ᠰᠢᠶᠠᠨ ᠹᠧᠩ ᠪᠠᠯᠭᠠᠰᠤ᠄ ᠣᠨᠴᠠᠯᠢᠭᠲᠤ ᠠᠮᠲᠠᠲᠣ ᠬᠡᠮᠬᠡ ᠶᠢ ᠪᠤᠵᠠᠭᠠᠶᠢᠷᠠᠭᠤᠯᠣᠨ ᠬᠦᠭᠵᠢᠬᠦᠯᠵᠤ ᠭᠠᠵᠠᠷ ᠵᠦᠢ ᠶᠢᠨ ᠲᠡᠮᠳᠡᠭᠲᠦ ᠦᠢᠯᠡᠳᠭᠦᠨ ᠪᠤᠯᠭᠠᠪᠠ
ᠨᠡᠶᠢᠲᠡᠯᠡᠭᠰᠡᠨ ᠴᠠᠭ᠄
2022/5/25
     ᠵᠠᠩ ᠹᠧᠶ ᠪᠣᠯ ᠤᠷᠠᠳ ᠤᠨ ᠡᠮᠦᠨᠡᠲᠦ ᠬᠤᠰᠢᠭᠤᠨ ᠤ ᠰᠢᠶᠠᠨ ᠹᠧᠩ ᠪᠠᠯᠭᠠᠰᠤᠨ ᠤ ᠰᠢᠶᠠᠨ ᠹᠧᠩ ᠲᠣᠰᠬᠤᠨ ᠤ ᠹᠦ᠋ ᠵᠢᠶᠠ ᠭᠧ ᠳ᠋ᠦ᠋ ᠳᠤᠭᠤᠶᠢᠯᠠᠩ ᠤᠨ ᠲᠠᠷᠢᠶᠠᠴᠢᠨ ᠪᠣᠯᠤᠨ᠎ᠠ᠂ ᠳᠥᠷᠪᠡᠨ ᠵᠢᠯ ᠳᠠᠷᠠᠭᠠᠯᠠᠨ᠂ ᠲᠡᠷᠡ ᠰᠢᠶᠠᠨ ᠹᠧᠩ ᠪᠠᠯᠭᠠᠰᠤᠨ ᠤ ᠭᠠᠵᠠᠷ ᠵᠦᠶ ᠶᠢᠨ ᠪᠠᠷᠢᠮᠵᠢᠶᠠᠲᠤ ᠪᠦᠲᠦᠭᠡᠭᠳᠡᠬᠦᠨ ᠤ ᠬᠥᠭᠵᠢᠯᠲᠡ ᠶᠢᠨ ᠵᠢᠱᠢᠶ᠎ᠡ ᠦᠵᠡᠭᠦᠯᠬᠦ ᠬᠦᠷᠢᠶᠡᠯᠡᠩ ᠳᠤ ᠴᠠᠭᠠᠨ ᠬᠠᠯᠢᠰᠣᠲᠣ ᠠᠮᠲᠠᠲᠤ ᠬᠡᠮᠬᠡ ᠲᠠᠷᠢᠪᠠ᠃ ᠰᠣᠷᠪᠣᠯᠵᠢᠯᠠᠭᠴᠢ ᠶᠢ ᠣᠶᠢᠷ᠎ᠠ ᠶᠢᠨ ᠡᠳᠦᠷ ᠲᠤ ᠲᠡᠭᠦᠨ ᠤ ᠬᠦᠯᠡᠮᠵᠢ ᠳᠤ ᠬᠦᠷᠬᠦ ᠳᠤ  ᠲᠡᠷᠡ ᠣᠷᠭᠤᠵᠣ ᠭᠠᠷᠴᠣ ᠢᠷᠡᠭᠰᠡᠨ  ᠭᠤᠸᠠ ᠶᠢᠨ ᠰᠣᠯᠠ ᠡᠪᠡᠰᠦ ᠶᠢ ᠠᠷᠢᠯᠭᠠᠨ ᠶᠠᠭᠠᠷᠠᠵᠤ᠂ ᠣᠳᠣ ᠨᠢᠭᠡ ᠭᠠᠷᠠᠭ  ᠪᠠᠶᠢᠪᠠᠯ ᠡᠳᠡᠭᠡᠷ ᠭᠤᠸᠠ ᠵᠠᠬ᠎ᠠ   ᠳᠤ ᠭᠠᠷᠬᠤ ᠪᠣᠯᠣᠨ᠎ᠠ ᠬᠡᠮᠡᠨ ᠶᠠᠷᠢᠵᠤ ᠪᠠᠶᠢᠪᠠ᠃

