ᠥᠪᠡᠷᠲᠡᠭᠡᠨ ᠵᠠᠰᠠᠬᠤ ᠣᠷᠣᠨ ᠤ ᠪᠠᠶᠢᠭᠠᠯᠢ ᠶᠢᠨ ᠡᠬᠢ ᠪᠠᠶᠠᠯᠢᠭ ᠤᠨ ᠲᠢᠩᠬᠢᠮ ᠤᠨ ᠨᠠᠮ ᠤᠨ ᠤᠳᠤᠷᠢᠳᠬᠤ ᠳᠤᠭᠤᠶᠢᠯᠠᠩ ᠤᠨ ᠱᠦᠵᠢ᠂ ᠲᠢᠩᠬᠢᠮ ᠤᠨ ᠳᠠᠷᠤᠭ᠎ᠠ ᠵᠣᠣ ᠳ᠋ᠠ ᠶᠦᠩ ᠤᠷᠠᠳ ᠤᠨ ᠡᠮᠦᠨᠡᠲᠦ ᠬᠤᠰᠢᠭᠤᠨ ᠳᠤ ᠭᠦᠨᠵᠡᠭᠡᠶᠢᠷᠡᠨ ᠲᠥᠪ ᠤᠨ ᠣᠷᠴᠢᠨ ᠲᠣᠭᠤᠷᠢᠨ ᠤ ᠬᠠᠮᠠᠭᠠᠯᠠᠯᠲᠠ  ᠶᠢᠨ ᠱᠠᠯᠠᠪᠳᠠᠭᠤᠯᠤᠨ ᠪᠠᠶᠢᠴᠠᠭᠠᠵᠤ ᠬᠠᠷᠢᠭᠤ ᠲᠤᠰᠬᠠᠭᠰᠠᠨ ᠠᠰᠠᠭᠤᠳᠠᠯ ᠢ ᠴᠡᠭᠴᠡᠯᠡᠨ ᠰᠠᠶᠢᠵᠢᠷᠠᠭᠤᠯᠵᠤ ᠨᠠᠶᠢᠳᠠᠪᠤᠷᠢᠵᠢᠭᠤᠯᠤᠭᠰᠠᠨ ᠪᠠᠶᠢᠳᠠᠯ ᠢ ᠪᠠᠶᠢᠴᠠᠭᠠᠨ ᠰᠤᠳᠤᠯᠪᠠ
ᠨᠡᠶᠢᠲᠡᠯᠡᠭᠰᠡᠨ ᠴᠠᠭ᠄
2022/5/24
    5 ᠰᠠᠷ᠎ᠠ ᠶᠢᠨ 21 ᠤ ᠡᠳᠦᠷ᠂ ᠥᠪᠡᠷᠲᠡᠭᠡᠨ ᠵᠠᠰᠠᠬᠤ ᠣᠷᠣᠨ ᠤ ᠪᠠᠶᠢᠭᠠᠯᠢ ᠶᠢᠨ ᠡᠬᠢ ᠪᠠᠶᠠᠯᠢᠭ ᠤᠨ ᠲᠢᠩᠬᠢᠮ ᠤᠨ ᠨᠠᠮ ᠤᠨ ᠤᠳᠤᠷᠢᠳᠬᠤ ᠳᠤᠭᠤᠶᠢᠯᠠᠩ ᠤᠨ ᠱᠦᠵᠢ᠂ ᠲᠢᠩᠬᠢᠮ ᠤᠨ ᠳᠠᠷᠤᠭ᠎ᠠ ᠵᠣᠣ ᠳ᠋ᠠ ᠶᠦᠩ ᠤᠷᠠᠳ ᠤᠨ ᠡᠮᠦᠨᠡᠲᠦ ᠬᠤᠰᠢᠭᠤᠨ ᠳᠤ ᠭᠦᠨᠵᠡᠭᠡᠶᠢᠷᠡᠨ ᠲᠥᠪ ᠤᠨ ᠣᠷᠴᠢᠨ ᠲᠣᠭᠤᠷᠢᠨ ᠤ ᠬᠠᠮᠠᠭᠠᠯᠠᠯᠲᠠ ᠶᠢᠨ ᠱᠠᠯᠠᠪᠳᠠᠭᠤᠯᠤᠨ ᠪᠠᠶᠢᠴᠠᠭᠠᠵᠤ ᠬᠠᠷᠢᠭᠤ ᠲᠤᠰᠬᠠᠭᠰᠠᠨ ᠠᠰᠠᠭᠤᠳᠠᠯ ᠢ ᠴᠡᠭᠴᠡᠯᠡᠨ ᠰᠠᠶᠢᠵᠢᠷᠠᠭᠤᠯᠵᠤ ᠨᠠᠶᠢᠳᠠᠪᠤᠷᠢᠵᠢᠭᠤᠯᠤᠭᠰᠠᠨ ᠪᠠᠶᠢᠳᠠᠯ ᠳᠤ ᠪᠠᠶᠢᠴᠠᠭᠠᠨ ᠰᠤᠳᠤᠯᠤᠯᠲᠠ ᠬᠢᠪᠡ᠃

