ᠤᠷᠠᠳ ᠤᠨ ᠡᠮᠦᠨᠡᠲᠦ ᠬᠤᠰᠢᠭᠤ ᠶᠢᠰᠦᠳᠦᠭᠡᠷ ︽ᠳᠤᠮᠳᠠᠳᠤ ᠤᠯᠤᠰ ᠤᠨ ᠤᠳᠬ᠎ᠠ ᠤᠷᠠᠯᠢᠭ ᠤᠨ ᠰᠠᠶᠢᠨ ᠲᠤᠷᠠᠴᠤᠳ ᠤᠨ ᠦᠢᠯᠡᠴᠢᠯᠡᠬᠡᠨ ᠤ ᠡᠳᠦᠷ︾ ᠤᠨ ᠭᠤᠤᠯ ᠰᠡᠳᠦᠪᠲᠦ ᠠᠵᠢᠯᠯᠠᠭ᠎ᠠ  ᠦᠷᠨᠢᠬᠦᠯᠪᠡ
ᠨᠡᠶᠢᠲᠡᠯᠡᠭᠰᠡᠨ ᠴᠠᠭ᠄
2022/5/24
    5 ᠰᠠᠷ᠎ᠠ ᠶᠢᠨ 23 ᠤ ᠡᠳᠦᠷ ᠪᠣᠯ ᠶᠢᠰᠦᠳᠦᠭᠡᠷ ︽ᠳᠤᠮᠳᠠᠳᠤ ᠤᠯᠤᠰ ᠤᠨ ᠤᠳᠬ᠎ᠠ ᠤᠷᠠᠯᠢᠭ ᠤᠨ ᠰᠠᠶᠢᠨ ᠲᠤᠷᠠᠴᠤᠳ ᠤᠨ ᠦᠢᠯᠡᠴᠢᠯᠡᠬᠡᠨ ᠤ ᠡᠳᠦᠷ︾ ᠪᠣᠯᠤᠨ᠎ᠠ᠂ ᠤᠷᠠᠳ ᠤᠨ ᠡᠮᠦᠨᠡᠲᠦ ᠬᠤᠰᠢᠭᠤᠨ ᠤ ᠤᠳᠬ᠎ᠠ ᠤᠷᠠᠯᠢᠭ ᠤᠨ ᠬᠢᠨ ᠤ ᠬᠤᠯᠪᠣᠭ᠎ᠠ ᠠᠴᠠ ᠬᠤᠰᠢᠭᠤ ᠨᠠᠮ ᠤᠨ ᠬᠤᠷᠢᠶᠠᠨ ᠤ ᠤᠬᠠᠭᠤᠯᠬᠤ ᠬᠡᠯᠲᠡᠰ᠂ ᠰᠣᠶᠣᠯ ᠪᠡᠶ᠎ᠡ ᠲᠠᠮᠢᠷ ᠵᠢᠭᠤᠯᠴᠢᠯᠠᠯ ᠷᠠᠳᠢᠣ᠋ ᠲᠧᠯᠸᠢᠰ ᠤᠨ ᠲᠣᠪᠴᠢᠶ᠎ᠠ ᠲᠠᠢ ᠬᠠᠮᠲᠤᠷᠠᠨ ᠯᠢᠨ ᠬᠠᠶ ᠴᠡᠴᠡᠷᠯᠢᠭ ᠤᠨ ᠠᠭᠤᠳᠠᠮ ᠲᠠᠯᠠᠪᠠᠶ ᠳᠤ ︽ᠬᠤᠷᠢᠳᠤᠭᠠᠷ ᠶᠡᠭᠡ ᠬᠤᠷᠠᠯ ᠢ ᠪᠠᠶᠠᠷᠯᠠᠨ ᠤᠭᠲᠤᠵᠤ ᠰᠢᠨ᠎ᠡ ᠴᠠᠭ ᠦᠶ᠎ᠡ ᠳᠤ ᠭᠠᠪᠢᠶ᠎ᠠ ᠪᠠᠶᠢᠭᠤᠯᠵᠤ ︿ᠤᠳᠬ᠎ᠠ ᠤᠷᠠᠯᠢᠭ ᠤᠨ ᠴᠢᠳᠠᠪᠤᠷᠢᠲᠠᠨ ᠦᠨᠳᠦᠰᠦᠨ ᠱᠠᠲᠤᠨ ᠳᠤ ᠪᠠᠭᠤᠬᠤ﹀ ᠤᠷᠠᠳ ᠤᠨ ᠡᠮᠦᠨᠡᠲᠦ ᠬᠤᠰᠢᠭᠤᠨ ᠤ ᠤᠳᠬ᠎ᠠ ᠤᠷᠠᠯᠢᠭ ᠤᠨ ᠬᠢᠨ ᠤ ᠬᠤᠯᠪᠣᠭ᠎ᠠ ᠶᠢᠨ ᠰᠢᠨ᠎ᠡ ᠴᠠᠭ ᠦᠶ᠎ᠡ ᠶᠢᠨ ᠪᠣᠯᠪᠠᠰᠤᠨ ᠢ ᠦᠢᠯᠡᠳᠦᠯᠭᠡᠵᠢᠬᠦᠯᠬᠦ ᠤᠳᠬ᠎ᠠ ᠤᠷᠠᠯᠢᠭ ᠤᠨ ᠰᠠᠶᠢᠨ ᠳᠤᠷ᠎ᠠ ᠶᠢᠨ ᠦᠢᠯᠡᠴᠢᠯᠡᠭᠡ︾ ᠶᠢᠨ ᠠᠵᠢᠯᠯᠠᠭ᠎ᠠ ᠥᠷᠨᠢᠭᠦᠯᠪᠡ᠃ 