先锋白梨脆1.jpg

     ᠰᠢᠶᠠᠨ ᠹᠧᠩ ᠲᠣᠰᠬᠤᠨ ᠳᠤ᠂ ᠵᠠᠩ ᠹᠸᠢ ᠮᠡᠲᠣ ᠶᠢᠨ ᠵᠢᠱᠢᠶ᠎ᠠ ᠦᠵᠡᠭᠦᠯᠬᠦ ᠬᠦᠷᠢᠶᠡᠯᠡᠩ ᠳᠤ ᠠᠮᠲᠠᠲᠤ ᠬᠡᠮᠬᠡ ᠲᠠᠷᠢᠬᠰᠠᠨ ᠲᠠᠷᠢᠶᠠᠴᠢᠨ 150 ᠭᠠᠷᠣᠢ

ᠡᠷᠦᠬᠡ ᠪᠠᠶᠢᠨ᠎ᠠ᠃ 2018 ᠣᠨ ᠳᠤ ᠰᠢᠶᠠᠨ ᠹᠧᠩ ᠪᠠᠯᠭᠠᠰᠤ ᠨᠢ ︽ᠨᠠᠷᠠᠲᠤ ᠲᠡᠮᠳᠡᠭᠲᠦ ᠪᠠᠷ ᠲᠣᠰᠬᠤᠨ ᠢᠶᠠᠨ ᠬᠦᠴᠦᠷᠬᠡᠭᠵᠢᠭᠦᠯᠬᠦ︾ ᠪᠠᠶᠢᠯᠳᠤᠬᠤ

ᠪᠣᠳᠣᠯᠭ᠎ᠠ ᠪᠠᠷ᠂ ᠭᠠᠵᠠᠷ ᠵᠦᠶ ᠶᠢᠨ ᠲᠡᠮᠳᠡᠭᠲᠦ ᠦᠢᠯᠡᠳᠭᠦᠨ ᠤ ᠪᠠᠷᠢᠮᠵᠢᠶ᠎ᠠ᠂ ᠪᠠᠶᠢᠴᠠᠭᠠᠨ ᠰᠢᠯᠭᠠᠵᠤ ᠪᠠᠶᠢᠴᠠᠭᠠᠨ ᠬᠡᠮᠵᠢᠬᠦ᠂ ᠶᠠᠰᠤ ᠴᠢᠨᠠᠷ ᠤᠨ ᠬᠠᠮᠢᠶᠠᠷᠤᠯᠲᠠ ᠵᠡᠷᠭᠡ

ᠰᠢᠰᠲ᠋ᠧᠮ ᠤᠨ ᠪᠠᠶᠢᠭᠤᠯᠤᠯᠲᠠ ᠶᠢ ᠴᠢᠩᠭᠠᠳᠬᠠᠵᠤ᠂ ᠭᠠᠵᠠᠷ ᠵᠦᠶ ᠶᠢᠨ ᠲᠡᠮᠳᠡᠭᠲᠦ ᠦᠢᠯᠡᠳᠭᠦᠨ ᠤ ᠵᠠᠬ᠎ᠠ ᠳᠡᠯᠭᠡᠭᠦᠷ ᠤᠨ ᠥᠷᠢᠰᠥᠯᠳᠦᠬᠦ ᠬᠦᠴᠦᠨ ᠪᠠ ᠨᠡᠮᠡᠯᠲᠡ