自治区自然厅1.jpg

    ᠵᠣᠣ ᠳ᠋ᠠ ᠶᠦᠩ ᠨᠠᠷ ᠤᠷᠢᠳ ᠬᠤᠵᠢᠳ ᠤᠷᠠᠳ ᠤᠨ ᠡᠮᠦᠨᠡᠲᠦ ᠬᠤᠰᠢᠭᠤᠨ ᠤ  ᠬᠦᠨᠬᠤᠳᠳᠤᠭ ᠤᠨ ᠲᠡᠮᠦᠷ ᠤᠨ ᠠᠭᠤᠷᠬᠠᠢ᠂  ᠦᠨᠲᠦ ᠶᠢᠨ ᠲᠡᠮᠦᠷ ᠤᠨ

ᠠᠭᠤᠷᠬᠠᠢ᠂ ᠶᠣᠣ ᠬᠤᠶ ᠠᠭᠤᠷᠬᠠᠢ ᠶᠢᠨ ᠦᠢᠯᠡᠰ ᠪᠣᠯᠣᠨ ᠨᠥᠩ ᠺᠧᠨ ᠵᠢᠩ ᠨᠢᠦ ᠠᠭᠤᠷᠬᠠᠢ ᠶᠢᠨ ᠦᠢᠯᠡᠰ ᠲᠤ ᠬᠦᠷᠴᠡᠢ᠃ ᠬᠦᠷᠦᠭᠰᠡᠨ ᠭᠠᠵᠠᠷ ᠪᠣᠯᠭᠠᠨ ᠳᠤ᠂

ᠵᠤᠤ ᠳ᠋ᠠ ᠶᠦᠩ ᠲᠥᠪ ᠤᠨ ᠣᠷᠴᠢᠨ ᠲᠣᠭᠤᠷᠢᠨ ᠤ ᠬᠠᠮᠠᠭᠠᠯᠠᠯᠲᠠ ᠶᠢᠨ ᠱᠠᠯᠠᠪᠳᠠᠭᠤᠯᠤᠨ ᠪᠠᠶᠢᠴᠠᠭᠠᠵᠤ ᠬᠠᠷᠢᠭᠤ ᠲᠤᠰᠬᠠᠭᠰᠠᠨ ᠠᠰᠠᠭᠤᠳᠠᠯ ᠢ ᠴᠡᠭᠴᠡᠯᠡᠨ

ᠰᠠᠶᠢᠵᠢᠷᠠᠭᠤᠯᠬᠤ ᠠᠵᠢᠯ ᠢ ᠨᠠᠶᠢᠳᠠᠪᠤᠷᠢᠵᠢᠭᠤᠯᠤᠭᠰᠠᠨ ᠪᠠᠶᠢᠳᠠᠯ ᠢ ᠨᠠᠷᠢᠨ ᠬᠢᠨᠠᠮᠠᠭᠠᠢ ᠰᠣᠨᠣᠰᠴᠤ᠂ ᠴᠡᠭᠴᠡᠯᠡᠨ ᠰᠠᠶᠢᠵᠢᠷᠠᠭᠤᠯᠬᠤ ᠠᠬᠢᠴᠠ ᠪᠣᠯᠣᠨ ᠣᠷᠣᠰᠢᠵᠤ

ᠪᠠᠶᠢᠭ᠎ᠠ ᠠᠰᠠᠭᠤᠳᠠᠯ ᠢ ᠨᠠᠷᠢᠨ ᠣᠶᠢᠯᠠᠭᠠᠬᠤ ᠶᠢᠨ ᠬᠠᠮᠲᠤ ᠳᠠᠷᠠᠭᠠᠴᠢ ᠶᠢᠨ ᠠᠯᠬᠤᠮ ᠳᠤ ᠴᠡᠭᠴᠡᠯᠡᠨ ᠰᠠᠶᠢᠵᠢᠷᠠᠭᠤᠯᠬᠤ ᠠᠵᠢᠯ ᠢ ᠰᠠᠶᠢᠲᠤᠷ ᠠᠳᠬᠤᠬᠤ ᠲᠤᠬᠠᠢ