文艺志愿日4.jpg

    ᠬᠤᠰᠢᠭᠤ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠨᠢᠭᠡᠳᠦᠮᠡᠯ ᠹᠷᠣᠨᠲ ᠤᠨ ᠬᠡᠯᠲᠡᠰ ᠤᠨ ᠳᠠᠷᠤᠭ᠎ᠠ ᠷᠧᠨ ᠶᠢᠨ ᠮᠢᠩ᠂ ᠬᠤᠰᠢᠭᠤ ᠨᠠᠮ ᠤᠨ

ᠬᠤᠷᠢᠶᠠᠨ ᠤ ᠪᠠᠶᠢᠩᠭᠤ ᠶᠢᠨ ᠭᠡᠰᠢᠭᠦᠨ᠂ ᠤᠬᠠᠭᠤᠯᠬᠤ ᠬᠡᠯᠲᠡᠰ ᠤᠨ ᠳᠠᠷᠤᠭ᠎ᠠ ᠬᠤᠤ ᠮᠢᠨ᠂ ᠬᠤᠰᠢᠭᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ

ᠪᠠᠶᠢᠩᠭᠤ ᠶᠢᠨ ᠬᠤᠷᠢᠶᠠᠨ ᠤ ᠳᠡᠳ᠋ ᠡᠷᠬᠢᠯᠡᠭᠴᠢ ᠣᠷᠢᠬᠠᠨ᠂ ᠤᠯᠤᠰ ᠲᠥᠷᠥ ᠶᠢᠨ ᠵᠥᠪᠯᠡᠯᠭᠡᠨ ᠤ ᠳᠡᠳ᠋ ᠲᠡᠷᠢᠭᠦᠯᠡᠭᠴᠢ ᠬᠡᠷᠡᠯ᠂ ᠬᠤᠰᠢᠭᠤ ᠨᠠᠮ ᠤᠨ ᠬᠤᠷᠢᠶᠠᠨ ᠤ

ᠠᠯᠪᠠᠨ ᠬᠡᠷ᠂ ᠰᠣᠶᠣᠯ  ᠪᠡᠶ᠎ᠡ ᠲᠠᠮᠢᠷ ᠵᠢᠭᠤᠯᠴᠢᠯᠠᠯ ᠷᠠᠳᠢᠣ᠋ ᠲᠧᠯᠸᠢᠰ ᠤᠨ ᠲᠣᠪᠴᠢᠶ᠎ᠠ᠂ ᠮᠤᠨᠠ ᠠᠭᠤᠯᠠ ᠪᠠᠯᠭᠠᠰᠤᠨ ᠤ ᠡᠯ᠎ᠡ ᠨᠡᠶᠢᠭᠡᠮ ᠲᠣᠭᠤᠷᠢᠭ ᠤᠨ