ᠥᠷᠲᠡᠭ ᠢ ᠨᠡᠮᠡᠭᠳᠡᠭᠦᠯᠪᠡ᠃ ᠳᠡᠭᠡᠳᠦ ᠱᠠᠲᠤᠨ ᠠᠴᠠ ᠲᠥᠷᠥ ᠶᠢᠨ ᠪᠣᠳᠣᠯᠭ᠎ᠠ ᠪᠠᠷ ᠲᠡᠳᠬᠦᠨ ᠳᠡᠮᠵᠢᠬᠦ᠂ ᠲᠠᠷᠢᠶᠠᠴᠢᠨ ᠡᠷᠦᠬᠡ ᠥᠪᠡᠰᠦᠪᠡᠨ ᠪᠠᠯᠠ ᠮᠥᠩᠭᠦ

ᠴᠤᠭᠯᠠᠭᠤᠯᠬᠤ ᠠᠷᠭ᠎ᠠ ᠮᠠᠶ᠋ᠢᠭ ᠢᠶᠠᠷ ᠳᠠᠮᠵᠢᠭᠤᠯᠤᠨ᠂ ᠭᠠᠵᠠᠷ ᠵᠦᠶ ᠶᠢᠨ ᠲᠡᠮᠳᠡᠭᠲᠦ ᠠᠵᠤ ᠦᠢᠯᠡᠰ ᠤᠨ ᠬᠦᠷᠢᠶᠡᠯᠡᠩ ᠳᠤ ᠤᠷᠢᠳ ᠢᠶᠠᠷ 84 ᠬᠦᠯᠡᠮᠵᠢ ᠪᠠᠶᠢᠭᠤᠯᠵᠤ

᠂ ᠾᠧᠢ ᠯᠢᠣ ᠽᠢ ᠶᠢᠨ ᠠᠮᠲᠠᠲᠤ ᠬᠡᠮᠬᠡ ᠶᠢᠨ ᠵᠢᠱᠢᠶ᠎ᠡ ᠦᠵᠡᠭᠦᠯᠬᠦ ᠲᠠᠷᠢᠮᠠᠯ ᠢ ᠡᠬᠢᠯᠡᠭᠦᠯᠪᠡ᠃ 4 ᠵᠢᠯ ᠤᠨ ᠬᠤᠭᠤᠴᠠᠭᠠᠨ ᠳᠤ᠂ ᠲᠣᠰ ᠰᠠᠭᠤᠷᠢᠨ ᠭᠠᠵᠠᠷ ᠨᠢ ︽

ᠨᠠᠮ ᠤᠨ ᠡᠭᠦᠷ + ᠺᠣᠮᠫᠠᠨᠢ + ᠲᠠᠷᠢᠶᠠᠴᠢᠨ ᠡᠷᠦᠬᠡ︾ ᠶᠢᠨ ᠵᠠᠭᠪᠤᠷ ᠪᠠᠷ᠂ ᠴᠠᠭᠠᠨ ᠬᠠᠯᠢᠰᠣᠲᠣ ᠠᠮᠲᠠᠲᠤ ᠬᠡᠮᠬᠡ ᠶᠢᠨ ᠤᠨᠴᠠᠯᠢᠬᠳᠤ ᠲᠠᠷᠢᠮᠠᠯ ᠤᠨ ᠠᠵᠤ

ᠦᠢᠯᠡᠰ ᠢ ᠲᠠᠰᠤᠷᠠᠯᠲᠠ ᠥᠬᠡᠶ ᠬᠥᠭᠵᠢᠭᠦᠯᠦᠨ ᠪᠣᠵᠠᠭᠠᠶᠢᠷᠠᠭᠤᠯᠣᠭᠰᠠᠨ ᠢᠶᠠᠷ ᠤᠳᠤ ᠨᠢᠭᠡᠨᠲᠡ 2000 ᠭᠠᠷᠤᠢ ᠮᠦ ᠲᠠᠯᠠᠪᠠᠢ ᠲᠠᠢ᠂ 4000 ᠭᠠᠷᠤᠢ ᠮᠦ