ᠪᠣᠳᠠᠲᠠᠢ ᠱᠠᠭᠠᠷᠳᠠᠯᠭ᠎ᠠ ᠳᠤᠷᠠᠳᠴᠠᠢ᠃ ᠲᠡᠷᠡ ᠠᠮᠢ ᠠᠬᠤᠢ ᠣᠷᠴᠢᠨ ᠲᠣᠭᠤᠷᠢᠨ ᠤ ᠬᠠᠮᠠᠭᠠᠯᠠᠯᠲᠠ ᠨᠢ ᠤᠯᠤᠰ ᠤᠨ ᠠᠵᠤ ᠠᠬᠤᠢ ᠠᠷᠠᠳ ᠤᠨ ᠠᠮᠢᠳᠤᠷᠠᠯ ᠳᠤ

ᠬᠤᠯᠪᠣᠭᠳᠠᠨ᠎ᠠ᠂ ᠳᠡᠭᠡᠳᠦ ᠱᠠᠲᠤᠨ ᠤ ᠣᠷᠴᠢᠨ ᠲᠣᠭᠤᠷᠢᠨ ᠤ ᠬᠠᠮᠠᠭᠠᠯᠠᠯᠲᠠ ᠶᠢ ᠱᠠᠯᠠᠪᠳᠠᠭᠤᠯᠤᠨ ᠪᠠᠶᠢᠴᠠᠭᠠᠵᠤ ᠬᠠᠷᠢᠭᠤ ᠲᠤᠰᠬᠠᠭᠰᠠᠨ ᠠᠰᠠᠭᠤᠳᠠᠯ ᠢ ᠴᠡᠭᠴᠡᠯᠡᠨ

ᠰᠠᠶᠢᠵᠢᠷᠠᠭᠤᠯᠬᠤ ᠡᠨᠡᠬᠦ ᠴᠢᠬᠤᠯᠠ ᠶᠡᠭᠡ ᠤᠯᠤᠰ ᠲᠦᠷᠦ ᠶᠢᠨ ᠡᠭᠦᠷᠭᠡ ᠳᠤ ᠠᠩᠬᠠᠷᠤᠯ ᠢᠶᠠᠨ ᠲᠥᠪᠯᠡᠷᠡᠭᠦᠯᠵᠦ᠂ ᠡᠷᠡᠰ ᠰᠢᠭᠤᠷᠬᠠᠢ ᠣᠪᠣᠷ᠂ ᠪᠣᠳᠠᠲᠠᠢ ᠶᠢ

ᠡᠷᠬᠢᠮᠯᠡᠭᠰᠡᠨ ᠪᠦᠲᠦᠮᠵᠢᠲᠡᠢ ᠠᠷᠭ᠎ᠠ ᠬᠡᠮᠵᠢᠶ᠎ᠡ ᠪᠠᠷ ᠠᠰᠠᠭᠤᠳᠠᠯ ᠢ ᠲᠤᠶᠢᠯᠪᠤᠷᠢᠲᠠᠢ ᠴᠡᠭᠴᠡᠯᠡᠨ ᠰᠠᠶᠢᠵᠢᠷᠠᠭᠤᠯᠬᠤ ᠶᠢ ᠪᠠᠲᠤᠯᠠᠬᠤ ᠬᠡᠷᠡᠭᠲᠡᠢ ᠭᠡᠵᠦ ᠵᠢᠭᠠᠵᠤ ᠭᠠᠷᠭᠠᠪᠠ᠃

自治区自然厅2.jpg

     ᠵᠣᠣ ᠳ᠋ᠠ ᠶᠦᠩ ᠱᠠᠭᠠᠷᠳᠠᠭᠰᠠᠨ ᠨᠢ᠂ ᠡᠯ᠎ᠡ ᠬᠤᠯᠪᠣᠭᠳᠠᠯ ᠪᠦᠬᠦᠢ ᠰᠠᠯᠠᠭ᠎ᠠ ᠮᠥᠴᠢᠷ ᠤᠨ ᠬᠢᠨ ᠵᠣᠭᠰᠣᠴᠠ ᠪᠠᠨ ᠳᠡᠭᠡᠭᠰᠢᠯᠡᠭᠦᠯᠵᠦ᠂ ᠳᠡᠭᠡᠳᠦ ᠬᠡᠮᠵᠢᠶ᠎ᠡ ᠪᠠᠷ

