠᠴᠠ ᠲᠡᠳᠡᠨ ᠳᠤ ᠬᠢᠵᠢᠭ ᠤᠨ ᠪᠠᠶᠢᠳᠠᠯ ᠦᠷᠪᠢᠰᠦᠨ

ᠳᠡᠯᠭᠡᠷᠡᠵᠦ ᠪᠠᠶᠢᠭ᠎ᠠ ᠪᠠᠶᠢᠳᠠᠯ ᠳᠣᠣᠷ᠎ᠠ ᠬᠡᠷᠬᠢᠨ ᠬᠤᠪᠢ ᠬᠥᠮᠦᠨ ᠤ ᠡᠷᠡᠭᠦᠯ ᠬᠠᠮᠠᠭᠠᠯᠠᠯ ᠤᠨ ᠰᠡᠷᠭᠡᠶᠢᠯᠡᠯᠲᠡ ᠬᠠᠮᠠᠭᠠᠯᠠᠯᠲᠠ ᠶᠢ ᠰᠠᠶᠢᠲᠤᠷ ᠬᠢᠵᠦ᠂ ᠠᠮᠢ ᠨᠠᠰᠤ

ᠡᠷᠡᠭᠦᠯ ᠮᠡᠨᠳᠦ ᠶᠢ ᠬᠠᠮᠠᠭᠠᠯᠠᠬᠤ ᠲᠤᠬᠠᠢ ᠵᠢᠭᠠᠵᠤ ᠦᠭᠭᠦᠭᠰᠡᠨ ᠪᠠᠶᠢᠨ᠎ᠠ᠃

白彦花4.jpg

    ᠲᠣᠰ ᠤᠳᠠᠭᠠᠨ ᠤ ᠠᠵᠢᠯᠯᠠᠭ᠎ᠠ ᠶᠢᠨ ᠬᠡᠯᠪᠡᠷᠢ ᠨᠢ ᠣᠯᠠᠨ ᠶᠠᠩᠵᠤ ᠶᠢᠨ᠂ ᠠᠭᠤᠯᠭ᠎ᠠ ᠨᠢ ᠡᠯᠪᠡᠭ ᠪᠠᠶᠠᠯᠢᠭ ᠪᠠᠶᠢᠵᠤ᠂ ᠬᠠᠮᠲᠤ ᠪᠠᠷ ᠪᠦᠯᠬᠦᠮᠳᠡᠨ ᠲᠡᠮᠡᠴᠡᠬᠦ᠂

ᠬᠠᠮᠲᠤ ᠪᠠᠷ ᠴᠡᠴᠡᠭᠯᠡᠨ ᠬᠥᠭᠵᠢᠬᠦ᠂ ᠦᠨᠳᠦᠰᠦᠲᠡᠨ ᠨᠦᠭᠦᠳ ᠤᠨ ᠣᠯᠠᠨ ᠲᠦᠮᠡᠨ ᠤ ᠪᠦᠯᠬᠦᠮᠳᠡᠯ ᠤᠨ ᠬᠦᠴᠦᠨ ᠢ ᠨᠢᠭᠲᠠᠷᠠᠭᠤᠯᠬᠤ᠂ ᠰᠡᠳᠬᠢᠯ ᠨᠢᠭᠡᠳᠦᠨ

ᠬᠦᠴᠦ ᠪᠠᠨ ᠬᠠᠮᠲᠤᠳᠬᠠᠵᠤ ᠦᠨᠳᠦᠰᠦᠲᠡᠨ ᠤ ᠠᠵᠢᠯ ᠢ ᠰᠠᠶᠢᠲᠤᠷ ᠬᠢᠬᠦ ᠭᠦᠨ ᠵᠤᠵᠠᠭᠠᠨ ᠠᠭᠤᠷ ᠠᠮᠢᠰᠬᠤᠯ ᠢ ᠭᠦᠨᠵᠡᠭᠡᠶ ᠢᠯᠡᠷᠡᠭᠦᠯᠵᠦ᠂ ᠰᠠᠭᠤᠭᠠᠯᠢ ᠠᠷᠠᠳ ᠤᠨ

ᠠᠮᠤᠷ ᠲᠦᠪᠰᠢᠨ ᠢ ᠰᠠᠬᠢᠨ ᠬᠠᠮᠠᠭᠠᠯᠠᠬᠤ᠂ ᠠᠷᠠᠳ ᠤᠨ ᠠᠮᠢᠳᠤᠷᠠᠯ ᠢ ᠬᠥᠭᠵᠢᠭᠦᠯᠬᠦ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠳᠤ ᠠᠮᠢᠵᠢᠷᠠᠯ ᠤᠨ

ᠬᠦᠴᠦᠨ ᠨᠡᠮᠡᠷᠢᠯᠡᠪᠡ᠃

ᠢᠷᠡᠯᠲᠡ᠄ ᠤᠷᠠᠳ ᠤᠨ ᠡᠮᠦᠨᠡᠲᠦ ᠬᠤᠰᠢᠭᠤᠨ ᠤ ᠵᠠᠰᠠᠭ ᠤᠨ ᠣᠷᠳᠤᠨ ᠤ ᠮᠣᠩᠭᠤᠯ ᠰᠦᠯᠵᠢᠶ᠎ᠡ