ᠲᠠᠯᠠᠪᠠᠢ ᠲᠠᠢ ᠤᠯᠤᠰ ᠤᠨ ᠪᠠᠷᠢᠮᠵᠢᠶᠠᠲᠤ ᠪᠦᠲᠦᠭᠡᠭᠳᠡᠬᠦᠨ ᠤ ᠠᠮᠲᠠᠲᠤ ᠬᠡᠮᠬᠡ ᠶᠢᠨ ᠵᠢᠱᠢᠶ᠎ᠡ ᠦᠵᠡᠭᠦᠯᠬᠦ ᠰᠠᠭᠤᠷᠢᠨ ᠢ ᠪᠠᠶᠢᠭᠤᠯᠵᠤ᠂ ᠬᠡᠪᠴᠢᠶᠡᠵᠢᠭᠰᠡᠨ᠂

ᠡᠷᠴᠢᠮᠵᠢᠭᠰᠡᠨ᠂ ᠪᠠᠷᠢᠮᠵᠢᠶᠠᠵᠢᠭᠰᠠᠨ ᠦᠢᠯᠡᠳᠪᠦᠷᠢᠯᠡᠯ ᠤᠨ ᠰᠢᠨ᠎ᠡ ᠵᠠᠮ ᠢᠶᠠᠷ ᠵᠠᠮᠨᠠᠪᠠ᠃

     ᠰᠠᠭᠤᠷᠢᠨ ᠭᠠᠵᠠᠷ ᠨᠢ ᠪᠠᠰᠠ ︽ᠲᠩᠷᠢ ᠶᠢᠨ ᠬᠡᠰᠢᠭᠲᠦ ᠪᠣᠷᠣᠲᠣᠬᠤᠶ︾ ᠶᠢᠨ ᠪᠠᠷᠢᠮᠵᠢᠶ᠎ᠠ ᠶᠢ ᠴᠢᠩᠭ᠎ᠠ ᠵᠢᠷᠤᠮᠯᠠᠨ ᠬᠠᠮᠢᠶᠠᠷᠤᠯᠲᠠ ᠬᠢᠵᠦ᠂ ᠲᠠᠷᠢᠶᠠᠴᠢᠨ

ᠠᠶᠢᠯ ᠤᠨ ᠪᠣᠷᠲᠣᠭᠤᠷ ᠤᠨ ᠪᠣᠬᠢᠷᠲᠤᠯ ᠥᠬᠡᠶ ᠪᠠᠷ ᠰᠡᠷᠭᠡᠶᠢᠯᠡᠨ ᠡᠵᠡᠮᠳᠡᠬᠦ ᠪᠠ ᠪᠣᠬᠢᠷᠲᠤᠯ ᠥᠬᠡᠶ ᠪᠠᠷ ᠳᠠᠷᠢᠬᠤ ᠮᠡᠷᠭᠡᠵᠢᠯ᠂ ᠤᠷᠭᠤᠮᠠᠯ ᠳᠤ ᠲᠣᠬᠢᠷᠠᠭᠤᠯᠤᠯᠲᠠ ᠬᠢᠬᠦ

ᠮᠡᠷᠭᠡᠵᠢᠯ ᠢ ᠣᠷᠣᠭᠤᠯᠤᠨ ᠠᠪᠴᠢᠷᠠᠵᠤ᠂  ᠨᠢᠭᠡᠳᠦᠭᠡᠷ ᠡᠭᠡᠯᠵᠢᠨ ᠤ ᠬᠡᠮᠬᠡ ᠶᠢ 7 —15 ᠡᠳᠦᠷ ᠤᠷᠢᠳᠴᠢᠯᠠᠨ ᠵᠠᠬ᠎ᠠ ᠳᠡᠯᠭᠡᠭᠦᠷ ᠲᠤ ᠭᠠᠷᠭᠠᠬᠤ ᠶᠢ ᠪᠡᠶᠡᠯᠡᠭᠦᠯᠵᠦ᠂