ᠴᠢᠬᠤᠯᠠᠴᠢᠯᠠᠨ ᠦᠵᠡᠵᠦ᠂ ᠴᠡᠭᠴᠡᠯᠡᠨ ᠥᠭᠡᠷᠡᠴᠢᠯᠡᠬᠦ ᠲᠥᠰᠥᠯ ᠢ ᠴᠢᠩᠭ᠎ᠠ ᠵᠢᠷᠤᠮᠯᠠᠨ᠂ ᠴᠠᠭ ᠬᠤᠭᠤᠴᠠᠭ᠎ᠠ ᠶᠢᠨ ᠵᠠᠩᠭᠢᠯᠠᠭ᠎ᠠ ᠶᠢᠨ ᠴᠡᠭ ᠢ ᠴᠢᠩᠭ᠎ᠠ ᠠᠳᠬᠤᠵᠤ᠂

ᠠᠵᠢᠯ ᠤᠨ ᠠᠬᠢᠴᠠ ᠪᠠᠨ ᠲᠦᠷᠭᠡᠳᠬᠡᠵᠦ᠂ ᠪᠣᠳᠠᠲᠤ ᠠᠵᠢᠯᠯᠠᠭ᠎ᠠ ᠪᠠᠷ ᠢᠶᠠᠨ ᠣᠷᠴᠢᠨ ᠠᠬᠤᠢ ᠶᠢᠨ ᠬᠠᠮᠠᠭᠠᠯᠠᠯᠲᠠ ᠶᠢᠨ ᠠᠰᠠᠭᠤᠳᠠᠯ ᠢ ᠴᠡᠭᠴᠡᠯᠡᠨ

ᠰᠠᠶᠢᠵᠢᠷᠠᠭᠤᠯᠬᠤ ᠳᠤ ᠪᠣᠳᠠᠲᠤ ᠦᠷ᠎ᠡ ᠪᠦᠲᠦᠮᠵᠢ ᠣᠯᠬᠤ ᠶᠢ ᠠᠬᠢᠭᠤᠯᠬᠤ ᠬᠡᠷᠡᠭᠲᠡᠢ᠃ ᠨᠠᠷᠢᠨ ᠨᠢᠮᠪᠠᠢ ᠵᠣᠬᠢᠶᠠᠨ ᠪᠠᠶᠢᠭᠤᠯᠵᠤ᠂ ᠨᠡᠶᠢᠯᠡᠮᠡᠯ ᠬᠦᠴᠦᠨ ᠢ

ᠪᠦᠷᠢᠯᠳᠦᠭᠦᠯᠦᠨ᠂ ᠴᠡᠭᠴᠡᠯᠡᠨ ᠰᠠᠶᠢᠵᠢᠷᠠᠭᠤᠯᠬᠤ ᠠᠷᠭ᠎ᠠ ᠬᠡᠮᠵᠢᠶ᠎ᠡ ᠶᠢᠨ ᠨᠠᠶᠢᠳᠠᠪᠤᠷᠢᠵᠢᠭᠤᠯᠤᠯᠲᠠ ᠶᠢ ᠪᠥᠬᠦ ᠬᠦᠴᠦᠨ ᠢᠶᠠᠷ ᠢᠶᠠᠨ ᠰᠠᠶᠢᠲᠤᠷ ᠠᠳᠬᠤᠵᠤ᠂

ᠬᠠᠷᠢᠭᠤᠴᠠᠯᠭ᠎ᠠ ᠶᠢ ᠲᠣᠳᠣᠷᠬᠠᠢ ᠪᠣᠯᠭᠠᠨ᠂ ᠵᠣᠷᠢᠭᠲᠠᠢ ᠪᠠᠷ ᠡᠭᠦᠷᠭᠡᠯᠡᠵᠦ᠂ ᠴᠡᠭᠴᠡᠯᠡᠨ ᠰᠠᠶᠢᠵᠢᠷᠠᠭᠤᠯᠬᠤ ᠡᠭᠦᠷᠭᠡ ᠪᠠᠨ ᠪᠡᠶᠡᠯᠡᠭᠦᠯᠬᠦ ᠶᠢ ᠦᠨᠡᠨ ᠬᠦ ᠪᠠᠲᠤᠯᠠᠬᠤ