ᠬᠠᠷᠢᠭᠤᠴᠠᠯᠭᠠᠲᠠᠨ ᠲᠣᠰ ᠤᠳᠠᠭᠠᠨ ᠤ ᠠᠵᠢᠯᠯᠠᠭ᠎ᠠ ᠳᠤ ᠣᠷᠣᠯᠴᠠᠪᠠ᠃

文艺志愿日1.jpg

    ᠬᠤᠤ ᠮᠢᠨ ᠶᠠᠷᠢᠶᠠᠨ ᠳᠠᠭᠠᠨ᠂ ᠡᠨᠡ ᠵᠢᠯ ᠪᠣᠯ ᠮᠠᠤ ᠽᠧ ᠳ᠋ᠦᠩ ᠨᠥᠬᠦᠷ ᠤᠨ ︽ᠶᠠᠨ ᠠᠨ ᠤ ᠤᠳᠬ᠎ᠠ ᠤᠷᠠᠯᠢᠭ ᠤᠨ ᠶᠠᠷᠢᠯᠴᠠᠬᠤ ᠬᠤᠷᠠᠯ ᠳᠡᠭᠡᠷᠡᠬᠢ ᠶᠠᠷᠢᠶ᠎ᠠ︾

ᠨᠡᠶᠢᠲᠡᠯᠡᠭᠳᠡᠭᠰᠡᠨ 80 ᠵᠢᠯ ᠤᠨ ᠤᠢ ᠪᠣᠯᠤᠨ᠎ᠠ᠃ ᠤᠳᠬ᠎ᠠ ᠤᠷᠠᠯᠢᠭ ᠤᠨ ᠡᠲᠡᠭᠡᠳ ᠤᠨ ᠬᠢᠨ ᠰᠢᠨ᠎ᠡ ᠴᠠᠭ ᠦᠶ᠎ᠡ ᠳᠤ ᠮᠠᠤ ᠽᠧ ᠳ᠋ᠦᠩ ᠨᠥᠬᠦᠷ ᠤᠨ ︽ᠶᠠᠨ

ᠠᠨ ᠤ ᠤᠳᠬ᠎ᠠ ᠤᠷᠠᠯᠢᠭ ᠤᠨ ᠶᠠᠷᠢᠯᠴᠠᠬᠤ ᠬᠤᠷᠠᠯ ᠳᠡᠭᠡᠷᠡᠬᠢ ᠶᠠᠷᠢᠶ᠎ᠠ︾ ᠶᠢᠨ ᠵᠣᠷᠢᠭ ᠰᠠᠨᠠᠭ᠎ᠠ ᠪᠣᠯᠤᠨ ᠶᠡᠷᠦᠩᠬᠡᠢ ᠱᠦᠵᠢ ᠰᠢ ᠶᠢᠨ ᠫᠢᠩ ᠤᠨ ᠤᠳᠬ᠎ᠠ

ᠤᠷᠠᠯᠢᠭ ᠤᠨ ᠠᠵᠢᠯ ᠤᠨ ᠶᠠᠷᠢᠯᠴᠠᠬᠤ ᠬᠤᠷᠠᠯ ᠳᠡᠭᠡᠷᠡᠬᠢ ᠴᠢᠬᠤᠯᠠ ᠶᠠᠷᠢᠶᠠᠨ ᠤ ᠵᠣᠷᠢᠭ ᠰᠠᠨᠠᠭ᠎ᠠ ᠶᠢ ᠦᠢᠯᠡᠳᠦᠯᠭᠡᠵᠢᠭᠦᠯᠬᠦ ᠪᠣᠯ ︽ᠠᠷᠠᠳ ᠲᠦᠮᠡᠨ ᠢᠶᠠᠷ ᠭᠤᠣᠯ