ᠵᠠᠬ᠎ᠠ ᠳᠡᠯᠭᠡᠭᠦᠷ ᠪᠠ  ᠦᠨ᠎ᠡ ᠬᠠᠩᠰᠢ ᠶᠢᠨ ᠰᠢᠵᠢᠷ ᠠᠯᠲᠠᠨ ᠴᠠᠭ ᠢ ᠵᠠᠪᠳᠤᠨ᠂ ᠠᠮᠲᠠᠲᠣ ᠬᠡᠮᠬᠡ ᠶᠢᠨ ᠶᠠᠰᠤ ᠴᠢᠨᠠᠷ ᠢ ᠪᠠᠲᠤᠯᠠᠵᠤ᠂ ᠨᠢᠭᠡ ᠵᠢᠯ ᠳᠤ ᠬᠤᠶᠠᠷ

ᠤᠳᠠᠭ᠎ᠠ ᠳᠠᠷᠢᠬᠤ ᠶᠢ ᠪᠡᠶᠡᠯᠡᠭᠦᠯᠪᠡ᠃ ᠨᠢᠭᠡᠳᠦᠭᠡᠷ ᠡᠭᠡᠯᠵᠢᠨ ᠳᠤ ᠴᠠᠭᠠᠨ ᠬᠠᠯᠢᠰᠣᠲᠣ ᠠᠮᠲᠠᠲᠣ ᠬᠡᠮᠬᠡ ᠲᠠᠷᠢᠵᠤ ᠬᠤᠶᠠᠳᠣᠭᠠᠷ ᠡᠭᠡᠯᠵᠢᠨ ᠳᠤ᠂ ᠪᠤᠷᠴᠠᠭ᠂ ᠯᠠᠵᠤᠤ᠂

ᠲᠥᠪᠡᠳ ᠬᠠᠰᠢ ᠵᠡᠷᠭᠡ ᠢᠳᠡᠰᠢᠨ ᠨᠣᠭᠤᠭ᠎ᠠ ᠲᠠᠷᠢᠭᠰᠠᠨ ᠠᠴᠠ ᠴᠠᠭᠠᠨ ᠬᠠᠯᠢᠰᠣᠲᠣ ᠠᠮᠲᠠᠲᠣ ᠬᠡᠮᠬᠡ ᠶᠢᠨ ᠮᠥ ᠪᠦᠷᠢ ᠶᠢᠨ ᠤᠨᠠᠯᠲᠠ ᠨᠢ 3200 ᠵᠢᠩ ᠲᠤ

ᠬᠦᠷᠴᠣ᠂ ᠮᠥ ᠪᠦᠷᠢ ᠶᠢᠨ ᠴᠡᠪᠡᠷ ᠣᠷᠣᠯᠭ᠎ᠠ ᠨᠢ 7000 ᠲᠥᠭᠦᠷᠢᠭ ᠲᠤ ᠬᠦᠷᠣᠨ᠂ ᠬᠤᠶᠠᠷ ᠤᠳᠠᠭᠠᠨ ᠤ ᠴᠡᠪᠡᠷ ᠣᠷᠣᠯᠭ᠎ᠠ ᠨᠢ ᠮᠥ ᠪᠦᠷᠢ ᠳᠤ 1.5 ᠲᠦᠮᠡᠨ

ᠲᠥᠭᠦᠷᠢᠭ ᠲᠤ  ᠬᠦᠷᠦᠭᠰᠡᠨ ᠪᠠᠶᠢᠨ᠎ᠠ᠃ ᠰᠢᠶᠠᠨ ᠹᠧᠩ ᠪᠠᠯᠭᠠᠰᠤᠨ ᠤ ᠳᠡᠳ᠋ ᠳᠠᠷᠤᠭ᠎ᠠ ᠪᠠᠢ ᠶᠦᠩ ᠰᠤᠷᠪᠤᠯᠵᠢᠯᠠᠭᠴᠢ ᠳᠤ ᠬᠡᠯᠡᠬᠦ ᠳᠡᠭᠡᠨ᠂ ᠬᠤᠶᠢᠰᠢᠳᠠ ᠰᠢᠶᠠᠨ