ᠬᠡᠷᠡᠭᠲᠡᠢ᠃ ︽ᠨᠢᠭᠡ ᠠᠵᠤ ᠠᠬᠤᠶᠢᠯᠠᠯ ᠳᠤ ᠨᠢᠭᠡ ᠠᠷᠭ᠎ᠠ᠂ ᠨᠢᠭᠡ ᠠᠭᠤᠷᠬᠠᠢ ᠳᠤ ᠨᠢᠭᠡ  ᠠᠷᠭ᠎ᠠ︾ ᠶᠢᠨ ᠴᠡᠭᠴᠡᠯᠡᠨ ᠰᠠᠶᠢᠵᠢᠷᠠᠭᠤᠯᠬᠤ ᠲᠥᠰᠥᠯ ᠢ ᠴᠢᠩᠭ᠎ᠠ

ᠵᠢᠷᠤᠮᠯᠠᠨ᠂ ᠠᠰᠠᠭᠤᠳᠠᠯ ᠢ ᠴᠡᠭᠴᠡᠯᠡᠨ ᠰᠠᠶᠢᠵᠢᠷᠠᠭᠤᠯᠬᠤ ᠠᠵᠢᠯ ᠤᠨ ᠬᠠᠨᠳᠤᠯᠭᠠᠲᠤ ᠴᠢᠨᠠᠷ ᠪᠠ ᠪᠣᠳᠠᠲᠤ ᠦᠷ᠎ᠡ ᠪᠦᠲᠦᠮᠵᠢᠲᠦ ᠴᠢᠨᠠᠷ ᠢ ᠳᠡᠭᠡᠭᠰᠢᠯᠡᠭᠦᠯᠵᠦ᠂

ᠲᠠᠰᠤᠷᠠᠯᠲᠠ ᠦᠭᠡᠢ ᠰᠢᠨ᠎ᠡ ᠪᠠᠶᠢᠳᠠᠯ ᠢ ᠦᠨᠳᠦᠰᠦᠯᠡᠨ᠂ ᠰᠢᠨ᠎ᠡ ᠠᠷᠭ᠎ᠠ ᠶᠢ ᠰᠤᠳᠤᠯᠵᠤ᠂ ᠰᠢᠨ᠎ᠡ ᠠᠷᠭ᠎ᠠ ᠬᠡᠮᠵᠢᠶ᠎ᠡ ᠶᠢ ᠨᠠᠶᠢᠳᠠᠪᠤᠷᠢᠵᠢᠭᠤᠯᠤᠨ᠂ ᠠᠭᠤᠷᠬᠠᠢ ᠶᠢᠨ

ᠠᠮᠢ ᠠᠬᠤᠢ ᠶᠢᠨ ᠣᠷᠴᠢᠨ ᠲᠣᠭᠤᠷᠢᠨ ᠤ ᠠᠰᠠᠭᠤᠳᠠᠯ ᠢ ᠶᠡᠭᠡ ᠪᠠᠷ ᠵᠢᠭᠰᠠᠭᠠᠨ ᠪᠠᠶᠢᠴᠠᠭᠠᠵᠤ ᠶᠡᠭᠡ ᠪᠠᠷ ᠴᠡᠭᠴᠡᠯᠡᠨ ᠵᠠᠰᠠᠬᠤ ᠲᠤᠰᠬᠠᠢ ᠠᠵᠢᠯᠯᠠᠭᠠᠨ ᠤ ᠡᠭᠦᠷᠭᠡ ᠶᠢ

ᠥᠨᠳᠥᠷ ᠦᠷ᠎ᠡ ᠪᠦᠲᠦᠮᠵᠢ ᠲᠠᠢ᠂ ᠴᠢᠨᠠᠷ ᠰᠠᠶᠢᠲᠠᠢ ᠪᠠᠷ ᠪᠡᠶᠡᠯᠡᠭᠦᠯᠬᠦ ᠬᠡᠷᠡᠭᠲᠡᠢ᠃ ᠠᠵᠤ ᠠᠬᠤᠶᠢᠯᠠᠯ ᠤᠳ ᠨᠡᠩ ᠴᠤ ᠣᠷᠴᠢᠨ ᠠᠬᠤᠢ ᠶᠢ ᠬᠠᠮᠠᠭᠠᠯᠠᠬᠤ