ᠪᠣᠯᠭᠠᠬᠤ︾ ᠠᠵᠢᠯ ᠤᠨ ᠤᠳᠤᠷᠢᠳᠤᠮᠵᠢ ᠶᠢ ᠪᠠᠷᠢᠮᠲᠠᠯᠠᠬᠤ ᠴᠢᠬᠤᠯᠠ ᠠᠷᠭ᠎ᠠ ᠬᠡᠮᠵᠢᠶ᠎ᠡ ᠮᠥᠨ᠂ ᠪᠠᠰᠠ ᠴᠤ ᠤᠳᠬ᠎ᠠ ᠤᠷᠠᠯᠢᠭ ᠤᠨ ᠲᠤᠰᠬᠠᠢ ᠮᠡᠷᠭᠡᠵᠢᠯᠲᠡᠨ

ᠴᠢᠳᠠᠪᠤᠷᠢᠲᠠᠨ ᠤ ᠦᠨᠳᠦᠰᠦᠨ ᠱᠠᠲᠤᠨ ᠳᠤ ᠭᠦᠨᠵᠡᠭᠡᠶᠢᠷᠡᠬᠦ᠂ ᠨᠡᠶᠢᠭᠡᠮ ᠤᠨ ᠦᠢᠯᠡᠳᠦᠯᠭᠡ ᠳᠤ ᠣᠷᠣᠯᠴᠠᠬᠤ᠂ ᠤᠷᠠᠯᠢᠭ ᠤᠨ ᠠᠪᠢᠶᠠᠰ ᠴᠢᠳᠠᠪᠤᠷᠢ ᠪᠠᠨ ᠡᠷᠭᠦᠬᠦ᠂

ᠠᠷᠠᠳ ᠤᠯᠠᠨ ᠳᠤ ᠦᠢᠯᠡᠴᠢᠯᠡᠬᠦ ᠴᠢᠬᠤᠯᠠ ᠠᠷᠭ᠎ᠠ ᠵᠠᠮ ᠮᠥᠨ᠃ ᠣᠶᠢᠷ᠎ᠠ ᠶᠢᠨ ᠵᠢᠯ ᠠᠴᠠ ᠨᠠᠭᠠᠰᠢ᠂ ᠤᠷᠠᠳ ᠤᠨ ᠡᠮᠦᠨᠡᠲᠦ ᠬᠤᠰᠢᠭᠤᠨ ᠤ ᠥᠷᠭᠡᠨ ᠣᠯᠠᠨ

ᠤᠳᠬ᠎ᠠ ᠤᠷᠠᠯᠢᠭ ᠤᠨ ᠠᠵᠢᠯᠲᠠᠳ ᠤᠳᠬ᠎ᠠ ᠤᠷᠠᠯᠢᠭ ᠤᠨ ᠬᠢᠨ ᠤ ᠬᠤᠯᠪᠣᠭ᠎ᠠ ᠶᠢᠨ ᠵᠣᠬᠢᠶᠠᠨ ᠪᠠᠶᠢᠭᠤᠯᠤᠯᠲᠠ ᠪᠠ ᠳᠠᠭᠠᠭᠤᠯᠭ᠎ᠠ ᠳᠤᠤᠷ᠎ᠠ ︽ᠲᠤᠭ ᠢ

ᠮᠠᠨᠳᠤᠭᠤᠯᠬᠤ᠂ ᠠᠷᠠᠳ ᠤᠨ ᠰᠡᠳᠬᠢᠯ ᠢ ᠨᠢᠭᠲᠠᠷᠠᠭᠤᠯᠬᠤ᠂ ᠰᠢᠨ᠎ᠡ ᠬᠥᠮᠦᠨ ᠢ ᠬᠥᠮᠦᠵᠢᠭᠦᠯᠬᠦ᠂ ᠰᠣᠶᠣᠯ ᠢ ᠮᠠᠨᠳᠤᠭᠤᠯᠬᠤ᠂ ᠳᠦᠷᠢ ᠲᠥᠷᠬᠦ ᠶᠢ ᠢᠯᠡᠷᠡᠭᠦᠯᠬᠦ︾