ᠹᠧᠩ ᠪᠠᠯᠭᠠᠰᠤᠨ ᠤ ᠡᠷᠦᠬᠡ ᠪᠦᠷᠢ ᠳᠤ ᠨᠢᠭᠡ ᠮᠦ ᠠᠮᠲᠠᠲᠤ ᠬᠡᠮᠬᠡ ᠶᠢᠨ ᠬᠦᠯᠡᠮᠵᠢ ᠲᠠᠢ ᠪᠣᠯᠭᠠᠵᠤ᠂ ᠮᠦ ᠪᠦᠷᠢ ᠶᠢᠨ ᠣᠷᠣᠯᠭ᠎ᠠ ᠶᠢ 15000 ᠲᠥᠭᠦᠷᠢᠭ

ᠨᠡᠮᠡᠭᠳᠡᠭᠦᠯᠵᠦ᠂ ᠬᠦᠯᠡᠮᠵᠢ ᠶᠢ ᠦᠨᠡᠨ ᠬᠦ ᠲᠠᠷᠢᠶᠠᠴᠢᠳ ᠤᠨ ᠪᠠᠶᠠᠵᠢᠯ ᠤᠨ ︽ᠡᠷᠳᠡᠨᠢ ᠶᠢᠨ ᠬᠦᠯᠡᠮᠵᠢ︾ ᠪᠣᠯᠭᠠᠵᠤ᠂ ᠬᠥᠳᠡᠭᠡ ᠲᠣᠰᠬᠤᠨ ᠢ ᠬᠥᠭᠵᠢᠭᠦᠯᠦᠨ

ᠮᠠᠨᠳᠤᠭᠤᠯᠬᠤ ᠶᠢ ᠠᠬᠢᠭᠤᠯᠤᠨ᠎ᠠ ᠬᠡᠪᠡ᠃

先锋白梨脆2.jpg

     ᠾᠧᠢ ᠯᠢᠣ ᠽᠢ ᠶᠢᠨ ᠴᠠᠭᠠᠨ ᠬᠠᠯᠢᠰᠣᠲᠣ ᠠᠮᠲᠠᠲᠣ ᠬᠡᠮᠬᠡ ᠶᠢᠨ ᠵᠢᠱᠢᠶ᠎ᠡ ᠦᠵᠡᠭᠦᠯᠬᠦ ᠰᠠᠭᠤᠷᠢᠨ ᠪᠣᠯ ᠰᠢᠶᠠᠨ ᠹᠧᠩ ᠪᠠᠯᠭᠠᠰᠤ ᠶᠢᠨ ᠭᠠᠵᠠᠷ ᠵᠦᠶ ᠶᠢᠨ

ᠪᠠᠷᠢᠮᠵᠢᠶᠠᠲᠤ ᠪᠦᠲᠦᠭᠡᠭᠳᠡᠬᠦᠨ ᠤ ᠬᠥᠭᠵᠢᠯᠲᠡ ᠶᠢᠨ ᠵᠢᠱᠢᠶ᠎ᠡ ᠦᠵᠡᠭᠦᠯᠬᠦ ᠬᠦᠷᠢᠶᠡᠯᠡᠩ ᠤᠨ ᠴᠢᠬᠤᠯᠠ ᠪᠦᠷᠢᠯᠳᠦᠬᠦᠨ ᠬᠡᠰᠡᠭ ᠪᠣᠯᠤᠨ᠎ᠠ᠂ ᠲᠣᠰ ᠬᠦᠷᠢᠶᠡᠯᠡᠩ ᠤᠨ