ᠤᠬᠠᠮᠰᠠᠷ ᠢᠶᠠᠨ ᠴᠢᠩᠭᠠᠳᠬᠠᠵᠤ᠂ ᠴᠠᠭ ᠦᠶ᠎ᠡ ᠶᠢᠨ ᠪᠠᠶᠢᠳᠠᠯ ᠢ ᠲᠠᠭᠠᠵᠤ᠂ ᠬᠥᠭᠵᠢᠯᠲᠡ ᠶᠢᠨ ᠦᠵᠡᠯᠲᠡ ᠪᠠᠨ ᠬᠤᠪᠢᠷᠠᠭᠤᠯᠵᠤ᠂ ᠠᠵᠤ ᠠᠬᠤᠶᠢᠯᠠᠯ ᠤᠨ

ᠪᠣᠬᠢᠷᠳᠤᠯ ᠢ ᠰᠡᠷᠭᠡᠶᠢᠯᠡᠨ ᠵᠠᠰᠠᠬᠤ ᠴᠢᠳᠠᠪᠤᠷᠢ ᠪᠠᠨ ᠳᠡᠭᠡᠭᠰᠢᠯᠡᠭᠦᠯᠵᠦ᠂ ᠪᠣᠬᠢᠷᠳᠤᠯ ᠦᠭᠡᠢ ᠦᠷᠭᠦᠯᠵᠢᠯᠡᠬᠦ ᠬᠥᠭᠵᠢᠯᠲᠡ ᠶᠢ ᠪᠡᠶᠡᠯᠡᠭᠦᠯᠬᠦ ᠬᠡᠷᠡᠭᠲᠡᠢ ᠭᠡᠪᠡ᠃

     ᠪᠠᠶᠠᠨᠨᠠᠭᠤᠷ ᠬᠤᠲᠠ ᠶᠢᠨ ᠵᠠᠰᠠᠭ ᠤᠨ ᠣᠷᠳᠣᠨ ᠤ ᠳᠡᠳ᠋ ᠬᠤᠲᠠ ᠶᠢᠨ ᠳᠠᠷᠤᠭ᠎ᠠ ᠵᠤᠤ ᠸᠧᠢ ᠹᠥ᠋ᠩ᠂ ᠤᠷᠠᠳ ᠤᠨ ᠡᠮᠦᠨᠡᠲᠦ ᠬᠤᠰᠢᠭᠤᠨ ᠤ ᠨᠠᠮ ᠵᠠᠰᠠᠭ ᠤᠨ

ᠤᠳᠤᠷᠢᠳᠤᠯᠭ᠎ᠠ  ᠰᠤᠶᠤᠯᠲᠤ᠂ ᠸᠠᠩ ᠵᠢᠶᠦ᠋ᠨ  ᠵᠢᠶᠧ᠂ ᠷᠧᠨ ᠶᠢᠨ ᠮᠢᠩ᠂ ᠬᠤᠤ ᠮᠢᠨ᠂ ᠯᠢᠦ ᠶᠤᠸᠠᠢ ᠮᠢᠩ᠂ ᠼᠤᠤ ᠳ᠋ᠦᠩ ᠵᠢᠴᠢ ᠬᠤᠲᠠ ᠬᠤᠰᠢᠭᠤ ᠬᠤᠶᠠᠷ

ᠱᠠᠲᠤᠨ ᠤ ᠬᠠᠮᠢᠶ᠎ᠠ ᠪᠦᠬᠦᠢ ᠰᠠᠯᠠᠭ᠎ᠠ ᠮᠥᠴᠢᠷ ᠤᠨ ᠬᠠᠷᠢᠭᠤᠴᠠᠯᠭᠠᠲᠠᠨ ᠪᠠᠷ᠎ᠠ ᠪᠣᠯᠵᠤ ᠪᠠᠶᠢᠴᠠᠭᠠᠨ ᠰᠤᠳᠤᠯᠤᠯᠲᠠ ᠬᠢᠵᠡᠢ᠃

ᠢᠷᠡᠯᠲᠡ᠄ ᠤᠷᠠᠳ ᠤᠨ ᠡᠮᠦᠨᠡᠲᠦ ᠬᠤᠰᠢᠭᠤᠨ ᠤ ᠵᠠᠰᠠᠭ ᠤᠨ ᠣᠷᠳᠤᠨ ᠤ ᠮᠣᠩᠭᠤᠯ ᠰᠦᠯᠵᠢᠶ᠎ᠡ