ᠡᠭᠦᠷᠭᠡ ᠬᠠᠷᠢᠭᠤᠴᠠᠯᠭ᠎ᠠ ᠶᠢ ᠤᠬᠠᠮᠰᠠᠷ ᠠᠴᠠ ᠪᠠᠨ ᠡᠭᠦᠷᠭᠡᠯᠡᠵᠦ᠂ ᠢᠮᠠᠭᠲᠠ ︽ᠰᠣᠶᠣᠯ ᠢᠶᠠᠷ ᠠᠷᠠᠳ ᠲᠦᠮᠡᠨ ᠳᠤ ᠦᠢᠯᠡᠴᠢᠯᠡᠬᠦ᠂ ᠰᠣᠶᠣᠯ ᠢᠶᠠᠷ ᠠᠷᠠᠳ ᠲᠤ

ᠠᠰᠢᠭ ᠬᠦᠷᠲᠡᠭᠡᠬᠦ᠂ ᠰᠣᠶᠣᠯ ᠢᠶᠠᠷ ᠠᠷᠠᠳ ᠢ ᠪᠠᠶᠠᠰᠬᠠᠬᠤ︾ ᠪᠠᠷ ᠦᠨᠳᠦᠰᠦᠨ ᠵᠣᠷᠢᠯᠲᠠ ᠪᠠᠨ ᠪᠣᠯᠭᠠᠵᠤ᠂ ︽ᠨᠡᠶᠢᠲᠡ ᠶᠢᠨ ᠠᠰᠠᠷᠠᠮᠵᠢ᠂ ᠦᠨ᠎ᠡ ᠲᠥᠯᠥᠪᠦᠷᠢ

ᠥᠬᠡᠶ᠂ ᠪᠤᠰᠤᠳ ᠲᠤ ᠠᠰᠢᠭ ᠬᠦᠷᠲᠡᠭᠡᠬᠦ︾ ᠪᠠᠷ ᠦᠨᠳᠦᠰᠦᠨ ᠱᠠᠭᠠᠷᠳᠠᠯᠭ᠎ᠠ ᠪᠠᠨ ᠪᠣᠯᠭᠠᠵᠤ᠂ ᠪᠤᠰᠤᠳ ᠢ ᠬᠠᠯᠠᠮᠵᠢᠯᠠᠬᠤ᠂ ᠨᠡᠶᠢᠭᠡᠮ ᠳᠤ ᠦᠢᠯᠡᠴᠢᠯᠡᠬᠦ ᠪᠠ ᠬᠤᠪᠢ

ᠬᠥᠮᠦᠨ ᠤ ᠦᠨ᠎ᠡ ᠥᠷᠲᠡᠭ ᠢ ᠪᠡᠶᠡᠯᠡᠭᠦᠯᠬᠦ ᠶᠢ ᠣᠷᠭᠠᠨᠢᠭ ᠢᠶᠠᠷ ᠨᠢᠭᠡᠳᠬᠡᠵᠦ᠂ ︽ᠴᠠᠭ ᠦᠶ᠎ᠡ ᠲᠠᠢ ᠬᠠᠮᠲᠤ ᠤᠷᠤᠭᠰᠢᠯᠠᠬᠤ᠂ ᠠᠷᠠᠳ ᠲᠦᠮᠡᠨ ᠲᠠᠢ ᠰᠡᠳᠬᠢᠯ

ᠨᠢᠭᠡᠳᠬᠦ︾ ᠤᠳᠬ᠎ᠠ ᠤᠷᠠᠯᠢᠭ ᠤᠨ ᠵᠠᠮ ᠢᠶᠠᠷ ᠡᠷᠡᠰ ᠭᠤᠶᠢᠪᠢᠰᠢ ᠥᠬᠡᠶ  ᠵᠠᠮᠨᠠᠵᠤ ᠪᠠᠶᠢᠨ᠎ᠠ᠃

文艺志愿日2.jpg

    ᠲᠡᠷᠡ ᠥᠷᠭᠡᠨ ᠣᠯᠠᠨ ᠤᠳᠬ᠎ᠠ ᠤᠷᠠᠯᠢᠭ ᠤᠨ ᠠᠵᠢᠯᠲᠠᠳ ᠢ ᠨᠠᠮ ᠪᠠ ᠠᠷᠠᠳ ᠲᠦᠮᠡᠨ ᠤ ᠬᠦᠰᠡᠯ ᠨᠠᠶᠢᠳᠠᠯᠭ᠎ᠠ ᠶᠢ ᠪᠠᠲᠤ ᠴᠡᠭᠡᠵᠢᠯᠡᠵᠦ᠂ ᠴᠠᠭ