ᠶᠡᠷᠦᠩᠬᠡᠶ ᠪᠠᠯᠠ ᠣᠷᠣᠭᠤᠯᠤᠯᠲᠠ ᠨᠢ 8000 ᠭᠠᠷᠤᠶ ᠲᠦᠮᠡᠨ ᠲᠥᠭᠦᠷᠢᠭ ᠪᠠᠶᠢᠵᠤ᠂ ᠲᠥᠯᠥᠪᠵᠢᠭᠦᠯᠦᠭᠰᠡᠨ ᠲᠠᠯᠠᠪᠠᠶ ᠨᠢ 5000 ᠮᠥ ᠳᠤ ᠬᠦᠷᠴᠦ᠂ ᠪᠠᠰᠠ

ᠪᠣᠬᠢᠷᠲᠤᠯ ᠥᠬᠡᠶ ᠣᠷᠭᠠᠨᠢᠭ ᠴᠢᠨ᠋ᠸ᠎ᠠ ᠶᠢᠨ ᠬᠠᠷᠮᠠᠭ ᠤᠨ ᠦᠢᠯᠡᠳᠪᠦᠷᠢᠯᠡᠯ ᠤᠨ ᠵᠢᠱᠢᠶ᠎ᠡ ᠦᠵᠡᠭᠦᠯᠬᠦ ᠰᠠᠭᠤᠷᠢᠨ ᠪᠠ ᠲᠠᠷᠢᠶᠠᠯᠠᠩ ᠤᠨ ᠠᠷᠠᠯᠵᠢᠶᠠᠨ ᠤ ᠵᠠᠬ᠎ᠠ

ᠳᠡᠯᠭᠡᠭᠦᠷ ᠢ ᠪᠠᠭᠲᠠᠭᠠᠨ᠎ᠠ᠃ ᠡᠨᠡ ᠪᠣᠯ ᠰᠢᠶᠠᠨ ᠹᠧᠩ ᠪᠠᠯᠭᠠᠰᠤᠨ ᠤ ᠨᠠᠮ ᠤᠨ ᠪᠠᠶᠢᠭᠤᠯᠤᠯᠲᠠ ᠪᠠᠷ ᠠᠵᠤ ᠦᠢᠯᠡᠰ ᠤᠨ ᠬᠥᠭᠵᠢᠯᠲᠡ ᠶᠢ ᠬᠥᠲᠥᠯᠥᠨ ᠳᠠᠭᠠᠭᠤᠯᠬᠤ᠂

ᠠᠵᠤ ᠦᠢᠯᠡᠰ ᠤᠨ ᠬᠦᠭᠵᠢᠯᠲᠡ ᠪᠠᠷ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠶᠢ ᠠᠬᠢᠭᠤᠯᠬᠤ ᠴᠢᠬᠤᠯᠠ ᠠᠷᠭ᠎ᠠ ᠬᠡᠮᠵᠢᠶ᠎ᠡ ᠮᠥᠨ᠂ ᠪᠠᠰᠠ ᠴᠣ᠋

ᠲᠤᠬᠠᠶ ᠶᠢᠨ ᠭᠠᠵᠠᠷ ᠤᠨ ᠭᠠᠵᠠᠷ ᠣᠷᠣᠨ ᠤ ᠲᠡᠮᠳᠡᠭᠲᠦ ᠠᠵᠤ  ᠦᠢᠯᠡᠰ ‍ᠤᠨ‌‍ᠬᠥ᠋ᠭᠵᠢᠯᠲᠡ ᠶᠢᠨ ︽ᠠᠯᠲᠠᠨ ᠫᠠᠶᠢᠰᠠ︾ ᠪᠣᠯᠣᠨ᠎ᠠ᠃

ᠢᠷᠡᠯᠲᠡ᠄ ᠤᠷᠠᠳ ᠤᠨ ᠡᠮᠦᠨᠡᠲᠦ ᠬᠤᠰᠢᠭᠤᠨ ᠤ ᠵᠠᠰᠠᠭ ᠤᠨ ᠣᠷᠳᠤᠨ ᠤ ᠮᠣᠩᠭᠤᠯ ᠰᠦᠯᠵᠢᠶ᠎ᠡ