ᠦᠶ᠎ᠡ ᠶᠢᠨ ᠤᠷᠢᠶᠠᠯᠠᠭ᠎ᠠ ᠶᠢ ᠤᠬᠠᠮᠰᠠᠷ ᠠᠴᠠ ᠪᠠᠨ ᠴᠤᠤᠷᠢᠶᠠᠲᠤᠨ ᠳᠠᠭᠠᠵᠤ᠂ ᠡᠷᠬᠢᠮ ᠮᠣᠷᠠᠯ ᠢᠶᠠᠷ ᠬᠡᠪ ᠰᠤᠷᠲᠠᠯ ᠢ ᠬᠥᠲᠥᠯᠥᠨ ᠳᠠᠭᠠᠭᠤᠯᠵᠤ᠂ ᠬᠤᠪᠢ ᠨᠡᠮᠡᠷᠢ ᠪᠠᠷ

ᠬᠥᠮᠦᠨ ᠤ ᠠᠮᠢᠳᠤᠷᠠᠯ ᠢ ᠭᠡᠷᠡᠯᠲᠦᠭᠦᠯᠬᠦ ᠶᠢ ᠬᠦᠰᠡᠵᠡᠶ᠃ ᠰᠢᠯᠢᠳᠡᠭ ᠪᠦᠲᠦᠭᠡᠯ ᠢ ᠲᠠᠰᠤᠷᠠᠯᠳᠠ ᠦᠭᠡᠢ ᠵᠣᠬᠢᠶᠠᠨ ᠪᠦᠲᠦᠭᠡᠵᠦ᠂ ᠶᠣᠰᠣ ᠰᠤᠷᠲᠠᠬᠤᠨ ᠲᠠᠢ᠂ ᠬᠠᠶᠢᠷ᠎ᠠ

ᠬᠠᠯᠠᠮᠵᠢ ᠲᠠᠢ ᠤᠳᠬ᠎ᠠ ᠤᠷᠠᠯᠢᠭ ᠤᠨ ᠰᠣᠳᠣᠨ ᠪᠦᠲᠦᠭᠡᠯ ᠢᠶᠠᠷ ᠴᠠᠭ ᠦᠶ᠎ᠡ ᠳᠤ ᠣᠰᠣᠯᠳᠠᠬᠤ ᠦᠭᠡᠢ᠂ ᠠᠷᠠᠳ ᠲᠦᠮᠡᠨ ᠳᠤ ᠣᠰᠣᠯᠳᠠᠬᠤ ᠦᠭᠡᠢ ᠪᠠᠶᠠᠯᠢᠭ

ᠢᠷᠠᠭᠤ ᠬᠠᠭᠤᠳᠠᠰᠤ ᠶᠢ ᠪᠢᠴᠢᠭᠯᠡᠵᠦ᠂ ᠰᠢᠯᠢᠳᠡᠭ ᠠᠮᠵᠢᠯᠲᠠ ᠪᠠᠷ ᠢᠶᠠᠨ ᠨᠠᠮ ᠤᠨ ᠬᠤᠷᠢᠳᠤᠭᠠᠷ ᠶᠡᠭᠡ ᠬᠤᠷᠠᠯ ᠤᠨ ᠠᠮᠵᠢᠯᠲᠠ ᠲᠠᠢ ᠬᠤᠷᠠᠯᠳᠤᠬᠤ ᠶᠢ ᠤᠭᠲᠤᠬᠤ

ᠬᠡᠷᠡᠭᠲᠡᠢ  ᠬᠡᠵᠡᠢ︕

文艺志愿日3.jpg

    ᠲᠠᠩᠰᠠ ᠡᠪᠬᠡᠮᠡᠯ ᠤᠨ ᠣᠷᠳᠣᠨ ᠤ ᠬᠠᠷᠢᠭᠤᠴᠠᠯᠭᠠᠲᠠᠨ ᠠᠴᠠ ᠨᠠᠮ ᠪᠠᠶᠢᠭᠤᠯᠤᠭᠳᠠᠭᠰᠠᠨ 100 ᠵᠢᠯ ᠤᠨ ᠣᠶ ᠳᠤ ᠤᠳᠬ᠎ᠠ ᠤᠷᠠᠯᠢᠭ ᠤᠨ ᠪᠦᠲᠦᠭᠡᠯ

ᠬᠠᠨᠳᠢᠪᠯᠠᠭᠰᠠᠨ ᠬᠥᠮᠦᠰ ᠤᠨ ᠨᠡᠷᠡᠰ ᠢ ᠤᠩᠰᠢᠨ ᠨᠡᠶᠢᠲᠡᠯᠡᠭᠰᠡᠨ ᠪᠥᠭᠡᠳ ᠲᠠᠩᠰᠠ ᠡᠪᠬᠡᠮᠡᠯ ᠤᠨ ᠣᠷᠳᠣᠨ ᠤ ᠬᠤᠷᠢᠶᠠᠨ ᠬᠠᠳᠠᠭᠠᠯᠠᠬᠤ ᠪᠦᠲᠦᠭᠡᠯ ᠳᠤ

ᠰᠣᠩᠭᠤᠭᠳᠠᠭᠰᠠᠨ ᠵᠣᠬᠢᠶᠠᠭᠴᠢᠳ ᠲᠤ ᠨᠣᠮ ᠤᠨ ᠰᠠᠩ ᠳᠤ ᠬᠠᠳᠠᠭᠠᠯᠠᠭᠰᠠᠨ ᠦᠨᠡᠮᠯᠡᠯ ᠪᠠ ᠭᠤᠶᠢᠳᠠ ᠰᠠᠶᠢᠬᠠᠨ ᠳᠤᠷᠠᠰᠬᠠᠯ ᠤᠨ ᠪᠣᠳᠠᠰ ᠵᠡᠷᠭᠡ ᠶᠢ ᠭᠠᠷᠳᠠᠭᠤᠯᠪᠠ᠃

ᠰᠣᠶᠣᠯ ᠢ ᠨᠡᠶᠢᠭᠡᠮ ᠲᠣᠭᠤᠷᠢᠭ ᠲᠤ ᠣᠷᠣᠭᠤᠯᠵᠣ᠂ ᠨᠠᠮ ᠪᠠ ᠣᠯᠠᠨ ᠲᠦᠮᠡᠨ ᠭᠠᠷ ᠭᠠᠷ ᠢᠶᠠᠨ ᠬᠤᠯᠪᠣᠨ᠂ ᠦᠨᠳᠦᠰᠦᠲᠡᠨ ᠨᠦᠭᠦᠳ ᠤᠨ ᠣᠯᠠᠨ ᠲᠦᠮᠡᠨ ᠤ

ᠳᠤᠮᠳᠠᠳᠤ ᠶᠢᠨ ᠰᠣᠶᠣᠯ ᠤᠨ ᠲᠤᠬᠠᠶ ᠬᠠᠮᠲᠤ ᠶᠢᠨ ᠲᠠᠨᠢᠯᠲᠠ ᠶᠢ ᠴᠢᠩᠭᠠᠳᠬᠠᠵᠤ᠂ ᠰᠣᠶᠣᠯ ᠤᠨ ᠵᠢᠯᠣᠭᠤᠳᠤᠮᠵᠢ ᠶᠢ ᠤᠯᠠᠮ ᠨᠢᠭᠡ ᠠᠯᠬᠤᠮ ᠳᠡᠭᠡᠭᠰᠢᠯᠡᠬᠦᠯᠦᠨ᠂

ᠨᠡᠶᠢᠭᠡᠮ ᠲᠣᠭᠤᠷᠢᠭ ᠤᠨ ᠪᠢᠴᠢᠭ ᠤᠨ ᠰᠤᠷᠪᠤᠯᠵᠢᠲᠠᠨ ᠢ ᠨᠠᠩ ᠭᠦᠨ ᠵᠤᠵᠠᠭᠠᠨ ᠪᠣᠯᠭᠠᠬᠤ ᠶᠢᠨ ᠲᠥᠯᠥᠭᠡ᠂ ᠬᠤᠰᠢᠭᠤᠨ ᠤ ᠤᠳᠬ᠎ᠠ ᠤᠷᠠᠯᠢᠭ ᠤᠨ ᠬᠢᠨ ᠤ

ᠬᠤᠯᠪᠣᠭ᠎ᠠ ᠠᠴᠠ ᠮᠤᠨᠠ ᠠᠭᠤᠯᠠ ᠪᠠᠯᠭᠠᠰᠤᠨ ᠤ 15 ᠨᠡᠶᠢᠭᠡᠮ ᠲᠣᠭᠤᠷᠢᠭ ᠲᠤ  ︽ᠮᠤᠨᠠ ᠠᠭᠤᠯᠠ ᠶᠢᠨ ᠤᠳᠬ᠎ᠠ ᠤᠷᠠᠯᠢᠭ︾ ᠪᠣᠯᠤᠨ ᠡᠯ᠎ᠡ ᠲᠥᠷᠥᠯ ᠤᠨ ᠨᠣᠮ

1000 ᠭᠠᠷᠤᠶ ᠳᠡᠪᠲᠡᠷ ᠬᠠᠨᠳᠢᠪᠯᠠᠪᠠ᠃ ᠬᠦᠳᠡᠯᠭᠡᠭᠡᠨ ᠳᠤ ᠪᠠᠰᠠ ᠬᠤᠰᠢᠭᠤᠨ ᠤ ᠤᠷᠠᠨ ᠪᠢᠴᠢᠯᠭᠡᠲᠡᠨ ᠤ ᠨᠡᠶᠢᠭᠡᠮᠯᠢᠭ᠂ ᠤᠷᠠᠨ ᠵᠢᠷᠤᠭᠴᠢᠳ ᠤᠨ ᠨᠡᠶᠢᠭᠡᠮᠯᠢᠭ ᠤᠨ

ᠲᠥᠯᠥᠭᠡᠯᠡᠭᠴᠢᠳ ᠮᠤᠨᠠ ᠠᠭᠤᠯᠠ ᠪᠠᠯᠭᠠᠰᠤᠨ ᠤ ᠡᠯ᠎ᠡ ᠨᠡᠶᠢᠭᠡᠮ ᠲᠣᠭᠤᠷᠢᠭ ᠲᠤ ᠬᠤᠪᠣᠷ ᠨᠠᠨᠳᠢᠨ ᠤᠷᠠᠨ ᠪᠢᠴᠢᠯᠭᠡ ᠶᠢᠨ ᠪᠦᠲᠦᠭᠡᠯ ᠪᠡᠯᠡᠭᠯᠡᠵᠦ᠂ ᠬᠤᠰᠢᠭᠤᠨ ᠤ

ᠣᠯᠠᠭᠠᠨᠮᠦ᠋ᠴᠢᠷ ᠤᠨ ᠲᠣᠭᠯᠠᠭᠴᠢᠳ ᠠᠴᠠ ᠭᠤᠴᠣ ᠰᠠᠶᠢᠬᠠᠨ ᠳᠠᠭᠤᠣ ᠪᠦᠵᠢᠭ ᠢᠶᠠᠨ ᠡᠷᠬᠦᠵᠦ ᠬᠦᠳᠡᠯᠭᠡᠭᠡᠨ ᠳᠤ ᠬᠦᠭ ᠨᠡᠮᠡᠷᠢᠯᠡᠪᠡ᠃

文艺志愿日5.jpg

 

ᠢᠷᠡᠯᠲᠡ᠄ ᠤᠷᠠᠳ ᠤᠨ ᠡᠮᠦᠨᠡᠲᠦ ᠬᠤᠰᠢᠭᠤᠨ ᠤ ᠵᠠᠰᠠᠭ ᠤᠨ ᠣᠷᠳᠤᠨ ᠤ ᠮᠣᠩᠭᠤᠯ ᠰᠦᠯᠵᠢᠶ᠎ᠡ